| | | ᠵᠣᠴᠢᠨ᠄ ᠠᠷᠤ ᠬᠤᠷᠴᠢᠨ ᠬᠤᠰᠢᠭᠤᠨ ᠤ ᠡᠷᠡᠬᠦᠯ ᠬᠠᠮᠠᠭᠠᠯᠠᠯ ᠡᠷᠡᠬᠦᠯ ᠮᠡᠨᠳᠦ ᠶᠢᠨ ᠵᠦᠪᠯᠡᠯ ᠤᠨ | ᠡᠷᠬᠢᠯᠡᠭᠴᠢ ᠸᠠᠩ ᠱᠧᠩ | ᠰᠤᠷᠪᠤᠯᠵᠢᠯᠠᠭᠴᠢ᠄ ᠸᠠᠩ ᠨᠠᠠ | | ᠸᠠᠩ ᠨᠠᠠ᠄ ᠭᠡᠨᠡᠳᠳ᠋᠊ᠡ ᠪᠠᠷ ᠢᠷᠡᠭᠰᠡᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠬᠡᠷᠬᠢᠨ ᠳᠠᠷᠤᠬᠤ | ᠲᠤᠬᠠᠢ ᠬᠠᠷᠢᠭᠤᠴᠠᠯᠭᠠᠲᠤ ᠰᠠᠯ᠊ᠠᠭᠠ ᠮᠦᠴᠢᠷ ᠪᠤᠯᠤᠭᠰᠠᠨ ᠤ ᠬᠤᠪᠢ ᠳᠤ ᠶᠠᠮᠠᠷ ᠠᠷᠭ᠎ᠠ ᠬᠡᠮᠵᠢᠶ᠎ᠡ ᠨᠦᠭᠦᠳ ᠢ | ᠠᠪᠤᠭᠰᠠᠨ ᠪᠣᠢ︖ | ᠸᠠᠩ ᠱᠧᠩ᠄ ᠯᠠ ᠰᠠᠷ᠎ᠠ ᠶᠢᠨ ᠬᠤᠷᠢᠨ ᠵᠢᠷᠭᠤᠭᠠᠨ ᠳᠤ᠂ ᠦᠪᠡᠷᠲᠡᠭᠡᠨ ᠵᠠᠰᠠᠬᠤ ᠣᠷᠣᠨ᠂ ᠬᠤᠲᠠ ᠶᠢᠨ | ᠵᠠᠰᠠᠭ ᠤᠨ ᠣᠷᠳᠣᠨ᠂ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠦᠪᠯᠡᠯ ᠤᠨ ᠠᠵᠢᠯ ᠤᠨ ᠵᠣᠷᠢᠭ | ᠰᠠᠨᠠᠭ᠎ᠠ ᠪᠠᠷ ᠪᠦᠬᠦ ᠬᠤᠰᠢᠭᠤᠨ ᠤ ᠡᠯ᠎ᠡ ᠱᠠᠲᠤ ᠡᠯ᠎ᠡ ᠲᠥᠷᠥᠯ ᠤᠨ ᠡᠮᠴᠢᠯᠡᠭᠡᠨ ᠤ ᠪᠠᠶᠢᠭᠤᠯᠤᠮᠵᠢ ᠶᠢᠨ ᠡᠮᠨᠡᠯᠭᠡ ᠶᠢᠨ | ᠰᠠᠯᠠᠭ᠎ᠠ᠂ ᠠᠮᠢᠰᠬᠤᠯ ᠤᠨ ᠰᠠᠯᠠᠭ᠎ᠠ᠂ ᠬᠦᠨᠳᠦ ᠡᠪᠡᠳᠴᠢᠲᠡᠨ ᠤ ᠡᠮᠴᠢᠯᠡᠭᠡᠨ ᠤ ᠰᠠᠯᠠᠭ᠎ᠠ᠂ ᠬᠠᠯᠳᠠᠪᠤᠷᠢᠲᠦ | ᠡᠪᠡᠳᠴᠢᠨ ᠢ ᠬᠢᠵᠠᠭᠠᠷᠯᠠᠬᠤ ᠰᠠᠯᠠᠭ᠎ᠠ ᠬᠢᠭᠡᠳ ᠬᠠᠮᠢᠶ᠎ᠠ ᠪᠦᠬᠦᠢ ᠠᠵᠢᠯᠲᠠᠨ 200 ᠭᠠᠷᠤᠢ ᠬᠦᠮᠦᠨ ᠢ | ᠲᠦᠪᠯᠡᠷᠡᠭᠦᠯᠦᠨ ᠪᠣᠯᠪᠠᠰᠤᠷᠠᠭᠤᠯᠪᠠ᠃ ᠲᠤᠬᠠᠶᠢᠯᠠᠭᠰᠠᠨ ᠠᠵᠢᠯ ᠤᠨ 179 ᠭᠤᠤᠯᠯᠠᠭᠴᠢ ᠬᠦᠴᠦᠨ ᠢ ᠲᠠᠲᠠᠨ | ᠠᠪᠴᠤ᠂ 7 ᠡᠮᠴᠢᠯᠡᠭᠡᠨ ᠤ ᠳᠤᠭᠤᠶᠢᠯᠠᠩ ᠬᠤᠪᠢᠶᠠᠵᠤ᠂ ᠰᠡᠷᠭᠡᠶᠢᠯᠡᠨ ᠬᠢᠵᠠᠭᠠᠷᠯᠠᠬᠤ ᠲᠥᠪ ᠤᠨ 22 ᠭᠤᠤᠯᠯᠠᠭᠴᠢ | ᠬᠦᠴᠦᠨ ᠢ 11 ᠰᠢᠯᠵᠢᠯᠲᠡ ᠶᠢᠨ ᠳᠤᠭᠤᠶᠢᠯᠠᠩ ᠪᠣᠯᠭᠠᠵᠤ᠂ ᠲᠥᠷᠭᠡᠨ ᠠᠪᠤᠷᠠᠯᠲᠠ ᠶᠢᠨ 8 ᠮᠠᠰᠢᠨ ᠲᠡᠷᠭᠡ ᠪᠠᠴᠢᠮ | ᠠᠪᠤᠷᠠᠯᠲᠠ ᠶᠢᠨ ᠲᠥᠪ ᠲᠤ 24 ᠴᠠᠭ ᠢᠶᠠᠷ ᠵᠠᠷᠯᠢᠭ ᠬᠦᠯᠢᠶᠡᠪᠡ᠃ | ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠬᠦ ᠲᠥᠰᠦᠯ ᠢ ᠲᠤᠭᠲᠠᠭᠠᠵᠣ᠂ ᠣᠳᠣᠷᠢᠳᠬᠤ | ᠳᠤᠭᠤᠶᠢᠯᠠᠩ᠂ ᠲᠤᠰᠬᠠᠢ ᠮᠡᠷᠭᠡᠵᠢᠯᠲᠡᠨ ᠤ ᠳᠣᠭᠤᠶᠢᠯᠠᠩ᠂ ᠡᠮᠴᠢᠯᠡᠭᠡᠨ ᠤ ᠠᠪᠤᠷᠠᠯᠲᠠ ᠳᠤ ᠵᠢᠭᠠᠨ ᠵᠢᠯᠤᠭᠤᠳᠬᠤ | ᠲᠤᠰᠬᠠᠢ ᠮᠡᠷᠭᠡᠵᠢᠯᠲᠡᠨ ᠤ ᠳᠤᠭᠤᠶᠢᠯᠠᠩ ᠢ ᠪᠠᠶᠢᠭᠤᠯᠪᠠ᠃ ᠬᠤᠰᠢᠭᠤᠨ ᠡᠮᠨᠡᠯᠭᠡ ᠶᠢᠨ ᠬᠤᠷᠢᠶ᠎ᠠ ᠶᠢ ᠲᠤᠰᠬᠠᠢ | ᠡᠮᠴᠢᠯᠡᠨ ᠵᠠᠰᠠᠬᠤ ᠴᠡᠭ ᠪᠤᠯᠭᠠᠵᠤ᠂ ᠲᠤᠰᠠᠭᠠᠷᠯᠠᠨ ᠵᠠᠰᠠᠬᠤ 9 ᠦᠷᠦᠭᠡ 27 ᠣᠷᠣ ᠲᠤᠬᠢᠷᠠᠭᠤᠯᠪᠠ᠃ ᠼᠤᠤ ᠳ᠋ᠦ᠋ | ᠵᠣᠴᠢᠳ ᠤᠨ ᠪᠠᠭᠤᠳᠠᠯ ᠢ ᠲᠤᠰᠠᠭᠠᠷᠯᠠᠨ ᠠᠵᠢᠭᠯᠠᠬᠤ ᠲᠠᠯᠠᠪᠤᠷ ᠪᠣᠯᠭᠠᠵᠤ᠂ ᠴᠠᠩ ᠴᠧᠩ ᠵᠣᠴᠢᠳ ᠤᠨ ᠪᠠᠭᠤᠳᠠᠯ ᠢ | ᠨᠦᠭᠡᠴᠡ ᠬᠡᠷᠡᠭᠯᠡᠭᠡᠨ ᠤ ᠪᠠᠭᠤᠳᠠᠯ ᠢᠶᠠᠷ ᠲᠤᠬᠢᠷᠠᠭᠤᠯᠪᠠ᠃ ᠦᠪᠡᠷᠲᠡᠭᠡᠨ ᠵᠠᠰᠠᠬᠤ ᠤᠷᠤᠨ ᠠᠴᠠ ᠣᠯᠠᠨ ᠨᠡᠶᠢᠲᠡ ᠶᠢᠨ | ᠡᠷᠡᠭᠦᠯ ᠬᠠᠮᠠᠭᠠᠯᠠᠯ ᠤᠨ ᠭᠡᠨᠡᠳᠲᠡ ᠶᠢᠨ ᠬᠡᠷᠡᠭ ᠤᠴᠢᠷ ᠢ ᠡᠵᠡᠮᠳᠡᠬᠦ ᠨᠢᠭᠡᠳᠦᠭᠡᠷ ᠳᠡᠰ ᠤᠨ ᠰᠡᠷᠡᠮᠵᠢ ᠶᠢᠨ ᠳᠣᠬᠢᠶ᠎ᠠ | ᠨᠡᠶᠢᠲᠡᠯᠡᠭᠰᠡᠨ ᠳᠤ ᠮᠠᠨ ᠤ ᠬᠤᠰᠢᠭᠤ ᠴᠣ᠋ ᠵᠡᠷᠭᠡᠪᠡᠷ ᠬᠡᠷᠡᠭᠵᠢᠭᠦᠯᠵᠦ᠂ ︽ᠳᠠᠶᠢᠨ ᠤ ᠪᠡᠯᠡᠳᠬᠡᠯ︾ ᠤᠨ ᠪᠠᠶᠢᠳᠠᠯ ᠳᠤ | ᠣᠷᠣᠵᠣ᠂ ᠪᠦᠬᠦ ᠬᠤᠰᠢᠭᠤᠨ ᠤ ᠭᠠᠴᠠᠭ᠎ᠠ ᠲᠤᠰᠬᠤᠨ᠂ ᠨᠡᠶᠢᠭᠡᠮ ᠲᠤᠭᠤᠷᠢᠭ ᠤᠨ ᠬᠤᠪᠸᠢ ︵ᠦᠬᠠᠨ︶ ᠠᠴᠠ | ᠪᠤᠴᠠᠨ ᠢᠷᠡᠭᠰᠡᠨ ᠬᠦᠮᠦᠰ᠂ ᠵᠠᠮ ᠦᠩᠭᠡᠷᠡᠬᠦ ᠬᠦᠮᠦᠰ ᠢ ᠦᠯᠡᠳᠡᠭᠡᠯ ᠦᠭᠡᠢ ᠪᠠᠶᠢᠴᠠᠭᠠᠪᠠ᠃ | ᠸᠠᠩ ᠨᠠᠠ᠄ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠬᠢᠵᠠᠭᠠᠷᠯᠠᠬᠤ ᠬᠤᠭᠤᠴᠠᠭᠠᠨ ᠳᠤ | ᠮᠠᠨ ᠤ ᠬᠤᠰᠢᠭᠤ ᠨᠢ ᠬᠤᠪᠸᠢ ︵ᠦᠬᠠᠨ︶ ᠠᠴᠠ ᠪᠤᠴᠠᠨ ᠢᠷᠡᠭᠰᠡᠨ᠂ ᠵᠠᠮ ᠦᠩᠭᠡᠷᠡᠬᠦ ᠬᠦᠮᠦᠰ ᠢ ᠬᠡᠷᠬᠢᠨ | ᠵᠢᠭᠰᠠᠭᠠᠨ ᠪᠠᠶᠢᠴᠠᠭᠠᠵᠤ ᠠᠵᠢᠭᠯᠠᠨ ᠬᠠᠮᠢᠶᠠᠷᠤᠭᠰᠠᠨ ᠪᠤᠢ︖ | ᠸᠠᠩ ᠱᠧᠩ᠄ ᠬᠠᠯᠳᠠᠪᠤᠷᠢᠯᠠᠬᠤ ᠢᠷᠡᠯᠲᠡ ᠶᠢ ᠲᠠᠰᠤᠯᠬᠤ ᠶᠢᠨ ᠲᠦᠯᠦᠭᠡ᠂ ︽ᠭᠤᠷᠪᠠᠨ ᠪᠦᠬᠦ︾᠂ ︽ | ᠭᠤᠷᠪᠠᠨ ᠴᠦᠮ︾ ᠵᠠᠷᠴᠢᠮ ᠢ ᠬᠡᠷᠡᠭᠵᠢᠭᠦᠯᠵᠦ᠂ ᠬᠤᠰᠢᠭᠤᠨ ᠭᠠᠳᠠᠨ᠎ᠠ ᠠᠴᠠ ᠢᠷᠡᠭᠰᠡᠨ ᠪᠦᠬᠦ ᠬᠦᠮᠦᠰ ᠤᠨ ᠰᠤᠷᠠᠭ | ᠵᠠᠩᠭᠢ ᠶᠢ ᠪᠦᠷᠢᠳᠬᠡᠬᠦ᠂ ᠂ ᠠᠷᠤ ᠬᠤᠷᠴᠢᠨ ᠳᠤ ᠣᠷᠣᠵᠣ ᠢᠷᠡᠭᠰᠡᠨ ᠪᠦᠬᠦ ᠬᠦᠮᠦᠰ ᠤᠨ ᠪᠡᠶ᠎ᠡ ᠶᠢᠨ ᠬᠠᠯᠠᠭᠤᠨ ᠢ | ᠬᠡᠮᠵᠢᠬᠦ᠂ ᠪᠦᠬᠦᠨ ᠢ ᠮᠦᠷᠳᠡᠨ ᠬᠠᠮᠢᠶᠠᠷᠴᠦ ᠦᠢᠯᠡᠴᠢᠯᠡᠭᠡ ᠬᠠᠩᠭᠠᠬᠤ ᠪᠠ ᠭᠤᠤᠯᠳᠠᠯᠭᠠᠲᠤ ᠣᠷᠣᠨ ᠠᠴᠠ | ᠢᠷᠡᠭᠰᠡᠨ ᠬᠦᠮᠦᠰ ᠲᠤ ᠴᠦᠮ ᠠᠨᠠᠭᠠᠬᠤ ᠤᠬᠠᠭᠠᠨ ᠤ ᠠᠵᠢᠭᠯᠠᠯᠲᠠ ᠬᠢᠬᠦ᠂ ᠠᠷᠤ ᠬᠤᠷᠴᠢᠨ ᠬᠤᠰᠢᠭᠤᠨ ᠳᠤ | ᠤᠷᠤᠵᠤ ᠢᠷᠡᠭᠰᠡᠳ ᠲᠤ ᠴᠦᠮ ᠪᠡᠶ᠎ᠡ ᠶᠢᠨ ᠬᠠᠯᠠᠭᠤᠨ ᠤ ᠬᠡᠮᠵᠢᠯᠳᠡ ᠬᠢᠬᠦ᠂ ᠪᠣᠰᠣᠳ ᠭᠠᠵᠠᠷ ᠠᠴᠠ ᠢᠷᠡᠭᠰᠡᠨ | ᠬᠦᠮᠦᠰ ᠢ ᠴᠦᠮ ᠰᠠᠭᠤᠭ᠎ᠠ ᠰᠣᠮᠣ ᠰᠢᠶᠠᠩ ᠪᠠᠯᠭᠠᠰᠤ᠂ ᠵᠡᠭᠡᠯᠢ ᠭᠤᠳᠤᠮᠵᠢ ᠠᠴᠠ ᠬᠢᠨᠠᠮᠠᠭᠠᠢ ᠪᠦᠷᠢᠳᠬᠡᠬᠦ ᠶᠢ | ᠪᠤᠳᠠᠶᠢᠵᠢᠭᠤᠯᠵᠤ ᠪᠤᠢ᠃ | ᠬᠤᠪᠸᠢ ︵ᠦᠬᠠᠨ︶ ᠠᠴᠠ ᠨᠤᠲᠤᠭ ᠲᠠᠭᠠᠨ ᠪᠤᠴᠠᠭᠰᠠᠨ ᠪᠣᠶᠣ ᠵᠠᠮ ᠦᠩᠭᠡᠷᠡᠬᠦ ᠬᠦᠮᠦᠰ ᠤᠨ | ᠵᠢᠭᠰᠠᠭᠠᠭᠳᠠᠭᠰᠠᠨ ᠬᠦᠮᠦᠰ ᠤᠨ ᠬᠠᠷᠢᠶ᠎ᠠ ᠲᠤᠭᠤᠷᠢᠭ ᠤᠨ ᠡᠷᠡᠭᠦᠯ ᠬᠠᠮᠠᠭᠠᠯᠠᠯ ᠤᠨ ᠬᠤᠷᠢᠶ᠎ᠠ᠂ ᠨᠡᠶᠢᠭᠡᠮ | ᠲᠤᠭᠤᠷᠢᠭ ᠤᠨ ᠡᠷᠡᠭᠦᠯ ᠬᠠᠮᠠᠭᠠᠯᠠᠯ ᠤᠨ ᠬᠤᠷᠢᠶ᠎ᠠ᠂ ᠨᠡᠶᠢᠭᠡᠮ ᠲᠤᠭᠤᠷᠢᠭ ᠤᠨ ᠡᠷᠡᠭᠦᠯ ᠬᠠᠮᠠᠭᠠᠯᠠᠯ ᠤᠨ | ᠦᠢᠯᠡᠴᠢᠯᠡᠭᠡᠨ ᠤ ᠲᠥᠪ᠂ ᠭᠠᠴᠠᠭ᠎ᠠ ᠲᠤᠰᠬᠤᠨ ᠤ ᠡᠷᠡᠭᠦᠯ ᠬᠠᠮᠠᠭᠠᠯᠠᠯ ᠤᠨ ᠲᠠᠰᠤᠭ ᠤᠨ ᠠᠵᠢᠯᠲᠠᠨ ᠠᠴᠠ ᠮᠦᠷᠳᠡᠨ | ᠬᠠᠮᠢᠶᠠᠷᠴᠤ᠂ ᠭᠡᠷ ᠲᠡᠭᠡᠨ ᠰᠠᠭᠤᠵᠤ ᠲᠤᠰᠠᠭᠠᠷᠯᠠᠨ 14 ᠡᠳᠦᠷ ᠤᠨ ᠠᠵᠢᠭᠯᠠᠯᠲᠠ ᠬᠢᠵᠦ᠂ ᠡᠳᠦᠷ ᠪᠦᠷᠢ 2 | ᠤᠳᠠᠭ᠎ᠠ ᠪᠡᠶ᠎ᠡ ᠶᠢᠨ ᠬᠠᠯᠠᠭᠤᠨ ᠢ ᠬᠡᠮᠵᠢᠵᠦ᠂ ᠦᠨᠳᠦᠰᠦᠨ ᠱᠠᠲᠤᠨ ᠤ ᠡᠮᠨᠡᠯᠭᠡ ᠶᠢᠨ ᠬᠤᠷᠢᠶ᠎ᠠ᠂ ᠨᠡᠶᠢᠭᠡᠮ | ᠲᠤᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ᠂ ᠭᠠᠴᠠᠭ᠎ᠠ ᠲᠤᠰᠬᠤᠨ ᠤ ᠡᠷᠡᠭᠦᠯ ᠬᠠᠮᠠᠭᠠᠯᠠᠯ ᠤᠨ | ᠲᠠᠰᠤᠭ ᠲᠤ ᠰᠢᠭᠰᠢᠨ ᠪᠠᠶᠢᠴᠠᠭᠠᠬᠤ ᠶᠢ ᠴᠢᠩᠭᠠᠳᠬᠠᠵᠤ᠂ ᠬᠠᠯᠠᠭᠤᠷᠠᠬᠤ᠂ ᠬᠠᠨᠢᠶᠠᠯᠭᠠᠬᠤ ᠢᠯᠡᠷᠡᠯ ᠭᠠᠷᠪᠠᠯ ᠳᠠᠷᠤᠢ | ᠳᠤᠨᠢ 120 ᠪᠠᠴᠢᠮ ᠠᠪᠤᠷᠠᠯᠲᠠ ᠶᠢᠨ ᠲᠡᠷᠭᠡ ᠪᠠᠷ ᠲᠤᠭᠲᠠᠭᠰᠠᠨ ᠡᠮᠨᠡᠯᠭᠡ ᠶᠢᠨ ᠬᠤᠷᠢᠶ᠎ᠠ ᠳᠤ ᠬᠦᠷᠭᠡᠨ ᠴᠠᠭ ᠲᠤᠬᠠᠢ | ᠳᠤᠨᠢ ᠣᠨᠣᠰᠢᠯᠠᠵᠤ᠂ ᠡᠪᠡᠳᠴᠢᠲᠡᠨ ᠲᠠᠢ ᠨᠢᠭᠲᠠ ᠣᠶᠢᠷᠠᠲᠤᠭᠰᠠᠨ ᠬᠦᠮᠦᠰ ᠢ ᠬᠠᠯᠳᠠᠪᠤᠷᠢᠲᠤ ᠡᠪᠡᠳᠴᠢᠨ ᠤ | ᠠᠨᠠᠭᠠᠬᠤ ᠤᠬᠠᠭᠠᠨ ᠤ ᠪᠠᠶᠢᠴᠠᠭᠠᠯᠲᠠ ᠬᠢᠬᠦ ᠶᠢ ᠴᠢᠩᠭᠠᠳᠬᠠᠪᠠ᠃ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠦᠪᠯᠡᠯ | ᠨᠢ ᠰᠣᠮᠣ ᠰᠢᠶᠠᠩ ᠪᠠᠯᠭᠠᠰᠤ ᠶᠢᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠠᠢ | ᠬᠠᠮᠵᠢᠯᠴᠠᠨ ᠡᠷᠦᠬᠡ ᠳᠠᠷᠠᠭᠠᠯᠠᠨ ᠨᠠᠷᠢᠯᠢᠭ ᠪᠠᠶᠢᠴᠠᠭᠠᠵᠤ᠂ ᠬᠤᠪᠸᠢ ︵ᠦᠬᠠᠨ︶ ᠠ ᠪᠤᠴᠠᠨ ᠢᠷᠡᠭᠰᠡᠨ ᠬᠦᠮᠦᠰ ᠢ | ᠭᠤᠤᠯᠳᠠᠯᠭ᠎ᠠ ᠲᠠᠢ ᠪᠠᠶᠢᠴᠠᠭᠠᠵᠤ᠂ ᠨᠢᠭᠲᠠ ᠣᠶᠢᠷᠠᠲᠤᠭᠰᠠᠨ ᠬᠦᠮᠦᠰ ᠢ ᠨᠢᠭᠡᠳ ᠨᠢᠭᠡ ᠪᠠᠷ ᠳᠠᠩᠰᠠ ᠺᠠᠷᠲ | ᠪᠠᠶᠢᠭᠤᠯᠵᠤ᠂ ︽ᠨᠢᠭᠡ ᠡᠷᠦᠬᠡ ᠶᠢ ᠭᠡᠭᠡᠭᠳᠡᠭᠦᠯᠬᠦ ᠦᠭᠡᠢ᠂ ᠨᠢᠭᠡ ᠬᠦᠮᠦᠨ ᠢ ᠣᠷᠬᠢᠭᠳᠠᠭᠤᠯᠬᠤ ᠦᠭᠡᠢ︾ ᠪᠠᠶᠢᠵᠤ᠂ | ︽ᠨᠢᠭᠡ ᠬᠦᠮᠦᠨ ᠨᠢᠭᠡ ᠡᠪᠬᠡᠮᠡᠯ︾ ᠢᠶᠠᠷ ᠬᠠᠮᠢᠶᠠᠷᠴᠤ᠂ ᠪᠦᠬᠦ ᠬᠤᠰᠢᠭᠤᠨ ᠤ ᠬᠢᠵᠢᠭ ᠤᠨ ᠪᠠᠶᠢᠳᠠᠯ ᠢ ︽ | ᠣᠷᠬᠢᠭᠳᠠᠭᠤᠯᠬᠤ ᠦᠭᠡᠢ ᠮᠡᠳᠡᠭᠦᠯᠬᠦ︾᠂ ︽ᠡᠳᠦᠷ ᠪᠦᠷᠢ ᠮᠡᠳᠡᠭᠦᠯᠬᠦ︾ ᠶᠢ ᠬᠡᠷᠡᠭᠵᠢᠭᠦᠯᠪᠡ᠃ ᠬᠤᠰᠢᠭᠤᠨ | ᠨᠠᠮ ᠤᠨ ᠬᠤᠷᠢᠶ᠎ᠠ ᠶᠢᠨ ᠢᠦᠢ ᠱᠦᠵᠢ ᠶᠢᠨ ᠵᠢᠭᠠᠪᠤᠷᠢ ᠶᠢᠨ ᠵᠣᠷᠢᠭ ᠰᠠᠨᠠᠭ᠎ᠠ ᠪᠠᠷ ᠡᠯ᠎ᠡ ᠱᠠᠲᠣᠨ ᠤ ᠡᠮᠴᠢᠯᠡᠭᠡᠨ ᠤ | ᠪᠠᠶᠢᠭᠤᠯᠤᠮᠵᠢ ᠶᠢᠨ ᠡᠮᠴᠢ ᠠᠵᠢᠯᠲᠠᠨ ᠤ ᠬᠢᠵᠢᠭ ᠢ ᠤᠷᠢᠳᠴᠢᠯᠠᠨ ᠪᠠᠶᠢᠴᠠᠭᠠᠬᠤ᠂ ᠬᠡᠰᠡᠭᠯᠡᠨ ᠪᠠᠶᠢᠴᠠᠭᠠᠬᠤ᠂ | ᠣᠨᠣᠰᠢᠯᠠᠯᠲᠠ ᠶᠢᠨ ᠶᠠᠪᠤᠴᠠ ᠳᠠᠬᠢ ᠬᠤᠪᠢ ᠬᠦᠮᠦᠨ ᠤ ᠡᠷᠡᠭᠦᠯ ᠮᠡᠨᠳᠦ ᠰᠡᠷᠭᠡᠶᠢᠯᠡᠨ ᠬᠠᠮᠠᠭᠠᠯᠠᠬᠤ ᠠᠵᠢᠯ ᠢ | ᠴᠢᠩᠭᠠᠳᠬᠠᠪᠠ᠃ ᠠᠷᠤ ᠲᠠᠯ᠎ᠠ ᠶᠢᠨ ᠪᠠᠲᠤᠯᠠᠭ᠎ᠠ ᠶᠢ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠬᠤ ᠡᠳ᠋ ᠪᠤᠳᠠᠰ ᠢ | ᠨᠦᠭᠡᠴᠡᠯᠡᠬᠦ ᠶᠢ ᠵᠣᠬᠢᠴᠠᠭᠤᠯᠵᠣ᠂ ᠬᠢᠵᠢᠭ ᠤᠨ ᠪᠠᠶᠢᠳᠠᠯ ᠡᠷᠡᠭᠦᠯ ᠬᠠᠮᠠᠭᠠᠯᠠᠯ ᠤᠨ ᠠᠵᠢᠯ ᠢ ᠴᠢᠩᠭᠠᠳᠬᠠᠵᠤ᠂ | ᠬᠢᠯᠪᠠᠷᠬᠠᠨ ᠬᠠᠯᠳᠠᠪᠤᠷᠢᠯᠠᠭᠰᠠᠨ ᠬᠦᠮᠦᠰ ᠢ ᠬᠠᠮᠠᠭᠠᠯᠠᠬᠤ᠂ ᠰᠡᠷᠭᠡᠶᠢᠯᠡᠨ ᠬᠢᠵᠠᠭᠠᠷᠯᠠᠬᠤ ᠮᠡᠳᠡᠯᠭᠡ ᠶᠢᠨ ᠪᠣᠯᠪᠠᠰᠣᠷᠠᠯ ᠤᠨ | ᠠᠵᠢᠯ ᠢ ᠡᠷᠴᠢᠮᠵᠢᠭᠦᠯᠵᠦ᠂ ᠡᠯ᠎ᠡ ᠵᠦᠢᠯ ᠤᠨ ᠰᠡᠷᠭᠡᠶᠢᠯᠡᠨ ᠬᠢᠵᠠᠭᠠᠷᠯᠠᠬᠤ ᠠᠵᠢᠯ ᠢ ᠵᠣᠬᠢᠴᠠᠭᠤᠯᠤᠨ ᠱᠠᠭᠠᠷᠳᠠᠨ | ᠪᠠᠶᠢᠴᠠᠭᠠᠬᠤ ᠠᠷᠭ᠎ᠠ ᠬᠡᠮᠵᠢᠶ᠎ᠡ ᠶᠢ ᠪᠦᠲᠦᠮᠵᠢᠲᠡᠢ ᠨᠠᠶᠢᠳᠠᠪᠤᠷᠢᠵᠢᠭᠤᠯᠪᠠ᠃ | ᠸᠠᠩ ᠨᠠᠠ᠄ ᠰᠢᠨ᠎ᠡ ᠲᠢᠲᠢᠮᠯᠢᠭ ᠠᠭᠤᠰᠬᠢᠨ ᠦᠷᠪᠢᠰᠦᠯ ᠲᠠᠢ ᠡᠪᠡᠳᠴᠢᠲᠡᠨ ᠯᠦᠭᠡ ᠣᠶᠢᠷᠠᠲᠤᠭᠰᠠᠨ | ᠬᠦᠮᠦᠰ ᠲᠤ ᠶᠠᠮᠠᠷ ᠠᠷᠭ᠎ᠠ ᠬᠡᠮᠵᠢᠶ᠎ᠡ ᠠᠪᠬᠤ ᠪᠣᠢ︖ | ᠸᠠᠩ ᠱᠧᠩ᠄ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠦᠪᠯᠡᠯ ᠨᠢ 12 ᠡᠮᠴᠢ ᠶᠢ ᠵᠣᠬᠢᠶᠠᠨ | ᠪᠠᠶᠢᠭᠤᠯᠤᠨ᠂ ᠲᠤᠰᠠᠭᠠᠷᠯᠠᠨ ᠠᠨᠠᠭᠠᠬᠤ ᠤᠬᠠᠭᠠᠨ ᠤ ᠠᠵᠢᠭᠯᠠᠯᠲᠠ ᠬᠢᠬᠦ ᠠᠵᠢᠯᠯᠠᠭ᠎ᠠ ᠶᠢ ᠦᠷᠨᠢᠭᠦᠯᠪᠡ᠃ ᠼᠤᠤ ᠳ᠋ᠦ᠋ | ᠵᠣᠴᠢᠳ ᠤᠨ ᠪᠠᠭᠤᠳᠠᠯ ᠢ ᠲᠤᠰᠠᠭᠠᠷᠯᠠᠨ ᠠᠨᠠᠭᠠᠬᠤ ᠤᠬᠠᠭᠠᠨ ᠤ ᠠᠵᠢᠭᠯᠠᠯᠲᠠ ᠬᠢᠬᠦ ᠭᠠᠵᠠᠷ ᠪᠣᠯᠭᠠᠵᠤ᠂ 44 | ᠲᠠᠰᠤᠯᠭ᠎ᠠ ᠭᠠᠭᠴᠠ ᠬᠦᠮᠦᠨ ᠤ ᠦᠷᠦᠭᠡ ᠲᠠᠢ᠂ ᠶᠡᠷᠦᠩᠬᠡᠢ ᠲᠠᠯᠠᠪᠠᠢ ᠨᠢ 3000 ᠬᠠᠪᠲᠠᠭᠠᠢ ᠳᠦᠷᠪᠡᠯᠵᠢᠨ᠂ 44 | ᠬᠦᠮᠦᠨ ᠢ ᠲᠤᠰᠠᠭᠠᠷᠯᠠᠨ ᠠᠵᠢᠭᠯᠠᠵᠤ᠂ 230 ᠬᠦᠮᠦᠨ ᠬᠤᠭᠤᠯᠠ ᠢᠳᠡᠵᠦ ᠪᠣᠯᠤᠨ᠎ᠠ᠃ ᠣᠳᠣ 21 ᠲᠠᠰᠤᠯᠭ᠎ᠠ ᠶᠢ | ᠨᠢ ᠠᠰᠢᠭᠯᠠᠵᠤ ᠪᠣᠢ᠃ ᠴᠠᠩ ᠴᠧᠩ ᠵᠣᠴᠢᠳ ᠤᠨ ᠪᠠᠭᠤᠳᠠᠯ ᠢ ᠨᠦᠭᠡᠴᠡ ᠲᠠᠯᠠᠪᠤᠷ ᠪᠣᠯᠭᠠᠵᠤ᠂ 98 ᠲᠠᠰᠤᠯᠭ᠎ᠠ | ᠲᠠᠢ᠂ 4000 ᠬᠠᠪᠲᠠᠭᠠᠢ ᠲᠦᠷᠪᠡᠯᠵᠢᠨ ᠮᠧᠲᠷ ᠲᠠᠯᠠᠪᠠᠢ ᠲᠠᠢ᠂ 300 ᠣᠷᠴᠢᠮ ᠬᠦᠮᠦᠨ ᠢ ᠬᠦᠯᠢᠶᠡᠨ ᠠᠪᠴᠤ | ᠬᠤᠭᠤᠯᠠ ᠢᠳᠡᠬᠦ ᠴᠢᠳᠠᠮᠵᠢ ᠲᠠᠢ᠃ ᠼᠣᠣ ᠳ᠋ᠦ᠋ ᠲᠤᠰᠠᠭᠠᠷᠯᠠᠨ ᠠᠨᠠᠭᠠᠬᠤ ᠤᠬᠠᠭᠠᠨ ᠤ ᠠᠵᠢᠭᠯᠠᠯᠲᠠ ᠬᠢᠬᠦ ᠭᠠᠵᠠᠷ | ᠨᠢ 2 ᠰᠠᠷ᠎ᠠ ᠶᠢᠨ ᠨᠢᠭᠡᠨ ᠠᠴᠠ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠡᠪᠡᠳᠴᠢᠲᠡᠨ ᠲᠠᠢ ᠨᠢᠭᠲᠠ | ᠣᠶᠢᠷᠠᠲᠤᠭᠰᠠᠨ 4 ᠬᠦᠮᠦᠨ ᠢ ᠬᠦᠯᠢᠶᠡᠨ ᠠᠪᠴᠤ᠂ 2 ᠰᠠᠷ᠎ᠠ ᠶᠢᠨ 2 ᠤ ᠡᠳᠦᠷ 1 ᠬᠦᠮᠦᠨ ᠢ ᠬᠦᠯᠢᠶᠡᠨ ᠠᠪᠴᠠᠢ᠃ | 2 ᠰᠠᠷ᠎ᠠ ᠶᠢᠨ 3 ᠳᠤ 4 ᠬᠦᠮᠦᠨ ᠢ 14 ᠡᠳᠦᠷ ᠲᠤᠰᠠᠭᠠᠷᠯᠠᠨ ᠠᠵᠢᠭᠯᠠᠯᠲᠠ ᠬᠢᠪᠡ᠃ ᠡᠨᠡ ᠬᠤᠭᠤᠴᠠᠭᠠᠨ ᠳᠤ | ᠲᠤᠰᠬᠠᠢ ᠮᠡᠷᠭᠡᠵᠢᠯᠲᠡᠨ ᠨᠠᠷ ᠲᠤᠬᠠᠢ ᠶᠢᠨ ᠲᠠᠯᠠᠪᠤᠷ ᠲᠤᠨᠢ ᠬᠢᠨᠠᠨ ᠪᠠᠶᠢᠴᠠᠭᠠᠵᠤ᠂ ᠣᠨᠤᠰᠢᠯᠠᠯᠲᠠ ᠬᠢᠵᠦ᠂ | ᠲᠤᠰᠠᠭᠠᠷᠯᠠᠨ ᠠᠨᠠᠭᠠᠬᠤ ᠤᠬᠠᠭᠠᠨ ᠤ ᠠᠵᠢᠭᠯᠠᠯᠲᠠ ᠬᠢᠬᠦ ᠬᠤᠭᠤᠴᠠᠭ᠎ᠠ ᠳᠠᠭᠤᠰᠤᠭᠰᠠᠨ ᠤ ᠳᠠᠷᠠᠭ᠎ᠠ ᠲᠤᠰᠬᠠᠢ ᠮᠠᠰᠢᠨ | ᠲᠡᠷᠭᠡ ᠪᠠᠷ ᠠᠷᠤ ᠭᠡᠷ ᠲᠤᠨᠢ ᠬᠦᠷᠭᠡᠪᠡ᠃ | ᠣᠳᠣᠬᠠᠨ ᠪᠤᠯᠲᠠᠯ᠎ᠠ ᠡᠮᠴᠢᠯᠡᠭᠡᠨ ᠤ ᠲᠤᠰᠬᠠᠢ ᠮᠡᠷᠭᠡᠵᠢᠯᠲᠡᠨ ᠢ ᠵᠤᠬᠢᠶᠠᠨ ᠪᠠᠶᠢᠭᠤᠯᠤᠨ ᠬᠤᠰᠢᠭᠤ | ᠱᠠᠲᠤᠨ ᠤ ᠣᠨᠤᠰᠢᠯᠠᠯᠲᠠ ᠶᠢᠨ ᠬᠤᠷᠠᠯ ᠢ 5 ᠤᠳᠠᠭ᠎ᠠ ᠡᠷᠬᠢᠯᠡᠵᠦ᠂ 11 ᠬᠦᠮᠦᠨ ᠢ ᠰᠡᠵᠢᠭᠯᠡᠯ ᠠᠴᠠ ᠲᠠᠶᠢᠯᠵᠤ᠂ | ᠡᠮᠨᠡᠯᠭᠡ ᠶᠢᠨ ᠬᠤᠷᠢᠶ᠎ᠠ ᠶᠢᠨ ᠬᠤᠷᠠᠯ ᠢ 14 ᠤᠳᠠᠭ᠎ᠠ ᠡᠷᠬᠢᠯᠡᠵᠦ᠂ 14 ᠬᠦᠮᠦᠨ ᠢ ᠰᠡᠵᠢᠭᠯᠡᠯ ᠠᠴᠠ ᠲᠠᠶᠢᠯᠵᠤ᠂ | 59 ᠬᠦᠮᠦᠨ ᠳᠤ ᠡᠪᠡᠳᠴᠢᠨ ᠤ ᠠᠨᠠᠭᠠᠬᠤ ᠤᠬᠠᠭᠠᠨ ᠤ ᠪᠠᠶᠢᠴᠠᠭᠠᠯᠲᠠ ᠬᠢᠭᠰᠡᠨ ᠪᠠᠶᠢᠨ᠎ᠠ᠃ | ᠸᠠᠩ ᠨᠠᠠ᠄ ᠰᠤᠷᠪᠤᠯᠵᠢᠯᠠᠭ᠎ᠠ ᠬᠦᠯᠢᠶᠡᠭᠰᠡᠨ ᠲᠠᠨ ᠳᠤ ᠪᠠᠶᠠᠷᠯᠠᠯ᠎ᠠ᠃ | | |