ᠬᠠᠨ ᠠᠭᠤᠯᠠ ᠪᠠᠭ᠎ᠠ ᠰᠤᠷᠭᠠᠭᠤᠯᠢ ᠶᠢᠨ ᠪᠠᠭᠰᠢ ᠨᠠᠷ ᠬᠥᠳᠡᠭᠡ ᠪᠠᠭᠤᠵᠣ  ᠰᠦᠯᠵᠢᠶᠡᠨ ᠬᠢᠴᠢᠶᠡᠯ ᠤᠨ  ᠲᠤᠬᠠᠢ ᠤᠶᠢᠯᠠᠭᠠᠪᠠ
ᠨᠡᠶᠢᠲᠡᠯᠡᠭᠰᠡᠨ ᠴᠠᠭ᠄
2020/4/21
       ᠬᠢᠵᠢᠭ ᠤᠨ ᠪᠠᠶᠢᠳᠠᠯ ᠠᠴᠠ ᠪᠣᠯᠵᠤ ᠰᠤᠷᠭᠠᠭᠤᠯᠢ ᠶᠢᠨ ᠬᠢᠴᠢᠶᠡᠯ ᠵᠣᠭᠰᠤᠵᠤ᠂ ᠰᠦᠯᠵᠢᠶᠡᠨ ᠬᠢᠴᠢᠶᠡᠯᠯᠡᠭᠡ ᠬᠢᠵᠦ ᠪᠠᠶᠢᠭ᠎ᠠ ᠡᠨᠡᠬᠦ ᠤᠨᠴᠠᠭᠠᠢ ᠴᠠᠭ ᠮᠥᠴᠡ ᠳᠤ᠂ 2020 ᠣᠨ ᠤ 4 ᠰᠠᠷ᠎ᠠ ᠶᠢᠨ 17 ---- 18 ᠤ ᠭᠠᠷᠠᠭ ᠤᠨ ᠠᠮᠠᠷᠠᠯᠲᠠ ᠶᠢ ᠠᠰᠢᠭᠯᠠᠨ ᠠᠷᠤ ᠬᠤᠷᠴᠢᠨ ᠬᠤᠰᠢᠭᠤᠨ ᠤ ᠬᠠᠨ ᠠᠭᠤᠯᠠ ᠪᠠᠭ᠎ᠠ ᠰᠤᠷᠭᠠᠭᠤᠯᠢ ᠨᠢ ᠨᠢᠭᠡᠲᠦᠯᠲᠡᠢ ᠵᠣᠬᠢᠶᠠᠨ ᠪᠠᠶᠢᠭᠤᠯᠵᠣ᠂ ᠤᠳᠤᠷᠢᠳᠬᠤ ᠪᠠᠭ ᠤᠨ ᠭᠡᠰᠢᠭᠦᠳ ᠪᠠ ᠬᠡᠰᠡᠭ ᠠᠩᠭᠢ ᠶᠢᠨ ᠪᠠᠭᠰᠢ ᠪᠠᠷ ᠭᠤᠣᠯᠯᠠᠭᠰᠠᠨ ᠪᠠᠭᠰᠢ ᠨᠠᠷ ᠢᠶᠠᠨ 7 ᠲᠣᠭᠤᠶᠢᠯᠠᠩ ᠬᠤᠪᠢᠶᠠᠨ ᠪᠦᠬᠦ ᠬᠤᠰᠢᠭᠤᠨ ᠤ ᠡᠯ᠎ᠡ ᠰᠣᠮᠣ ᠪᠠᠯᠭᠠᠰᠣ᠂ ᠭᠠᠴᠠᠭ᠎ᠠ ᠲᠤᠰᠬᠤᠨ ᠢᠶᠠᠷ ᠭᠦᠨᠵᠡᠭᠡᠶᠢᠷᠡᠵᠤ᠂ ᠰᠤᠷᠤᠭᠴᠢᠳ ᠤᠨ ᠢᠶᠠᠨ ᠰᠦᠯᠵᠢᠶᠡᠨ ᠬᠢᠴᠢᠶᠡᠯ ᠬᠦᠷᠲᠡᠵᠦ ᠪᠠᠶᠢᠭ᠎ᠠ ᠪᠠᠶᠢᠳᠠᠯ ᠢ ᠦᠢᠯᠠᠭᠠᠬᠤ ᠶᠢᠨ ᠬᠠᠮᠲᠤ ᠣᠨᠴᠠᠭᠠᠶᠢᠯᠠᠨ ᠠᠮᠢᠳᠤᠷᠠᠯ ᠬᠦᠴᠢᠷᠲᠡᠢ ᠰᠤᠷᠤᠭᠴᠢᠳ ᠤᠨ ᠭᠡᠷ ᠢᠶᠠᠷ ᠵᠠᠪᠠᠯ ᠬᠦᠷᠴᠦ ᠲᠡᠳᠡᠨ ᠤ ᠠᠮᠢᠳᠤᠷᠠᠯ ᠰᠣᠷᠤᠯᠴᠠᠯᠭ᠎ᠠ ᠶᠢᠨ ᠪᠠᠶᠢᠳᠠᠯ ᠢ ᠤᠶᠢᠯᠠᠭᠠᠪᠠ᠃
       ᠪᠠᠭᠰᠢ ᠨᠠᠷ ᠰᠤᠷᠤᠭᠴᠢᠳ ᠤᠨ ᠲᠠᠰᠬᠠᠯ ᠬᠢᠵᠦ ᠪᠠᠶᠢᠭ᠎ᠠ ᠪᠠᠶᠢᠳᠠᠯ ᠢ ᠪᠠᠶᠢᠴᠠᠭᠠᠬᠤ ᠪᠠ ᠶᠠᠷᠢᠯᠴᠠᠭᠠᠨ ᠢᠶᠠᠷ ᠳᠠᠮᠵᠢᠨ ᠰᠦᠯᠵᠢᠶᠡᠨ ᠬᠢᠴᠢᠶᠡᠯᠯᠡᠭᠡ ᠶᠢᠨ ᠦᠷ᠎ᠡ ᠠᠰᠢᠭ ᠢ ᠪᠠᠶᠢᠴᠠᠭᠠᠵᠤ᠂ ᠠᠮᠢᠳᠤᠷᠠᠯ ᠬᠦᠴᠢᠷᠲᠡᠢ ᠰᠣᠷᠤᠭᠴᠢᠳ ᠤᠨ ᠭᠡᠷ ᠤᠨ ᠠᠬᠠᠮᠠᠳ ᠢ ᠰᠣᠷᠪᠤᠯᠵᠢᠯᠠᠨ ᠠᠮᠢᠳᠤᠷᠠᠯ ᠰᠤᠷᠤᠯᠴᠠᠯᠭ᠎ᠠ ᠶᠢᠨ ᠲᠤᠬᠠᠢ ᠪᠣᠳᠠᠳᠠᠢ ᠶᠠᠷᠢᠯᠴᠠᠭᠠᠨ ᠦᠷᠨᠢᠭᠦᠯᠵᠦ᠂ ᠬᠡᠣᠬᠡᠳ ᠤᠨ ᠰᠣᠷᠤᠯᠴᠠᠯᠭ᠎ᠠ ᠶᠢ ᠬᠦᠠᠳᠦᠳᠭᠡᠵᠦ ᠪᠠᠶᠢᠭ᠎ᠠ ᠪᠠᠶᠢᠳᠠᠯ᠂ ᠶᠠᠮᠠᠷᠪᠠ ᠬᠦᠴᠢᠷ ᠪᠡᠷᠬᠡ ᠶᠢ ᠢᠯᠠᠨ ᠳᠠᠪᠠᠵᠤ ᠵᠠᠪᠠᠯ ᠬᠡᠣᠬᠡᠳ ᠤᠨ ᠢᠶᠠᠨ ᠰᠤᠷᠤᠯᠴᠠᠯᠭ᠎ᠠ ᠶᠢ ᠪᠠᠳᠤᠯᠠᠵᠤ ᠪᠠᠶᠢᠭ᠎ᠠ ᠪᠠᠶᠢᠳᠠᠯ ᠳᠤ ᠰᠡᠳᠭᠢᠯ ᠲᠤᠭᠳᠤᠯᠤᠭᠰᠠᠨ ᠪᠠᠶᠢᠨ᠎ᠠ᠃ ᠮᠥᠨ ᠴᠤ ᠮᠠᠨ ᠤ ᠰᠤᠷᠤᠭᠴᠢᠳ ᠤᠨ ᠰᠢᠷᠭᠠᠭᠤ ᠬᠠᠲᠠᠭᠤᠵᠢᠯᠲᠠᠢ ᠰᠤᠷᠤᠯᠴᠠᠬᠤ᠂ ᠬᠢᠴᠢᠶᠡᠯ ᠢᠶᠠᠨ ᠴᠠᠭ ᠲᠤ ᠪᠠᠨ ᠰᠣᠨᠤᠰᠤᠨ᠂ ᠲᠠᠰᠬᠠᠯ ᠢᠶᠠᠨ ᠴᠠᠭ ᠲᠤ ᠪᠠᠨ ᠪᠡᠶᠡᠯᠡᠭᠦᠯᠵᠦ ᠨᠠᠷᠢᠨ ᠬᠢᠨᠠᠮᠠᠭᠠᠢ ᠲᠡᠮᠳᠡᠭᠯᠡᠯ ᠬᠢᠬᠦ ᠶᠢᠨ ᠬᠠᠮᠲᠤ ᠬᠢᠴᠢᠶᠡᠯ ᠤᠨ ᠭᠠᠳᠠᠭᠤᠷᠬᠢ ᠨᠣᠮ ᠤᠩᠰᠢᠯᠭ᠎ᠠ ᠶᠢ ᠴᠢᠬᠤᠯᠠᠴᠢᠯᠠᠨ ᠦᠷᠭᠦᠯᠵᠢᠯᠡᠨ ᠨᠣᠮ ᠤᠩᠰᠢᠵᠤ ᠪᠠᠶᠢᠭ᠎ᠠ ᠪᠠᠶᠢᠳᠠᠯ᠂ ᠭᠡᠷ ᠤᠨ ᠠᠬᠠᠮᠠᠳ ᠢᠶᠠᠨ ᠬᠠᠪᠰᠤᠷᠤᠨ ᠬᠦᠳᠡᠯᠮᠦᠷᠢ ᠦᠢᠯᠡᠳᠦᠯᠭᠡ ᠳᠤ ᠣᠷᠤᠯᠴᠠᠵᠤ ᠪᠠᠶᠢᠭ᠎ᠠ ᠪᠠᠶᠢᠳᠠᠯ ᠵᠡᠷᠭᠡ ᠶᠢ ᠨᠠᠷᠢᠨ ᠬᠢᠨᠠᠮᠠᠭᠠᠢ ᠤᠶᠢᠯᠠᠭᠠᠭᠰᠠᠨ ᠪᠠᠶᠢᠨ᠎ᠠ᠃
       ᠰᠤᠷᠤᠭᠴᠢᠳ ᠮᠠᠨᠢ ᠪᠠᠭᠰᠢ ᠨᠠᠷ ᠢᠶᠠᠨ ᠦᠵᠡᠭᠡᠳ ᠬᠥᠯ ᠨᠢ ᠭᠠᠵᠠᠷ ᠬᠦᠷᠬᠦ ᠦᠭᠡᠢ ᠪᠠᠶᠠᠷᠯᠠᠵᠤ᠂ ᠦᠪᠡᠷ ᠤᠨ ᠰᠤᠷᠤᠯᠴᠠᠵᠤ ᠪᠠᠶᠢᠭ᠎ᠠ ᠪᠠᠶᠢᠳᠠᠯ ᠢᠶᠠᠨ ᠲᠠᠨᠢᠯᠴᠠᠭᠤᠯᠬᠤ ᠶᠢᠨ ᠬᠠᠮᠲᠤ ᠬᠠᠰᠢ ᠯᠡ ᠰᠤᠷᠭᠠᠭᠤᠯᠢ ᠳᠤ ᠪᠠᠨ ᠣᠴᠢᠵᠤ ᠬᠠᠮᠲᠤ ᠨᠥᠬᠦᠳ ᠲᠠᠢ ᠪᠠᠨ ᠬᠠᠮᠲᠤ ᠪᠠᠷ ᠰᠤᠷᠤᠯᠴᠠᠬᠤ ᠶᠢ ᠬᠦᠰᠡᠵᠤ ᠪᠠᠶᠢᠭ᠎ᠠ ᠪᠣᠯᠪᠠᠴᠤ ᠠᠪᠤ ᠡᠵᠢ ᠪᠠᠨ ᠬᠠᠪᠰᠤᠷᠤᠨ ᠠᠵᠢᠯ ᠬᠦᠳᠡᠯᠮᠣᠷᠢ ᠳᠤ ᠣᠷᠤᠯᠴᠠᠵᠤ ᠠᠪᠤ ᠡᠵᠢ ᠳᠤ ᠪᠠᠨ ᠶᠡᠬᠡᠬᠡᠨ ᠲᠤᠰᠠ ᠲᠡᠮᠵᠢᠯᠭᠡ ᠪᠣᠯᠵᠤ ᠪᠠᠶᠢᠭ᠎ᠠ ᠳᠤ ᠪᠠᠨ ᠪᠠᠰᠠ ᠣᠮᠣᠭᠰᠢᠵᠤ ᠪᠠᠶᠢᠭ᠎ᠠ ᠶᠤᠮ ᠪᠠᠶᠢᠨ᠎ᠠ᠃ ᠲᠠᠭᠠᠤ  ᠳᠤ ᠨᠢ ᠣᠯᠠᠨ ᠰᠠᠶᠢᠬᠠᠨ ᠣᠷᠤᠨ ᠨᠤᠲᠤᠭ ᠤᠨ ᠵᠠᠩ ᠵᠠᠩᠰᠢᠯ᠂ ᠦᠢᠯᠡ ᠠᠵᠢᠯᠯᠠᠭ᠎ᠠ ᠳᠤ ᠪᠡᠶᠡᠳᠡᠨ ᠣᠷᠤᠯᠴᠠᠵᠤ᠂ ᠦᠪᠡᠷ ᠤᠨ ᠮᠡᠳᠡᠯᠭᠡ ᠶᠢᠨ ᠬᠦᠷᠢᠶ᠎ᠡ ᠬᠡᠪᠴᠢᠶ᠎ᠡ ᠪᠠᠨ ᠦᠷᠭᠡᠳᠭᠡᠵᠤ ᠪᠠᠶᠢᠭ᠎ᠠ ᠳᠤ ᠪᠠᠨ ᠪᠠᠰᠠ ᠴᠤ ᠶᠡᠭᠡ ᠯᠡ ᠣᠯᠵᠠᠭᠤᠷᠬᠠᠵᠤ ᠪᠠᠶᠢᠬᠤ ᠶᠤᠮ ᠪᠢᠯᠡ᠃
       ᠭᠡᠷ ᠤᠨ ᠠᠬᠠᠮᠠᠳ ᠮᠠᠨᠢ ᠴᠤ ᠤᠳᠠᠭᠠᠨ ᠡᠳᠦᠷ ᠰᠡᠳᠭᠢᠯ ᠳᠤ ᠨᠢ ᠬᠤᠨᠤᠭᠰᠢᠭᠰᠠᠨ ᠦᠭᠡ ᠶᠢᠨ ᠤᠭᠤᠲᠠ ᠪᠠᠨ ᠬᠦᠨᠲᠦᠷᠴᠤ᠂ ᠡᠩ ᠤᠨ ᠦᠶᠡᠰ ᠬᠡᠣᠬᠡᠳ ᠢᠶᠠᠨ ᠬᠠᠶᠠᠭᠠᠳ᠂ ᠪᠠᠭᠰᠢ ᠨᠠᠷ ᠲᠤ ᠨᠢ ᠲᠤᠰᠢᠶᠠᠵᠤ᠂ ᠦᠨᠡᠬᠡᠷ ᠰᠠᠨᠠᠭ᠎ᠠ ᠠᠮᠠᠷ ᠦᠪᠡᠷ ‍ᠦᠨ‌ᠠᠵᠢᠯ ᠠᠮᠢᠳᠤᠷᠠᠯ ᠳᠤ ᠪᠠᠨ ᠶᠠᠭᠠᠷᠠᠳᠠᠭ ᠪᠠᠶᠢᠭᠰᠠᠨ᠂ ᠬᠡᠣᠬᠡᠳ ᠶᠠᠭᠠᠬᠢᠵᠤ ᠰᠤᠷᠴᠤ ᠪᠠᠶᠢᠭ᠎ᠠ ᠶᠢ ᠶᠡᠷᠦ ᠤᠶᠢᠰᠢᠶᠠᠳᠠᠭ ᠦᠭᠡᠢ ᠪᠠᠶᠢᠭᠰᠠᠨ᠂ ᠲᠤᠰ ᠤᠳᠠᠭᠠᠨ ᠤ ᠰᠦᠯᠵᠢᠶᠡᠨ ᠰᠤᠷᠤᠯᠴᠠᠯᠭ᠎ᠠ ᠪᠠᠷ ᠳᠠᠮᠵᠢᠨ᠂ ᠪᠠᠭᠰᠢ ᠶᠢᠨ ᠠᠵᠢᠯ ᠤᠨ ᠬᠦᠨᠳᠦ᠂ ᠬᠦᠴᠢᠷ ᠪᠠᠶᠢᠳᠠᠭ ᠢ ᠦᠨᠡᠨᠬᠦ ᠤᠶᠢᠯᠠᠭᠠᠭᠰᠠᠨ ᠪᠠᠶᠢᠨ᠎ᠠ ᠭᠡᠵᠦ ᠭᠡᠷ ᠤᠨ ᠠᠬᠠᠮᠠᠳ ᠪᠤᠯᠭᠠᠨ ᠰᠡᠳᠭᠢᠯ ᠤᠨ ᠦᠭᠡ ᠪᠠᠨ ᠶᠠᠷᠢᠵᠦ ᠪᠠᠶᠢᠨ᠎ᠠ᠃
