ᠠᠷᠤ ᠬᠤᠷᠴᠢᠨ ᠬᠤᠰᠢᠭᠤᠨ ᠤ 2019 ᠣᠨ ᠤ 1 — 12 ᠳ᠋ᠤᠭᠠᠷ ᠰᠠᠷ᠎ᠠ ᠶᠢᠨ ᠡᠳ᠋ ᠤᠨ ᠵᠠᠰᠠᠭ ᠤᠨ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠵᠠᠷᠤᠯᠭ᠎ᠠ ᠶᠢ ᠭᠦᠢᠴᠡᠳᠬᠡᠭᠰᠡᠨ ᠪᠠᠶᠢᠳᠠᠯ
ᠨᠡᠶᠢᠲᠡᠯᠡᠭᠰᠡᠨ ᠴᠠᠭ᠄
2020/3/20
     ᠨᠢᠭᠡ᠂ ᠪᠦᠬᠦ ᠬᠤᠰᠢᠭᠤᠨ ᠤ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ ᠪᠡᠶᠡᠯᠡᠭᠦᠯᠦᠭᠰᠡᠨ ᠪᠠᠶᠢᠳᠠᠯ      1— 12 ᠳ᠋ᠤᠭᠠᠷ ᠰᠠᠷ᠎ᠠ ᠳᠤ ᠪᠦᠬᠦ ᠬᠤᠰᠢᠭᠤᠨ ᠤ ᠡᠩ ᠤᠨ ᠣᠯᠠᠨ ᠨᠡᠢᠲᠡ ᠶᠢᠨ ᠲᠥᠰᠦᠪ ᠤᠨ ᠣᠷᠣᠯᠭ᠎ᠠ 4080 ᠲᠦᠮᠡᠨ ᠲᠦᠭᠦᠷᠢᠭ ᠪᠠᠶᠢᠵᠤ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 6421 ᠲᠦᠮᠡᠨ ᠲᠥᠭᠦᠷᠢᠭ ᠬᠠᠰᠤᠭᠳᠠᠵᠤ᠂ 13.81% ᠪᠠᠷ ᠪᠠᠭᠤᠷᠠᠪᠠ᠃ ᠡᠭᠦᠨ ᠳᠤ ᠭᠠᠶᠢᠯᠢ ᠲᠠᠲᠠᠪᠤᠷᠢ ᠶᠢᠨ ᠣᠷᠣᠯᠭ᠎ᠠ 28334 ᠲᠦᠮᠡᠨ ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 10 ᠲᠦᠮᠡᠨ ᠲᠥᠭᠦᠷᠢᠭ ᠬᠠᠰᠤᠭᠳᠠᠵᠤ᠂ 0.04% ᠪᠠᠭᠤᠷᠠᠵᠤ᠂ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢᠨ 70.69% ᠶᠢ ᠡᠵᠡᠯᠡᠪᠡ︔ ᠭᠠᠶᠢᠯᠢ ᠶᠢᠨ ᠪᠤᠰᠤ ᠣᠷᠣᠯᠭ᠎ᠠ 11746 ᠲᠦᠮᠡᠨ ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 6411 ᠲᠦᠮᠡᠨ ᠲᠥᠭᠦᠷᠢᠭ ᠬᠠᠰᠤᠭᠳᠠᠵᠤ᠂ 35.31% ᠪᠠᠷ ᠪᠠᠭᠤᠷᠠᠵᠤ᠂ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢᠨ 29.31% ᠶᠢ ᠡᠵᠡᠯᠡᠪᠡ᠃      ᠬᠤᠶᠠᠷ᠂ ᠪᠦᠬᠦ ᠬᠤᠰᠢᠭᠤᠨ ᠤ ᠡᠩ ᠤᠨ ᠣᠯᠠᠨ ᠨᠡᠶᠢᠲᠡ ᠶᠢᠨ ᠲᠥᠰᠦᠪ ᠤᠨ ᠵᠠᠷᠤᠯᠭ᠎ᠠ ᠶᠢ ᠪᠡᠶᠡᠯᠡᠭᠦᠯᠦᠭᠰᠡᠨ ᠪᠠᠶᠢᠳᠠᠯ      1 — 12 ᠳ᠋ᠤᠭᠠᠷ ᠰᠠᠷ᠎ᠠ ᠪᠣᠯᠲᠠᠯ᠎ᠠ ᠪᠦᠬᠦ ᠬᠤᠰᠢᠭᠤᠨ ᠤ ᠡᠩ ᠤᠨ ᠣᠯᠠᠨ ᠨᠡᠶᠢᠲᠡ ᠶᠢᠨ ᠲᠥᠰᠦᠪ ᠤᠨ ᠵᠠᠷᠤᠯᠭ᠎ᠠ 363 090 ᠲᠦᠮᠡᠨ ᠲᠥᠭᠦᠷᠢᠭ ᠲᠤ ᠬᠦᠷᠴᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 12862 ᠲᠦᠮᠡᠨ ᠲᠥᠭᠦᠷᠢᠭ ᠨᠡᠮᠡᠭᠳᠡᠵᠦ᠂ 4% ᠪᠠᠷ ᠨᠡᠮᠡᠭᠳᠡᠵᠡᠢ᠃ ᠪᠦᠬᠦ ᠬᠤᠰᠢᠭᠤᠨ ᠤ ᠠᠷᠠᠳ ᠤᠨ ᠠᠮᠢᠳᠤᠷᠠᠯ ᠤᠨ ᠵᠠᠷᠤᠯᠭ᠎ᠠ 288512 ᠲᠦᠮᠡᠨ ᠲᠥᠭᠦᠷᠢᠭ ᠬᠦᠷᠴᠦ᠂ ᠡᠩ ᠤᠨ ᠣᠯᠠᠨ ᠨᠡᠶᠢᠲᠡ ᠶᠢᠨ ᠲᠥᠰᠦᠪ ᠤᠨ ᠵᠠᠷᠤᠯᠭ᠎ᠠ ᠶᠢᠨ 79.46% ᠶᠢ ᠡᠵᠡᠯᠡᠪᠡ᠃
 
ᠢᠷᠡᠯᠲᠡ᠄ ᠠᠷᠣ ᠬᠤᠷᠴᠢᠨ ᠬᠤᠰᠢᠭᠤᠨ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号