ᠲᠠᠯ᠎ᠠ ᠶᠢᠨ ᠬᠤᠸᠠ ᠭᠠᠴᠠᠭ᠎ᠠ ᠭᠡᠭᠰᠡᠭᠡᠷ ᠠᠷᠦ ᠬᠤᠷᠴᠢᠨ ᠨᠤᠳᠤᠭ ᠤᠨ ᠬᠦᠮᠦᠰ ᠴᠦᠮ ᠵᠠᠮ ᠬᠤᠯᠠ᠂ | ᠪᠤᠶᠢᠳᠠ ᠪᠦᠭᠯᠡᠭᠦᠦ ᠂ ᠡᠪᠦᠯ ᠳᠡᠭᠡᠨ ᠬᠠᠬᠢᠷ ᠬᠦᠢᠳᠡᠨ᠂ ᠮᠠᠯᠴᠢᠳ ᠤᠨ ᠦᠢᠯᠡᠳᠪᠦᠷᠢᠯᠡᠯ ᠠᠮᠢᠳᠤᠷᠠᠯ ᠤᠨ ᠨᠦᠬᠦᠴᠡᠯ | ᠪᠠᠷᠤᠭᠳᠠᠢ᠂ ᠮᠦᠨᠴᠦ ᠬᠤᠰᠢᠭᠤᠨ ᠠᠷᠦ ᠵᠠᠬ᠎ᠠ ᠶᠢᠨ ᠬᠢᠯᠢ ᠬᠢᠵᠠᠭᠠᠷ ᠲᠤ ᠪᠠᠶᠢᠭ᠎ᠠ ᠭᠠᠵᠠᠷ ᠪᠤᠯᠬᠤ ᠶᠢ ᠲᠤᠳᠤᠬᠠᠨ | ᠮᠡᠳᠡᠬᠦ ᠶᠤᠮ᠃ 2015 ᠤᠨ ᠠᠴᠠ ᠨᠠᠰᠢ ᠵᠤᠬᠢᠶᠠᠨ ᠪᠠᠶᠢᠭᠤᠯᠤᠯᠳᠠ ᠠᠴᠠ ᠲᠤᠰ ᠭᠠᠴᠠᠭᠠᠨ ᠳᠤ ᠬᠡᠳᠦ ᠤᠳᠠᠭ᠎ᠠ | ᠨᠢᠭᠡᠳᠦᠭᠡᠷ ᠱᠦᠵᠢ ᠲᠤᠮᠢᠯᠠᠭᠰᠠᠨ ᠪᠤᠯᠪᠠᠴᠤ ᠪᠡᠶ᠎ᠡ ᠮᠠᠬᠠᠪᠤᠳ ᠤᠨ ᠰᠢᠯᠳᠠᠭᠠᠨ ᠵᠡᠷᠭᠡ ᠪᠤᠰᠤᠳᠴᠢ ᠤᠯᠠᠨ ᠰᠢᠯᠳᠠᠭᠠᠨ | ᠠᠴᠠ ᠪᠤᠯᠵᠤ ᠪᠦᠷ ᠦᠷᠬᠦᠯᠵᠢ ᠶᠢᠨ ᠴᠢᠨᠠᠷᠳᠠᠢ ᠠᠵᠢᠯᠯᠠᠵᠦ ᠲᠡᠶᠢᠯᠦᠭᠰᠡᠨ ᠦᠬᠡᠢ ᠃ 2018 ᠤᠨ ᠤ 5 | ᠰᠠᠷ᠎ᠠ ᠳᠤ ᠬᠤᠰᠢᠭᠤᠨ ᠤ ᠵᠤᠬᠢᠶᠠᠨ ᠪᠠᠶᠢᠭᠤᠯᠬᠤ ᠬᠡᠯᠳᠡᠰ ᠠᠴᠠ ᠲᠠᠬᠢᠨ ᠨᠢᠬᠡ ᠤᠳᠠᠭ᠎ᠠ ᠲᠤᠬᠢᠷᠠᠭᠤᠯᠤᠯᠳᠠ ᠬᠢᠬᠦ | ᠦᠶ᠎ᠡ ᠳᠤ ᠵᠠᠯᠠᠭᠤ ᠪᠠᠭᠰᠢ ᠪᠦᠷᠢᠨᠳᠦᠬᠦᠷᠡᠩ ᠦᠪᠡᠷ ᠤᠨ ᠰᠠᠶᠢᠨ ᠲᠤᠷ᠎ᠠ ᠠᠴᠠ ᠪᠠᠨ ᠡᠷᠡᠮᠡᠯᠵᠡᠵᠦ᠂ ᠬᠤᠰᠢᠭᠤᠨ ᠤ | ᠠᠷᠦ ᠬᠢᠯᠢ ᠪᠣᠶᠢᠳᠡ ᠪᠦᠭᠯᠡᠬᠦᠦ ᠭᠠᠵᠠᠷ ᠤᠷᠤᠨ ᠳᠤ ᠣᠴᠢᠵᠦ ᠠᠵᠢᠯᠯᠠᠬᠤ ᠪᠠᠷ ᠵᠤᠷᠢᠭ ᠰᠢᠭᠤᠳᠴᠤ ᠪᠢᠯᠡ ᠃ | ᠬᠠᠮᠳᠤ ᠠᠵᠢᠯᠯᠠᠭᠴᠢ ᠨᠠᠶᠢᠵᠠ ᠨᠦᠬᠦᠳ ᠨᠢ ᠲᠡᠬᠦᠨ ᠳᠤ《 ᠲᠡᠷᠡ ᠬᠤᠯᠠ ᠨᠦᠬᠦᠴᠡᠯ ᠪᠠᠷᠤᠭᠳᠠᠢ ᠭᠠᠵᠠᠷ ᠤᠴᠢᠵᠤ | ᠬᠠᠯᠠ ᠠᠮᠰᠠᠬᠤ ᠶᠢ ᠪᠠᠶᠢᠴᠢᠬ᠎ᠠ》 ᠬᠡᠵᠦ ᠴᠦ ᠢᠳᠬᠠᠵᠤ ᠦᠩᠭᠡᠷᠡᠭᠰᠡᠨ ᠶᠤᠮ᠃ ᠭᠡᠪᠡᠴᠤ ᠲᠡᠷᠡ ᠪᠡᠷᠬᠡ ᠠᠴᠠ | ᠲᠦᠪᠡᠭᠰᠢᠶᠡᠵᠦ ᠬᠤᠶᠢᠰᠢ ᠤᠬᠤᠷᠢᠭᠰᠠᠨ ᠦᠬᠡᠢ᠂ ᠤᠷᠳᠤ ᠬᠡᠬᠦ ᠳᠤ ᠤᠷᠳᠤ ᠪᠢᠰᠢ ᠤᠬᠤᠷ ᠬᠡᠬᠦ ᠳᠤ ᠤᠬᠤᠷ ᠪᠢᠰᠢ | ᠡᠨᠡᠬᠦ 23 ᠰᠠᠷ᠎ᠠ ᠶᠢ ᠬᠠᠷᠢᠨ ᠦᠪᠡᠷ ᠤᠨ ᠪᠤᠳᠠᠳᠤ ᠦᠢᠯᠡ ᠠᠵᠢᠯᠯᠠᠭ᠎ᠠ ᠪᠠᠷ ᠢᠶᠠᠨ ᠶᠡᠳᠠᠭᠤ ᠶᠢ ᠲᠡᠳᠭᠦᠬᠦ ᠡᠨᠡᠬᠦ | ᠬᠠᠭᠤᠳᠠᠰᠤᠨ᠎ᠠ ᠲᠡᠮᠳᠡᠭᠯᠡᠵᠦ ᠢᠷᠡᠭᠰᠡᠨ ᠪᠢᠯᠡ᠃ | | | | ᠪᠦᠷᠢᠨᠳᠦᠭᠦᠷᠡᠩ᠂ ᠡᠷᠡᠭᠳᠠᠢ᠂ ᠮᠤᠩᠭᠤᠯ ᠦᠨᠳᠦᠰᠦᠳᠡᠨ᠂ ᠲᠤᠮᠳᠠᠳᠦ ᠤᠯᠤᠰ ᠤᠨ ᠡᠪ ᠬᠠᠮᠳᠦ ᠨᠠᠮ ᠤᠨ | ᠬᠡᠰᠢᠭᠦᠨ᠂ 2001 ᠤᠨ ᠤ ᠲᠤᠯᠤᠳᠤᠭᠠᠷ ᠰᠠᠷ᠎ᠠ ᠳᠤ ᠯᠢᠨᠳᠦ᠋ᠩ ᠤᠨ ᠪᠠᠭᠰᠢ ᠶᠢᠨ ᠰᠤᠷᠭᠠᠭᠤᠯᠢ ᠠᠴᠠ ᠲᠡᠭᠦᠰᠴᠦ | 2008 ᠤᠨ ᠤ ᠶᠢᠰᠦᠳᠦᠭᠡᠷ ᠰᠠᠷ᠎ᠠ ᠳᠤ ᠬᠤᠰᠢᠭᠤᠨ ᠰᠤᠷᠭᠠᠨ ᠬᠦᠮᠦᠵᠢᠯ ᠤᠨ ᠲᠤᠪᠴᠢᠶ᠎ᠠ ᠶᠢᠨ ᠲᠤᠬᠢᠷᠠᠭᠤᠯᠤᠯᠭ᠎ᠠ | ᠪᠠᠷ ᠴᠢᠪᠠᠭ᠎ᠠ ᠶᠢᠨ ᠮᠤᠩᠭᠤᠯ ᠦᠨᠳᠦᠰᠦᠳᠠᠨ ᠤ ᠲᠤᠮᠳᠠᠳᠤ ᠰᠤᠷᠭᠠᠭᠤᠯᠢ ᠳᠤ ᠪᠠᠭᠰᠢ ᠶᠢᠨ ᠠᠵᠢᠯ ᠤᠨ ᠭᠠᠷᠤᠭ᠎ᠠ | ᠪᠠᠨ ᠠᠪᠴᠤ ᠪᠢᠯᠡ᠃ | | | | | | | | | | ᠪᠠᠶ᠋ᠬᠠᠦ᠋ᠨᠳᠦᠷ ᠰᠤᠮᠤᠨ ᠤ ᠲᠠᠯ᠎ᠠ ᠶᠢᠨ ᠬᠤᠸᠠ ᠭᠠᠴᠠᠭᠠᠨ ᠤ ᠨᠢᠭᠡᠳᠦᠭᠡᠷ ᠱᠦᠵᠢ ᠶᠢᠨ ᠠᠵᠢᠯ ᠢ | ᠡᠭᠦᠷᠭᠡᠯᠡᠵᠤ ᠡᠬᠢᠯᠡᠭᠰᠡᠨ ᠠᠴᠠ ᠨᠠᠰᠢ ᠪᠡᠶ᠎ᠡ ᠪᠠᠨ ᠴᠢᠩᠭ᠎ᠠ ᠱᠠᠭᠠᠷᠳᠠᠨ ᠭᠠᠴᠠᠭᠠᠨ ᠤ ᠬᠤᠶᠠᠷ ᠪᠠᠭ ᠤᠨ ᠨᠦᠭᠦᠳ ᠲᠠᠢ | ᠪᠠᠨ ᠨᠢᠭᠳᠠ ᠪᠦᠯᠬᠦᠮᠳᠡᠨ ᠤᠶᠠᠯᠳᠤᠵᠤ᠂ ᠤᠬᠤᠷᠬᠠᠨ ᠬᠤᠭᠤᠴᠠᠭᠠᠨ ᠳᠤ ᠠᠳᠡᠬᠢ ᠵᠠᠮ ᠮᠦᠷ᠂ ᠪᠠᠶᠢᠭᠠᠯᠢ ᠤᠷᠴᠢᠨ᠂ | ᠮᠠᠯᠴᠢᠳ ᠤᠨ ᠠᠮᠢᠳᠤᠷᠠᠯ ᠦᠢᠯᠡᠳᠪᠦᠷᠢᠯᠡᠯ ᠢ ᠦᠢᠯᠠᠭᠠᠨ ᠰᠣᠷᠪᠣᠯᠵᠢᠯᠠᠬᠤ ᠶᠢᠨ ᠲᠠᠭᠠᠤ ᠳᠤ ᠲᠠᠷᠤᠶᠢᠬᠠᠨ ᠠᠵᠢᠯ | ᠢᠶᠠᠨ ᠭᠠᠷᠳᠠᠵᠦ᠂ ᠰᠢᠮᠳᠠᠨ ᠠᠵᠢᠯᠯᠠᠵᠤ ᠡᠬᠢᠯᠡᠭᠰᠡᠨ ᠪᠢᠯᠡ᠃ ᠲᠡᠷᠡ ᠨᠠᠮ ᠤᠨ ᠵᠤᠬᠢᠶᠠᠨ ᠪᠠᠶᠢᠭᠤᠯᠤᠯᠳᠠ ᠪᠠᠨ | ᠴᠢᠩᠭᠠᠳᠬᠠᠬᠤ ᠨᠢ ᠶᠠᠳᠠᠭᠤ ᠶᠢ ᠲᠡᠳᠬᠦᠵᠦ ᠪᠤᠭᠤᠮᠳᠠ ᠰᠢᠪᠳᠤᠯᠬᠤ ᠠᠵᠢᠯ ᠳᠤ ᠪᠠᠳᠤ ᠴᠢᠩᠭ᠎ᠠ ᠵᠤᠬᠢᠶᠠᠨ | ᠪᠠᠶᠢᠭᠤᠯᠤᠯᠳᠠ ᠶᠢᠨ ᠪᠠᠳᠣᠯᠠᠭ᠎ᠠ ᠪᠤᠯᠬᠤ ᠶᠢ ᠬᠦᠢᠴᠡᠳ ᠲᠠᠨᠢᠵᠤ᠂ ᠨᠠᠮ ᠤᠨ ᠡᠬᠦᠷ ᠤᠨ《 ᠭᠤᠷᠪᠠᠨ ᠬᠤᠷᠠᠯ ᠨᠢᠭᠡ | ᠬᠢᠴᠢᠶᠡᠯ ᠤᠨ ᠲᠦᠷᠢᠮ ᠢᠶᠠᠷ ᠬᠤᠷᠠᠯ ᠰᠤᠷᠤᠯᠴᠠᠯᠭ᠎ᠠ ᠶᠢ ᠴᠠᠭ ᠲᠤᠬᠠᠢ ᠳᠤ ᠨᠢ ᠵᠤᠬᠢᠶᠠᠨ ᠪᠠᠶᠢᠭᠤᠯᠵᠤ᠂ ᠨᠠᠮ ᠤᠨ | ᠬᠡᠰᠢᠭᠦᠨ ᠤ ᠬᠡᠪ ᠪᠤᠯᠪᠠᠰᠤᠷᠠᠯ ᠢ ᠤᠯᠠᠮ ᠨᠢᠭᠡ ᠠᠯᠬᠤᠮ ᠲᠡᠭᠡᠭᠰᠢᠯᠡᠭᠦᠯᠵᠦ᠂ ᠲᠣᠰ ᠨᠣᠳᠤᠭ ᠤᠨ ᠨᠠᠮ ᠤᠨ | ᠬᠡᠰᠢᠬᠦᠳ ᠪᠠ ᠮᠠᠯᠴᠢᠳ ᠳᠤ ᠨᠠᠮ ᠤᠨ ᠶᠠᠳᠠᠭᠤ ᠶᠢ ᠲᠡᠳᠬᠦᠬᠦ ᠲᠦᠷᠦ ᠶᠢᠨ ᠪᠤᠳᠤᠯᠭ᠎ᠠ᠂ ᠠᠵᠢᠯ ᠤᠨ | ᠪᠠᠶᠢᠷᠢᠰᠢᠭᠤᠯᠤᠯᠳᠠ ᠶᠢ ᠬᠦᠨᠵᠡᠭᠡᠢ ᠣᠬᠠᠭᠤᠯᠣᠭᠰᠠᠨ ᠤ ᠬᠠᠮᠳᠤ ᠶᠠᠳᠠᠭᠤ ᠬᠦᠴᠢᠷᠳᠠᠢ ᠮᠠᠯᠴᠢᠳ ᠲᠤ ᠦᠷᠬᠦᠯᠵᠢ ᠶᠢᠨ | ᠴᠢᠨᠠᠷᠳᠠᠢ ᠦᠵᠡᠯ ᠰᠠᠨᠠᠭ᠎ᠠ᠂ ᠠᠵᠢᠯ ᠠᠮᠢᠳᠣᠷᠠᠯ ᠤᠨ ᠲᠠᠯ᠎ᠠ ᠪᠠᠷ ᠵᠢᠭᠠᠨ ᠵᠢᠯᠤᠭᠤᠳᠤᠯᠭ᠎ᠠ ᠬᠢᠵᠦ᠂ ᠲᠡᠳᠡᠨ ᠤ | ᠠᠮᠢᠳᠣᠷᠠᠯ ᠠᠬᠤᠢ ᠪᠠᠨ ᠬᠦᠭᠵᠢᠬᠦᠯᠬᠦ᠂ ᠶᠠᠳᠠᠭᠤ ᠬᠦᠴᠢᠷ ᠢ ᠢᠯᠡᠨ ᠲᠠᠪᠠᠭ᠋ᠤ ᠬᠦᠭᠵᠢᠯᠳᠡ ᠶᠢᠨ ᠣᠶᠢᠯᠠᠭᠠᠭᠳᠠᠬᠤᠨ ᠢ | ᠪᠣᠢ ᠪᠣᠯᠭᠠᠪᠠ᠃ ᠠᠵᠢᠯ ᠬᠢᠬᠦ ᠳᠤ ᠪᠠᠶᠢᠴᠠᠭᠠᠨ ᠰᠤᠳᠤᠯᠤᠯᠳᠠ ᠴᠢᠬᠤᠯᠠ ᠶᠤᠮ᠂ ᠪᠠᠶᠢᠴᠠᠭᠠᠨ ᠰᠤᠳᠤᠯᠤᠯᠳᠠ ᠬᠢᠬᠦ | ᠳᠤ ᠲᠤᠰ ᠨᠤᠳᠤᠭ ᠤᠨ ᠦᠨᠳᠦᠰᠦᠨ ᠪᠠᠶᠢᠳᠠᠯ ᠢ ᠤᠶᠢᠯᠭᠠᠬᠤ ᠪᠤᠯ ᠬᠦᠳᠡᠭᠡ ᠪᠠᠭᠤᠭᠰᠠᠨ ᠺᠠᠳᠠᠷ ᠤᠨ ᠡᠷᠬᠡᠪᠰᠢ | ᠭᠦᠢᠴᠡᠳᠬᠡᠬᠦ ᠶᠤᠰᠤᠳᠠᠢ ᠠᠵᠢᠯ ᠶᠤᠮ᠃ ᠡᠶᠢᠮᠦ ᠠᠴᠠ ᠪᠦᠷᠢᠨᠳᠦᠭᠦᠷᠡᠩ ᠨᠤᠳᠤᠭ ᠤᠷᠤᠨ ᠤ ᠬᠢᠨᠢ ᠪᠠᠶᠢᠳᠠᠯ ᠢ | ᠪᠠᠶᠢᠴᠠᠭᠠᠨ᠂ ᠴᠠᠬᠢᠯᠭᠠᠨ ᠬᠠᠩᠭᠠᠬᠤ ᠨᠢ ᠲᠤᠰ ᠤᠷᠤᠨ ᠤ ᠠᠷᠠᠳ ᠤᠨ ᠲᠣᠯᠭᠠᠮ᠎ᠠ ᠰᠠᠭᠠᠷᠳᠠᠭᠳᠠᠵᠤ ᠪᠠᠶᠢᠭ᠎ᠠ | ᠮᠦᠷᠳᠡᠭᠡᠨ ᠲᠤᠳᠠᠭᠳᠠᠵᠤ ᠪᠤᠯᠤᠰᠢ ᠦᠭᠡᠢ ᠵᠦᠢᠯᠡᠰ ᠮᠦᠨ ᠭᠡᠳᠡᠭ ᠢ ᠤᠶᠢᠯᠭᠠᠵᠤ ᠬᠠᠮᠢᠶ᠎ᠠ ᠪᠦᠬᠦᠢ ᠲᠡᠭᠡᠳᠦ ᠱᠠᠳᠤᠨ | ᠤ ᠰᠠᠯᠠᠭ᠎ᠠ ᠮᠦᠴᠢᠷ ᠲᠤ ᠮᠡᠳᠡᠭᠦᠯᠵᠦ ᠲᠡᠭᠡᠳᠦ ᠱᠠᠳᠤᠨ ᠤ ᠵᠦᠪᠰᠢᠶᠡᠷᠡᠯ ᠢ ᠤᠯᠵᠤ 40 ᠡᠷᠦᠬᠡ ᠳᠤ ᠨᠠᠷᠠ ᠰᠠᠯᠬᠢᠨ | ᠤ ᠴᠠᠬᠢᠯᠭᠠᠨ ᠭᠠᠷᠭᠠᠬᠤ ᠲᠦᠬᠦᠬᠡᠷᠦᠮᠵᠢ ᠤᠭᠰᠠᠷᠠᠵᠤ᠂ ᠬᠤᠷᠢ ᠰᠢᠬᠠᠮ ᠵᠢᠯ ᠤᠨ ᠴᠠᠬᠢᠯᠭᠠᠨ ᠦᠬᠡᠢ ᠠᠮᠢᠳᠤᠷᠠᠯ ᠢ | ᠡᠴᠦᠰᠯᠡᠬᠦᠯᠪᠡ᠂ ᠡᠨᠡᠬᠦ ᠠᠵᠢᠯ ᠨᠢ ᠬᠡᠳᠦᠶᠢᠪᠡᠷ ᠪᠦᠬᠦᠨ ᠢᠶᠠᠷ ᠢᠶᠠᠨ ᠲᠦᠷᠦᠯ ᠵᠦᠢᠯ ᠳᠤ ᠲᠦᠰᠢᠭᠯᠡᠨ | ᠪᠡᠶᠡᠯᠡᠭᠳᠡᠭᠳᠡᠭᠰᠡᠨ ᠪᠤᠯᠪᠠᠴᠤ ᠪᠦᠷᠢᠨᠳᠦᠬᠦᠷᠡᠩ ᠤᠨ ᠬᠦᠴᠦ ᠬᠦᠳᠡᠯᠮᠦᠷᠢ ᠡᠬᠦᠨ ᠳᠤ ᠰᠢᠩᠭᠡᠵᠦ ᠪᠠᠶᠢᠭ᠎ᠠ ᠶᠢ ᠪᠦᠬᠦ | ᠭᠠᠴᠠᠭᠠᠨ ᠤ ᠮᠠᠯᠴᠢᠳ ᠶᠠᠭᠤᠨ ᠠᠨᠳᠠᠬᠤ ᠪᠤᠢ᠃ ᠶᠠᠳᠠᠭᠤ ᠬᠦᠴᠢᠷᠳᠠᠢ ᠡᠷᠦᠬᠡ ᠪᠠᠷ ᠦᠷᠭᠦᠯᠵᠢ ᠲᠤᠭᠤᠷᠢᠨ ᠡᠳᠦᠷ | ᠲᠤᠳᠤᠮ ᠤᠨ ᠠᠵᠢᠯ ᠲᠤ ᠨᠢ ᠲᠤᠰᠠ ᠲᠡᠮ ᠪᠤᠯᠵᠤ᠂ ᠬᠠᠷᠢᠴᠠᠭ᠎ᠠ ᠪᠠᠨ ᠨᠢᠭᠳᠠ ᠪᠤᠯᠭᠠᠭᠰᠠᠨ ᠠᠴᠠ ᠶᠠᠳᠠᠭᠤ | ᠬᠦᠴᠢᠷᠳᠠᠢ ᠡᠷᠦᠬᠡ ᠳᠤ ᠠᠵᠦ ᠦᠢᠯᠡᠰ ᠪᠠᠷ ᠶᠠᠳᠠᠭᠤ ᠶᠢ ᠲᠡᠳᠬᠦᠬᠦ ᠲᠦᠷᠦᠯ ᠵᠦᠢᠯ ᠢ ᠤᠯᠵᠤ ᠦᠭᠬᠦ ᠨᠢ ᠲᠦᠢᠯ | ᠤᠨ ᠴᠢᠬᠤᠯᠠ ᠶᠠᠪᠤᠳᠠᠯ ᠤᠴᠢᠷ ᠠᠴᠠ ᠨᠠᠷᠢᠨ ᠪᠦᠷᠢᠳᠬᠡᠵᠦ᠂ ᠨᠢᠮᠪᠠᠢ ᠪᠤᠳᠤᠯᠬᠢᠯᠠᠵᠤ ᠬᠤᠨᠢ ᠲᠡᠵᠢᠭᠡᠬᠦ ᠲᠦᠷᠦᠯ | ᠵᠦᠢᠯ ᠢ ᠨᠠᠶᠢᠳᠠᠪᠣᠷᠢᠵᠢᠭᠤᠯᠵᠦ᠂ ᠠᠵᠦ ᠠᠮᠢᠳᠣᠷᠠᠯ ᠤᠨ ᠬᠢᠨᠢ ᠤᠷᠤᠯᠭ᠎ᠠ ᠶᠢ ᠨᠢ ᠨᠡᠮᠡᠭᠳᠡᠭᠦᠯᠵᠦ ᠴᠢᠳᠠᠵᠠᠢ᠃ ᠲᠠᠯ᠎ᠠ | ᠶᠢᠨ ᠬᠤᠸᠠ ᠭᠠᠴᠠᠭᠠᠨ ᠤ《 ᠬᠠᠶᠢᠷ᠎ᠠ ᠬᠠᠯᠠᠮᠵᠢ ᠶᠢᠨ ᠲᠡᠯᠭᠡᠭᠦᠷ》 ᠨᠡᠭᠡᠭᠡᠭᠦ ᠳᠤ ᠪᠡᠯᠡ ᠮᠦᠩᠭᠦ ᠲᠤᠳᠠᠭᠳᠠᠵᠤ | ᠪᠠᠶᠢᠭᠰᠠᠨ ᠳᠤ ᠨᠢᠬᠡᠳᠦᠭᠡᠷ ᠱᠦᠵᠢ ᠪᠦᠷᠢᠨᠳᠦᠭᠦᠷᠡᠩ ᠠᠴᠠ ᠠᠷᠭ᠎ᠠ ᠰᠦᠪᠡᠭᠴᠢᠯᠡᠨ ᠪᠤᠶᠠᠨᠰᠠᠭ ᠠᠵᠤ | ᠠᠬᠤᠶᠢᠯᠠᠯᠳᠠᠨ《 ᠵᠡᠭᠦᠨ ᠬᠤᠶᠢᠳᠦ ᠶᠢᠨ ᠨᠡᠭᠦᠳᠡᠯ ᠮᠠᠯᠵᠢᠯ ᠤᠨ ᠤᠯᠠᠨ ᠲᠦᠷᠦᠯ ᠡᠵᠡᠩᠨᠡᠬᠦ ᠺᠤᠮᠫᠨᠢ》 ᠶᠢ ᠡᠷᠢᠨ | ᠬᠠᠯᠠᠭᠤᠨ ᠰᠡᠳᠬᠢᠯᠭᠡ ᠪᠠᠷ 2 ᠲᠥᠮᠡᠨ ᠲᠦᠭᠦᠷᠢᠭ ᠬᠠᠨᠳᠢᠪᠯᠠᠭᠤᠯᠵᠤ《 ᠬᠠᠶᠢᠷ᠎ᠠ ᠬᠠᠯᠠᠮᠵᠢ ᠶᠢᠨ ᠲᠡᠯᠭᠡᠭᠦᠷ》 | ᠨᠡᠭᠡᠭᠡᠭᠦ ᠳᠤᠨᠢ ᠪᠠᠳᠦ ᠰᠠᠭᠤᠷᠢ ᠶᠢ ᠲᠠᠯᠪᠢᠵᠦ ᠦᠭᠭᠦᠭᠰᠡᠨ ᠮᠦᠷᠳᠡᠭᠡᠨ᠂ ᠪᠦᠬᠦ ᠮᠠᠯᠴᠢᠳ ᠤᠨ ᠡᠷᠦᠬᠡ ᠶᠢᠨ ᠡᠵᠡᠨ ᠤ | ᠪᠤᠳᠠᠳᠠᠢ ᠪᠠᠶᠢᠳᠠᠯ ᠳᠤ ᠴᠢᠭᠯᠡᠭᠦᠯᠤᠨ ᠲᠠᠪᠤᠨ ᠲᠠᠯ᠎ᠠ ᠠᠴᠠ ᠬᠤᠪᠢ ᠲᠡᠮᠳᠡᠭᠯᠡᠵᠦ᠂ ᠮᠠᠯᠴᠢᠳ ᠤᠯᠤᠭᠰᠠᠨ ᠬᠤᠪᠢ ᠪᠠᠷ | ᠢᠶᠠᠨ《 ᠬᠠᠶᠢᠷ᠎ᠠ ᠬᠠᠯᠠᠮᠵᠢ ᠤᠨ ᠲᠡᠯᠭᠡᠭᠦᠷ》 ᠠᠴᠠ ᠪᠤᠳᠠᠰ ᠰᠤᠯᠢᠨ ᠠᠪᠴᠦ ᠪᠤᠯᠤᠨ᠎ᠠ᠃ ᠢᠩᠭᠡᠭᠰᠡᠨ ᠠᠴᠠ | ᠮᠠᠯᠴᠢᠳ ᠤᠨ ᠢᠳᠡᠪᠬᠢᠵᠢᠯ ᠢ ᠲᠠᠶᠢᠴᠢᠯᠠᠨ ᠡᠷᠦᠬᠡ ᠪᠤᠯᠭᠠᠨ ᠲᠠᠪᠤᠨ ᠤᠳᠤᠳᠤ ᠡᠷᠦᠬᠡ ᠪᠤᠯᠬᠤ ᠪᠠᠷ ᠮᠡᠷᠡᠶᠢᠨ | ᠴᠢᠷᠮᠠᠶᠢᠵᠤ ᠢᠷᠡᠭᠰᠡᠨ ᠪᠠᠶᠢᠨ᠎ᠠ᠃ ᠡᠭᠦᠨ ᠠᠴᠠ ᠭᠠᠳᠠᠨ᠎ᠠ ᠲᠡᠷᠠ ᠪᠠᠰᠠ ᠪᠤᠶᠢᠳᠠ ᠪᠥᠭᠯᠡᠭᠦᠦ ᠭᠠᠵᠡᠷ ᠤᠷᠤᠨ ᠤ | ᠮᠠᠯᠴᠢᠳ ᠤᠨ ᠮᠠᠯᠴᠢᠳ ᠤᠨ ᠰᠤᠶᠦᠯ ᠤᠨ ᠠᠮᠢᠳᠤᠷᠠᠯ ᠢ ᠪᠠᠶᠠᠯᠢᠭᠵᠢᠭᠤᠯᠬᠤ ᠶᠢᠨ ᠲᠦᠯᠦᠭᠡ ᠪᠠᠶᠠᠷ ᠲᠤᠷᠠᠰᠬᠠᠯ | ᠤᠨ ᠡᠲᠦᠷ ᠪᠤᠯᠭᠠᠨ ᠤᠷᠤᠯᠳᠤᠭᠠᠨ ᠬᠦᠳᠡᠯᠭᠡᠭᠡᠨ ᠢ ᠵᠤᠬᠢᠶᠠᠨ ᠪᠠᠶᠢᠭᠤᠯᠤᠨ ᠂ ᠮᠤᠷᠢ ᠤᠷᠤᠯᠳᠤᠬᠤ᠂ ᠪᠦᠬᠡ | ᠪᠠᠷᠢᠯᠳᠤᠬᠤ᠂ ᠲᠡᠭᠡᠰᠦ ᠲᠠᠳᠠᠬᠤ᠂ ᠪᠢᠯᠠᠭᠤ ᠰᠢᠳᠡᠬᠦ᠂ ᠰᠢᠲᠠᠷ᠎ᠠ ᠨᠠᠭᠠᠳᠬᠤ ᠬᠡᠬᠦ ᠮᠡᠳᠦ ᠶᠢᠨ ᠤᠯᠠᠨ ᠤᠳᠠᠭᠠᠨ ᠤ | ᠬᠦᠲᠡᠯᠬᠡᠬᠡᠨ ᠮᠦᠷᠦᠶᠢᠴᠡᠭᠡᠨ ᠶᠠᠪᠤᠭᠤᠯᠤᠭᠰᠠᠨ ᠠᠴᠠ ᠮᠠᠯᠴᠢᠳ ᠤᠨ ᠬᠤᠭᠤᠷᠤᠨᠳᠠᠬᠢ ᠬᠠᠷᠢᠴᠠᠭ᠎ᠠ ᠬᠤᠯᠪᠤᠭ᠎ᠠ | ᠰᠠᠶᠢᠵᠢᠷᠠᠵᠤ᠂ ᠡᠶ᠎ᠡ ᠵᠤᠬᠢᠴᠠᠯ ᠲᠠᠢ᠂ ᠪᠦᠯᠬᠦᠮᠳᠡᠯ ᠲᠠᠢ᠂ ᠪᠠᠶᠠᠷ ᠪᠠᠭ᠋ᠠᠳᠤᠯ ᠲᠠᠢ ᠤᠯᠠᠨ ᠨᠡᠶᠢᠳᠠ ᠶᠢᠨ ᠡᠷᠡᠬᠦᠯ | ᠰᠠᠶᠢᠬᠠᠨ ᠤᠷᠴᠢᠨ ᠢ ᠪᠦᠷᠢᠯᠳᠦᠭᠦᠯᠵᠦ ᠴᠢᠳᠠᠵᠠᠢ᠃ | | | | | | | | | | ᠲᠠᠯ᠎ᠠ ᠶᠢᠨ ᠬᠤᠸᠠ ᠭᠠᠴᠠᠭᠠᠨ ᠤ ᠮᠠᠯᠴᠢᠳ ᠨᠢ ᠶᠡᠭᠡ ᠪᠠᠭ᠎ᠠ ᠭᠡᠰᠡᠨ ᠦᠭᠡᠢ ᠬᠦᠴᠢᠷ ᠪᠡᠷᠬᠡᠰᠢᠶᠡᠯ | ᠲᠤᠯᠭᠠᠷᠠᠭᠰᠠᠭᠠᠷ ᠨᠢᠭᠡᠳᠦᠭᠡᠷ ᠱᠦᠵᠢ ᠪᠠᠨ ᠡᠷᠢᠬᠦ ᠪᠤᠯᠵᠠᠢ᠂ ᠨᠢᠬᠡᠳᠦᠭᠡᠷ ᠱᠦᠵᠢ ᠪᠦᠷᠢᠨᠳᠦᠭᠦᠷᠡᠩ ᠡᠷᠢᠵᠦ ᠢᠷᠡᠭᠰᠡᠨ | ᠪᠦᠬᠦᠨ ᠢ ᠴᠢᠳᠠᠬᠤ ᠶᠢᠨ ᠲᠤᠳᠤᠷ᠎ᠠ ᠰᠢᠢᠳᠪᠦᠷᠢᠯᠡᠬᠦ ᠪᠠᠷ ᠴᠢᠷᠮᠠᠶᠢᠨ ᠠᠵᠢᠯᠯᠠᠳᠠᠭ᠃ ᠨᠢᠭᠡᠨ ᠡᠪ ᠬᠠᠮᠳᠦ ᠨᠠᠮ ᠤᠨ | ᠬᠡᠰᠢᠭᠦᠨ ᠪᠤᠯᠤᠭᠰᠠᠨ ᠤ ᠬᠤᠪᠢ ᠳᠤ᠂ ᠨᠢᠭᠡᠨ ᠪᠠᠭᠰᠢ ᠬᠦᠮᠤᠨ ᠪᠤᠯᠤᠭᠰᠠᠨ ᠤ ᠬᠤᠪᠢ ᠳᠤ ᠨᠠᠮ ᠵᠠᠰᠠᠭ ᠠᠴᠠ | ᠦᠭᠭᠦᠭᠰᠡᠨ ᠡᠭᠦᠷᠭᠡ ᠶᠢ ᠪᠡᠶᠡᠯᠡᠭᠦᠯᠬᠦ ᠦᠭᠡᠢ ᠪᠤᠯ ᠠᠵᠢᠯ ᠳᠤ ᠪᠠᠨ ᠤᠰᠤᠯᠳᠤᠨᠠ ᠭᠡᠳᠡᠭ ᠢ ᠴᠢᠩᠭ᠎ᠠ ᠪᠠᠷᠢᠮᠳᠠᠯᠠᠵᠠᠢ᠃ | ᠠᠵᠢᠯ ᠤᠨ ᠬᠤᠭᠤᠴᠠᠭᠠᠨ ᠳᠤ ᠪᠠᠶ᠋ᠬᠠᠦ᠋ᠨᠳᠦᠷ ᠰᠤᠮᠦ ᠶᠢᠨ ᠲᠠᠯ᠎ᠠ ᠶᠢᠨ ᠬᠤᠸᠠ ᠭᠠᠴᠠᠭᠠᠨ ᠳᠤ ᠠᠵᠢᠯ ᠳᠤ ᠶᠠᠪᠤᠬᠤ | ᠵᠠᠮ ᠳᠤ ᠪᠠᠨ ᠬᠦᠯ ᠢᠶᠠᠨ ᠴᠦ ᠭᠡᠮᠳᠦᠭᠡᠵᠦ ᠦᠩᠭᠡᠷᠡᠵᠡᠢ᠃ ᠤᠴᠢᠷ ᠨᠢ ᠲᠠᠯ᠎ᠠ ᠶᠢᠨ ᠬᠤᠸᠠ ᠳᠤ ᠤᠴᠢᠬᠤ ᠳᠤ | ᠲᠠᠪᠠᠭ᠎ᠠ ᠲᠠᠪᠠᠭ᠋ᠤ ᠲᠤᠯᠳᠠ ᠲᠡᠷᠭᠡ ᠤᠨᠤᠭ᠎ᠠ ᠶᠠᠪᠤᠬᠤ ᠨᠢ ᠮᠠᠰᠢ ᠬᠦᠴᠢᠷᠳᠠᠢ ᠪᠠᠶᠢᠳᠠᠭ᠃ ᠨᠡᠩ ᠴᠦ ᠴᠠᠰᠦ ᠮᠦᠰᠦ | ᠲᠠᠢ ᠡᠪᠦᠯ ᠤᠨ ᠴᠠᠭ ᠦᠨᠡᠬᠡᠷ ᠬᠡᠴᠡᠭᠦᠤ ᠶᠤᠮ᠃ ᠨᠡᠨ ᠪᠦᠬᠦᠨ ᠢ ᠪᠦᠷᠢᠨᠳᠦᠭᠦᠷᠡᠩ ᠰᠢᠳᠦ ᠵᠠᠭᠤᠨ ᠰᠦᠰᠦᠯᠡᠵᠦ | ᠠᠵᠢᠯ ᠳᠤ ᠪᠠᠨ ᠰᠢᠭᠤᠷᠬᠠᠶᠢᠯᠠᠵᠠᠢ᠃ ᠡᠭᠦᠨ ᠳᠤ ᠲᠡᠭᠡᠲᠦ ᠱᠠᠳᠤᠨ ᠤ ᠤᠳᠤᠷᠢᠳᠤᠯᠭ᠎ᠠ ᠶᠢᠨ ᠬᠦᠳᠡᠭᠡ ᠪᠠᠭᠤᠭᠰᠠᠨ | ᠺᠠᠳᠠᠷ ᠢ ᠲᠡᠮᠵᠢᠵᠦ ᠪᠠᠶᠢᠭ᠎ᠠ ᠳᠤ ᠪᠦᠷᠢᠳᠦᠬᠦᠷᠡᠩ ᠪᠠᠭᠰᠢ ᠲᠠᠯᠠᠷᠬᠠᠨ ᠵᠣᠷᠢᠭᠵᠢᠵᠦ ᠪᠠᠶᠢᠳᠠᠭ ᠪᠦᠬᠡᠳ ᠨᠡᠩ ᠴᠦ | ᠠᠰᠢᠭ ᠬᠦᠷᠳᠡᠭᠰᠡᠨ ᠨᠣᠳᠤᠭ ᠤᠨ ᠮᠠᠯᠴᠢᠳ ᠨᠢ ᠨᠠᠮ ᠵᠠᠰᠠᠭ ᠲᠤ ᠪᠠᠨ ᠲᠠᠯᠠᠷᠬᠠᠵᠤ᠂ ᠬᠦᠳᠡᠭᠡ ᠪᠠᠭᠤᠭᠰᠠᠨ ᠺᠠᠳ᠋ᠷ · | ᠠᠵᠢᠯ ᠢᠶᠠᠨ ᠰᠠᠶᠢᠨ ᠪᠡᠶᠡᠯᠡᠭᠦᠯᠦᠭᠰᠡᠨ ᠳᠤ ᠨᠢ ᠪᠠᠶᠠᠷ ᠲᠠᠯᠠᠷᠬᠠᠯ ᠢᠶᠠᠨ ᠢᠯᠡᠳᠬᠡᠳᠡᠭ ᠶᠤᠮ᠃ | ᠪᠦᠷᠢᠨᠳᠦᠭᠦᠷᠡᠩ ᠤᠨ ᠳᠠᠭᠠᠭᠠᠴᠢᠯᠠᠭᠰᠠᠨ ᠲᠠᠯ᠎ᠠ ᠶᠢᠨ ᠬᠤᠸᠠ ᠭᠠᠴᠠᠭ᠎ᠠ ᠨᠢ 2019 ᠤᠨ ᠳᠤ ᠰᠣᠮᠣ | ᠱᠠᠳᠣᠨ ᠠᠴᠠ ︽ᠠᠮᠢ ᠠᠬᠤᠢ ᠶᠢᠨ ᠪᠦᠳᠦᠭᠡᠨ ᠪᠠᠶᠢᠭᠤᠯᠤᠯᠳᠠ ᠶᠢᠨ ᠲᠡᠷᠢᠭᠦᠨ ᠤ ᠨᠢᠭᠡᠴᠡ︾ ᠪᠠᠷ ᠱᠠᠩᠨᠠᠭᠳᠠᠵᠠᠢ᠃ | ᠨᠡᠨ ᠪᠤᠯ ᠮᠠᠯᠴᠢᠨ ᠲᠦᠮᠡᠨ ᠤ ᠨᠤᠳᠤᠭ ᠤᠰᠤ ᠪᠠᠨ ᠬᠠᠶᠢᠷᠠᠯᠠᠬᠤ᠂ ᠨᠠᠮ ᠵᠠᠰᠠᠭ ᠤᠨ ᠲᠡᠳᠭᠦᠮᠵᠢ ᠲᠡᠮᠵᠢᠯᠭᠡ ᠪᠤᠯᠤᠨ | ᠬᠦᠳᠡᠭᠡ ᠪᠠᠭᠤᠭᠰᠠᠨ ᠺᠠᠳ᠋ᠷ ᠤᠨ ᠤᠬᠠᠭᠤᠯᠭ᠎ᠠ ᠶᠢᠨ ᠠᠵᠢᠯ ᠲᠠᠢ ᠨᠢᠭᠳᠠ ᠬᠤᠯᠪᠤᠭᠳᠠᠯ ᠲᠠᠢ ᠶᠤᠮ᠃ 2018 ᠤᠨ | ᠳᠤ᠂ ᠪᠦᠷᠢᠨᠳᠦᠭᠦᠷᠡᠩ ᠬᠠᠮᠤᠭ ᠤᠨ ᠬᠦᠴᠢᠷ ᠪᠡᠷᠬᠡᠰᠢᠶᠡᠯ ᠲᠠᠢ ᠭᠠᠴᠠᠭ᠎ᠠ ᠲᠤᠰᠬᠤᠨ ᠳᠤ ᠠᠵᠢᠯᠯᠠᠭᠰᠠᠨ ︽ᠲᠡᠷᠢᠬᠦᠨ | ᠤ ᠬᠤᠪᠢ ᠬᠦᠮᠦᠨ︾ ᠪᠠᠷ ᠱᠠᠩᠨᠠᠭᠳᠠᠭᠰᠠᠨ ᠪᠠ 2019 ᠤᠨ ᠤ ᠵᠢᠯ ᠤᠨ ᠡᠴᠦᠰ ᠤᠨ ᠬᠢᠨᠠᠨ ᠲᠡᠭᠰᠢᠳᠬᠡᠯ ᠳᠤ | ᠰᠤᠮᠤ ᠶᠢᠨ ︽ᠰᠢᠯᠢᠳᠡᠭ ᠨᠢᠭᠡᠳᠦᠭᠡᠷ ᠱᠦᠵᠢ ︾ ᠪᠠᠷ ᠱᠠᠩᠨᠠᠭᠳᠠᠭᠰᠠᠨ ᠪᠠᠶᠢᠨ᠎ᠠ᠃ | ᠵᠣᠷᠢᠭᠳᠠᠢ ᠬᠦᠮᠦᠨ ᠵᠣᠷᠢᠭᠰᠠᠨ ᠳᠠᠭᠠᠨ ᠬᠦᠷᠳᠡᠭ ᠤᠨ ᠵᠦᠢ ᠪᠠᠷ ᠭᠠᠷᠮᠠᠭᠠᠢ ᠵᠠᠯᠠᠭᠤ ᠪᠦᠷᠢᠨᠳᠦ᠋ᠭᠦᠷᠡᠩ ᠤᠨ | ᠠᠵᠢᠯ ᠦᠢᠯᠡᠰ ᠨᠢ ᠨᠡᠩ ᠥᠭᠡᠳᠡ ᠤᠷᠤᠭᠰᠢᠳᠠᠢ᠂ ᠠᠷᠤ ᠬᠢᠵᠠᠭᠠᠷ ᠨᠤᠲᠤᠭ ᠤᠨ ᠮᠠᠯᠴᠢᠳ ᠤᠨ ᠢᠶᠠᠨ ᠲᠦᠯᠦᠭᠡ | ᠨᠡᠩ ᠢᠯᠠᠬᠦᠤ ᠴᠢᠷᠮᠠᠶᠢᠨ ᠵᠢᠳᠬᠦᠬᠦ ᠨᠢ ᠳᠠᠮᠵᠢᠭ ᠦᠭᠡᠢ᠃ ︵ᠠᠯᠳᠠᠨᠴᠡᠴᠡᠭ︶ | |