       ︽ᠨᠢᠭᠡᠨ ᠲᠦᠷᠦᠯ ᠤᠨ ᠡᠴᠢᠭᠡ ᠡᠬᠡ᠂ ᠮᠢᠩᠭᠠᠨ ᠲᠦᠷᠦᠯ ᠤᠨ ᠪᠠᠭᠰᠢ ᠡ︾ ᠭᠡᠳᠡᠭᠴᠢᠯᠡᠨ ᠡᠨᠡᠬᠦ ᠤᠨᠴᠠᠭᠠᠢ ᠴᠠᠭ ᠦᠶ᠎ᠡ ᠳᠤ ᠤᠨᠴᠠᠭᠠᠢ ᠠᠷᠭ᠎ᠠ ᠠᠪᠴᠠᠯ ᠢᠶᠠᠷ ᠰᠤᠷᠤᠯᠴᠠᠵᠤ ᠪᠠᠶᠢᠭ᠎ᠠ ᠰᠣᠷᠤᠭᠴᠢᠳ ᠤᠨ ᠢᠶᠠᠨ ᠪᠠᠶᠢᠳᠠᠯ ᠢ ᠣᠶᠢᠯᠠᠭᠠᠭᠰᠠᠨ ᠪᠠᠭᠰᠢ ᠨᠠᠷ ᠴᠤ ᠰᠤᠷᠤᠭᠴᠢᠳ ᠲᠠᠢ ᠪᠠᠨ ᠰᠤᠷᠭᠠᠭᠤᠯᠢ ᠶᠢᠨ ᠬᠦᠷᠢᠶᠡᠨ ᠳᠤ ᠪᠢᠰᠢ᠂ ᠬᠢᠴᠢᠶᠡᠯ ᠤᠨ ᠲᠠᠩᠭᠢᠮ ᠳᠤ ᠴᠤ ᠪᠢᠰᠢ᠂ ᠥᠭᠡᠷ᠎ᠡ ᠨᠢᠭᠡᠨ ᠠᠮᠢᠳᠤᠷᠠᠯ ᠤᠨ ᠣᠷᠴᠢᠨ ᠳᠤ ᠠᠭᠤᠯᠵᠠᠨ ᠪᠠᠶᠠᠰᠴᠣ᠂ ᠡᠩᠬᠡ ᠬᠠᠶᠢᠷᠠᠲᠠᠢ ᠰᠤᠷᠤᠭᠴᠢᠳ ᠢᠶᠠᠨ ᠠᠮᠢᠳᠤᠷᠠᠯ ᠢᠶᠠᠷ ᠠᠷᠤ ᠦᠵᠡᠭᠳᠡᠯ ᠪᠣᠯᠭᠠᠨ ᠠᠬᠢᠨᠲᠠ ᠰᠢᠷᠳᠡᠬᠦ ᠳᠤ ᠬᠡᠣᠬᠡᠳ ᠤᠳ ᠮᠠᠨᠢ ᠪᠠᠭᠰᠢ ᠨᠠᠷ ᠤᠨ ᠢᠶᠠᠨ ᠠᠯᠠᠭᠠᠨ ᠲᠡᠭᠡᠷᠡᠬᠢ ᠠᠮᠢᠳᠤ ᠡᠷᠳᠡᠨᠢ ᠬᠡᠮᠡᠷᠬᠡᠨ ᠣᠨᠴᠠ ᠶᠢᠨ ᠬᠠᠶᠢᠷᠠᠯᠠᠯᠲᠠᠢ᠂ ᠣᠨᠴᠠ ᠶᠢᠨ ᠳᠤᠳᠤᠨᠤ ᠰᠠᠨᠠᠭᠳᠠᠵᠤ᠂ ᠰᠠᠯᠵᠤ ᠶᠠᠳᠠᠬᠤ ᠰᠡᠳᠭᠢᠯ ᠢᠶᠠᠨ ᠲᠠᠷᠤᠵᠣ ᠶᠠᠳᠠᠨ ᠪᠣᠴᠠᠬᠤ ᠵᠠᠮ ᠢᠶᠠᠨ ᠡᠯᠭᠦᠵᠦ ᠪᠢᠯᠡ᠃
       ᠬᠠᠪᠤᠷ ᠴᠠᠭ ᠤᠨ ᠬᠥᠳᠡᠭᠡ ᠨᠤᠲᠤᠭ ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠪᠠᠶᠢᠯ᠎ᠠ᠂ ᠬᠤᠷᠠᠭ᠎ᠠ ᠢᠰᠢᠭᠡ ᠶᠢᠨ ᠮᠠᠶᠢᠯᠠᠭᠠᠨ᠂  ᠬᠠᠶᠢᠯ ᠤᠨ ᠤᠰᠤᠨ ᠤ ᠬᠤᠷᠴᠢᠭᠢᠨᠠᠬᠤ ᠲᠠᠭᠤ ᠰᠣᠨᠤᠷ ᠢ ᠴᠢᠮᠡᠵᠦ᠂ ᠬᠥᠳᠡᠭᠡ ᠨᠤᠲᠤᠭ ᠤᠨ ᠰᠢᠨ᠎ᠡ ᠬᠤᠪᠢᠷᠠᠯᠲᠠ ᠬᠠᠷᠠᠭ᠎ᠠ ᠶᠢ ᠮᠢᠨᠢ ᠪᠠᠶᠠᠰᠬᠠᠵᠤ᠂ ᠨᠢᠯᠬ᠎ᠠ ᠨᠣᠭᠤᠭ᠎ᠠ᠂ ᠨᠠᠪᠴᠢᠨ ᠨᠠᠬᠢᠶ᠎ᠠ ᠶᠢᠨ ᠰᠡᠩᠭᠢᠨᠡᠭᠦᠨ ᠥᠨᠦᠷ ᠴᠡᠭᠡᠵᠢ ᠶᠢ ᠮᠢᠨᠢ ᠠᠭᠤᠵᠢᠷᠠᠭᠤᠯᠵᠣ᠂ ᠨᠣᠳᠤᠭ ᠤᠨ ᠬᠦᠮᠦᠰ ᠤᠨ ᠬᠠᠯᠠᠭᠤᠮᠰᠤᠭ ᠳᠤᠯᠠᠭᠠᠨ ᠬᠠᠷᠠᠴᠠ᠂ ᠬᠦᠭᠡᠷᠦᠬᠦᠨ ᠴᠣᠪᠣᠭᠤ ᠬᠡᠣᠬᠡᠳ ᠤᠨ ᠢᠨᠢᠶᠡᠳᠦ ᠪᠠᠷ ᠰᠡᠳᠭᠢᠯ ᠢᠶᠠᠨ ᠲᠤᠯᠠᠭᠠᠯᠠᠵᠤ᠂ ᠮᠠᠨ ᠤ ᠰᠤᠷᠪᠣᠯᠵᠢᠯᠠᠨ ᠶᠠᠪᠤᠭᠰᠠᠨ ᠳᠤᠯᠤᠭᠠᠨ ᠲᠣᠭᠤᠶᠢᠯᠠᠩ ᠤᠨ ᠪᠠᠭᠰᠢ ᠨᠠᠷ ᠭᠠᠨᠵᠤᠭ᠎ᠠ ᠲᠦᠭᠦᠷᠡᠩ ᠪᠤᠴᠠᠨ ᠢᠷᠡᠭᠰᠡᠨ ᠪᠠᠶᠢᠨ᠎ᠠ᠃                                                             ︵ᠵᠠᠯᠭᠠᠬᠦᠦ︶
 
ᠢᠷᠡᠯᠲᠡ᠄ ᠠᠷᠣ ᠬᠤᠷᠴᠢᠨ ᠬᠤᠰᠢᠭᠤᠨ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号