— 2020 ᠤᠨ ᠤ 4 ᠰᠠᠷ᠎ᠠ ᠶᠢᠨ 21 ᠤ ᠡᠳᠦᠷ ᠠᠷᠦ ᠬᠤᠷᠴᠢᠨ ᠬᠤᠰᠢᠭᠤᠨ ᠤ ᠠᠷᠪᠠᠨ ᠳᠤᠯᠤᠳᠤᠭᠠᠷ | ᠬᠤᠭᠤᠴᠠᠭᠠᠨ ᠤ ᠠᠷᠠᠳ ᠤᠨ ᠳᠦᠯᠦᠬᠡᠯᠡᠭᠴᠢᠳ ᠤᠨ ᠶᠡᠭᠡ ᠬᠤᠷᠠᠯ ᠤᠨ ᠳᠦᠷᠪᠡᠳᠦᠬᠡᠷ ᠬᠤᠷᠠᠯᠳᠤᠭᠠᠨ ᠳᠡᠬᠡᠷ᠎ᠡ | | | ᠬᠤᠰᠢᠭᠤᠨ ᠡᠳ᠋ ᠤᠨ ᠵᠠᠰᠠᠭ ᠤᠨ ᠲᠣᠪᠴᠢᠶ᠎ᠠ | ᠲᠥᠯᠥᠭᠡᠯᠡᠭᠴᠢᠳ ᠡ᠄ | ᠬᠤᠰᠢᠭᠤ ᠠᠷᠠᠳ ᠤᠨ ᠵᠠᠰᠠᠭ ᠤᠨ ᠣᠷᠳᠣᠨ ᠤ ᠨᠠᠶᠢᠳᠠᠯᠭ᠎ᠠ ᠪᠠᠷ᠂ ᠡᠳᠦᠭᠡ 2019 ᠣᠨ ᠤ ᠡᠳ᠋ ᠤᠨ | ᠵᠠᠰᠠᠭ ᠤᠨ ᠲᠥᠰᠦᠪ ᠢ ᠭᠦᠢᠴᠡᠳᠭᠡᠭᠰᠡᠨ ᠪᠠᠶᠢᠳᠠᠯ ᠪᠠ 2020 ᠣᠨ ᠤ ᠡᠳ᠋ ᠤᠨ ᠵᠠᠰᠠᠭ ᠤᠨ ᠲᠥᠰᠦᠪ ︵ | ᠲᠥᠰᠦᠯ︶ ᠤᠨ ᠲᠣᠬᠠᠢ ᠮᠡᠳᠡᠭᠦᠯᠦᠯᠲᠡ ᠶᠢ ᠲᠣᠰ ᠤᠳᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ | ᠳᠤ ᠳᠡᠪᠰᠢᠭᠦᠯᠵᠦ ᠬᠢᠨᠠᠨ ᠵᠥᠪᠯᠡᠭᠦᠯᠬᠦ ᠶᠢᠨ ᠬᠠᠮᠲᠦ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ | ᠪᠠ ᠬᠤᠷᠠᠯ ᠳᠤ ᠰᠤᠯᠠ ᠣᠷᠣᠯᠴᠠᠭᠰᠠᠨ ᠨᠥᠬᠦᠳ ᠰᠠᠨᠠᠯ ᠢᠶᠠᠨ ᠳᠤᠷᠠᠳᠬᠤ ᠪᠣᠯᠪᠠᠤ᠃ | ᠨ᠊ᠵᠭᠡ᠂ 2019 ᠣᠨ ᠤ ᠡᠳ᠋ ᠤᠨ ᠵᠠᠰᠠᠭ ᠤᠨ ᠲᠥᠰᠦᠪ ᠢ ᠭᠦᠶᠴᠡᠳᠬᠡᠭᠰᠡᠨ ᠪᠠᠶᠢᠳᠠᠯ | ︵ᠨᠢᠭᠡ︶ ᠡᠩ ᠤᠨ ᠤᠯᠠᠨ ᠨᠡᠶᠢᠲᠡ ᠶᠢᠨ ᠲᠥᠰᠦᠪ ᠢ ᠭᠦᠶᠴᠡᠳᠬᠡᠭᠰᠡᠨ ᠪᠠᠶᠢᠳᠠᠯ | 2019 ᠣᠨ ᠳᠤ ᠪᠦᠬᠦ ᠬᠤᠰᠢᠭᠤᠨ ᠤ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ 40, | 080 ᠲᠦᠮᠡᠨ ᠲᠥᠭᠦᠷᠢᠭ ᠢ ᠪᠡᠶᠡᠯᠡᠭᠦᠯᠵᠦ᠂ ᠣᠨ ᠤ ᠲᠣᠬᠢᠷᠠᠭᠤᠯᠤᠭᠰᠠᠨ ᠲᠥᠰᠦᠪ ᠤᠨ 117.4% ᠶᠢ | ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 6,421 ᠲᠦᠮᠡᠨ ᠲᠥᠭᠦᠷᠢᠭ ᠬᠠᠰᠤᠭᠳᠠᠵᠤ᠂ ᠳᠡᠭᠡᠷ᠎ᠡ ᠵᠢᠯ | ᠤᠨ ᠬᠢ ᠠᠴᠠ 13.8% ᠪᠠᠭᠤᠷᠠᠪᠠ᠃ ᠡᠭᠦᠨ ᠳᠤ᠄ ᠭᠠᠶᠢᠯᠢ ᠶᠢᠨ ᠣᠷᠣᠯᠭ᠎ᠠ 28,334 ᠲᠦᠮᠡᠨ ᠲᠥᠭᠦᠷᠢᠭ ᠢ | ᠪᠡᠶᠡᠯᠡᠭᠦᠯᠵᠦ᠂ ᠠᠳᠠᠯᠢ ᠬᠤᠭᠤᠴᠠᠭᠠᠨ ᠠᠴᠠ 10 ᠲᠦᠮᠡᠨ ᠲᠥᠭᠦᠷᠢᠭ ᠬᠠᠰᠤᠭᠳᠠᠵᠤ᠂ ᠡᠩ ᠤᠨ ᠣᠯᠠᠨ ᠨᠡᠶᠢᠲᠡ | ᠶᠢᠨ ᠲᠥᠰᠦᠪ ᠤᠨ ᠣᠷᠣᠯᠭ᠎ᠠ ᠶᠢᠨ 71% ᠶᠢ ᠡᠵᠡᠯᠡᠪᠡ᠂ ᠭᠠᠶᠢᠯᠢ ᠶᠢᠨ ᠪᠤᠰᠤ ᠣᠷᠣᠯᠭ᠎ᠠ ᠶᠢ 11,746 | ᠲᠦᠮᠡᠨ ᠲᠥᠭᠦᠷᠢᠭ ᠪᠡᠶᠡᠯᠡᠭᠦᠯᠵᠦ᠂ ᠳᠡᠭᠡᠷ᠎ᠡ ᠵᠢᠯ ᠤᠨ ᠬᠢ ᠠᠴᠠ 6,411 ᠲᠦᠮᠡᠨ ᠲᠥᠭᠦᠷᠢᠭ ᠬᠠᠰᠤᠭᠳᠠᠵᠤ᠂ | 35.3% ᠪᠠᠭᠤᠷᠠᠵᠤ᠂ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢᠨ 29% ᠶᠢ ᠡᠵᠡᠯᠡᠵᠦ᠂ | ᠡᠳ᠋ ᠤᠨ ᠵᠠᠰᠠᠭ ᠤᠨ ᠣᠷᠣᠯᠭ᠎ᠠ ᠶᠢᠨ ᠶᠠᠰᠤ ᠴᠢᠨᠠᠷ ᠨᠡᠯᠢᠶᠡᠳ ᠰᠠᠶᠢᠨ ᠪᠠᠶᠢᠨ᠎ᠠ᠃ | ᠪᠦᠬᠦ ᠬᠤᠰᠢᠭᠤᠨ ᠤ ᠡᠩ ᠤᠨ ᠣᠯᠠᠨ ᠨᠡᠶᠢᠲᠡ ᠶᠢᠨ ᠲᠥᠰᠦᠪ ᠤᠨ ᠵᠠᠷᠤᠯᠭ᠎ᠠ ᠶᠢ 363,090 ᠲᠦᠮᠡᠨ | ᠲᠥᠭᠦᠷᠢᠭ ᠪᠡᠶᠡᠯᠡᠭᠦᠯᠵᠦ᠂ ᠣᠨ ᠤ ᠲᠣᠬᠢᠷᠠᠭᠤᠯᠤᠭᠰᠠᠨ ᠲᠥᠰᠦᠪ ᠤᠨ 100% ᠶᠢ ᠪᠡᠶᠡᠯᠡᠭᠦᠯᠵᠦ᠂ ᠠᠳᠠᠯᠢ | ᠬᠤᠭᠤᠴᠠᠭᠠᠨ ᠤ ᠬᠢ ᠠᠴᠠ 12,862 ᠲᠦᠮᠡᠨ ᠲᠥᠭᠦᠷᠢᠭ ᠨᠡᠮᠡᠭᠳᠡᠵᠦ᠂ 4% ᠪᠠᠷ ᠳᠡᠭᠡᠭᠰᠢᠯᠡᠪᠡ᠃ | ︵ ᠬᠤᠶᠠᠷ︶ ᠵᠠᠰᠠᠭ ᠤᠨ ᠣᠷᠳᠣᠨ ᠤ ᠴᠢᠨᠠᠷᠲᠠᠶ ᠰᠠᠭᠤᠷᠢ ᠮᠥᠩᠭᠦᠨ ᠤ ᠲᠥᠰᠦᠪ ᠢ ᠭᠦᠶᠴᠡᠳᠬᠡᠭᠰᠡᠨ | ᠪᠠᠶᠢᠳᠠᠯ | ᠪᠦᠬᠦ ᠬᠤᠰᠢᠭᠤᠨ ᠤ ᠵᠠᠰᠠᠭ ᠤᠨ ᠣᠷᠳᠣᠨ ᠤ ᠴᠢᠨᠠᠷᠲᠠᠢ ᠰᠠᠭᠤᠷᠢ ᠮᠥᠩᠭᠦ ᠶᠢᠨ ᠶᠡᠷᠦᠩᠬᠡᠢ ᠣᠷᠣᠯᠭ᠎ᠠ | 66,960 ᠲᠦᠮᠡᠨ ᠲᠥᠭᠦᠷᠢᠭ ᠬᠦᠷᠴᠦ᠂ ᠡᠭᠦᠨ ᠳᠤ᠄ ᠲᠤᠬᠠᠢ ᠶᠢᠨ ᠵᠢᠯ ᠤᠨ ᠵᠠᠰᠠᠭ ᠤᠨ ᠣᠷᠳᠣᠨ ᠤ ᠴᠢᠨᠠᠷᠲᠠᠢ | ᠰᠠᠭᠤᠷᠢ ᠮᠥᠩᠭᠦ ᠶᠢᠨ ᠣᠷᠤᠯᠭ᠎ᠠ 38,224 ᠲᠦᠮᠡᠨ ᠲᠥᠭᠦᠷᠢᠭ ᠬᠦᠷᠴᠦ᠂ ᠳᠡᠭᠡᠷ᠎ᠡ ᠱᠠᠲᠤᠨ ᠤ ᠨᠥᠬᠦᠪᠥᠷᠢ ᠶᠢᠨ | ᠣᠷᠣᠯᠭ᠎ᠠ 3,688 ᠲᠦᠮᠡᠨ ᠲᠥᠭᠦᠷᠢᠭ ᠬᠦᠷᠴᠦ᠂ ᠦᠷᠢᠲᠡᠯ ᠢ ᠵᠢᠭᠡᠯᠡᠯᠭᠡ ᠪᠣᠯᠭᠠᠨ ᠬᠤᠪᠢᠷᠠᠭᠤᠯᠤᠭᠰᠠᠨ | ᠣᠷᠣᠯᠭ᠎ᠠ 15,000 ᠲᠦᠮᠡᠨ ᠲᠥᠭᠦᠷᠢᠭ ᠬᠦᠷᠴᠦ᠂ ᠳᠡᠭᠡᠷ᠎ᠡ ᠵᠢᠯ ᠤᠨ ᠳ᠋ᠦᠩᠨᠡᠨ ᠰᠢᠯᠵᠢᠭᠦᠯᠦᠭᠰᠡᠨ 10,048 | ᠲᠦᠮᠡᠨ ᠲᠥᠭᠦᠷᠢᠭ ᠪᠣᠯᠤᠨ᠎ᠠ᠃ | ᠪᠦᠬᠦ ᠬᠤᠰᠢᠭᠤᠨ ᠤ ᠵᠠᠰᠠᠭ ᠤᠨ ᠣᠷᠳᠣᠨ ᠤ ᠴᠢᠨᠠᠷᠲᠠᠢ ᠰᠠᠭᠤᠷᠢ ᠮᠥᠩᠭᠦ ᠶᠢᠨ ᠵᠠᠷᠤᠯᠭ᠎ᠠ ᠨᠡᠶᠢᠲᠡ 62, | 257 ᠲᠦᠮᠡᠨ ᠲᠦᠭᠦᠷᠢᠭ ᠲᠤ ᠬᠦᠷᠴᠡᠢ᠂ ᠡᠭᠦᠨ ᠳᠤ᠄ ᠲᠤᠬᠠᠢ ᠶᠢᠨ ᠵᠢᠯ ᠤᠨ ᠵᠠᠰᠠᠭ ᠤᠨ ᠣᠷᠳᠣᠨ ᠤ | ᠴᠢᠨᠠᠷᠲᠠᠢ ᠰᠠᠭᠤᠷᠢ ᠮᠥᠩᠭᠦ ᠶᠢᠨ ᠵᠠᠷᠤᠯᠭ᠎ᠠ 22,228 ᠲᠦᠮᠡᠨ ᠲᠥᠭᠦᠷᠢᠭ᠂ ᠳᠡᠭᠡᠭᠰᠢ ᠲᠤᠰᠢᠶᠠᠭᠰᠠᠨ ᠲᠡᠭᠡᠷ᠎ᠡ | ᠱᠠᠲᠤᠨ ᠤ ᠵᠠᠷᠤᠯᠭ᠎ᠠ 5,029 ᠲᠦᠮᠡᠨ ᠲᠥᠭᠦᠷᠢᠭ᠂ ᠰᠢᠯᠵᠢᠭᠦᠯᠦᠨ ᠭᠠᠷᠭᠠᠭᠰᠠᠨ ᠪᠡᠯᠡ ᠮᠥᠩᠭᠦ 35,000 | ᠲᠦᠮᠡᠨ ᠲᠥᠭᠦᠷᠢᠭ᠃ ᠣᠷᠣᠯᠭ᠎ᠠ ᠵᠠᠷᠤᠯᠭ᠎ᠠ ᠶᠢ ᠲᠤᠯᠭᠠᠵᠤ ᠪᠣᠳᠣᠪᠠᠯ ᠵᠠᠰᠠᠭ ᠤᠨ ᠣᠷᠳᠣᠨ ᠤ ᠴᠢᠨᠠᠷᠲᠠᠢ ᠰᠠᠭᠤᠷᠢ | ᠮᠥᠩᠭᠦ ᠶᠢᠨ ᠵᠢᠯ ᠤᠨ ᠡᠴᠦᠰ ᠤᠨ ᠬᠤᠷᠠᠮᠳᠤᠯ ᠦᠯᠡᠳᠡᠪᠦᠷᠢ 4,703 ᠲᠦᠮᠡᠨ ᠲᠥᠭᠦᠷᠢᠭ ᠪᠣᠯᠤᠨ᠎ᠠ᠃ | ︵ᠭᠤᠷᠪᠠ︶ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦᠨ ᠤ ᠲᠥᠰᠦᠪ ᠢ ᠭᠦᠶᠴᠡᠳᠬᠡᠭᠰᠡᠨ | ᠪᠠᠶᠢᠳᠠᠯ | ᠨᠡᠶᠢᠭᠡᠮ ᠤᠨ ᠳᠠᠭᠠᠳᠭᠠᠯ ᠤᠨ ᠰᠠᠭᠤᠷᠢ ᠮᠥᠩᠭᠦ ᠶᠢᠨ ᠣᠷᠣᠯᠭ᠎ᠠ ᠨᠡᠶᠢᠲᠡ 57,738 ᠲᠦᠮᠡᠨ | ᠲᠥᠭᠦᠷᠢᠭ ᠬᠦᠷᠴᠠᠢ᠂ ᠡᠭᠦᠨ ᠳᠤ᠄ ᠲᠤᠬᠠᠶ ᠶᠢᠨ ᠵᠢᠯ ᠤᠨ ᠨᠡᠶᠢᠭᠡᠮ ᠤᠨ ᠳᠠᠭᠠᠳᠭᠠᠯ ᠤᠨ ᠰᠠᠭᠤᠷᠢ ᠮᠥᠩᠭᠦ ᠶᠢᠨ | ᠣᠷᠣᠯᠭ᠎ᠠ 32,883 ᠲᠦᠮᠡᠨ ᠲᠥᠭᠦᠷᠢᠭ᠂ ᠳᠡᠭᠡᠷ᠎ᠡ ᠵᠢᠯ ᠤᠨ ᠦᠯᠡᠳᠡᠪᠦᠷᠢ 24,855 ᠲᠦᠮᠡᠨ ᠲᠥᠭᠦᠷᠢᠭ᠃ | ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦ ᠶᠢᠨ ᠲᠤᠬᠠᠢ ᠶᠢᠨ ᠵᠢᠯ ᠤᠨ ᠵᠠᠷᠤᠯᠭ᠎ᠠ 28,606 | ᠲᠦᠮᠡᠨ ᠲᠥᠭᠦᠷᠢᠭ ᠬᠦᠷᠴᠠᠢ᠃ ᠣᠷᠣᠯᠭ᠎ᠠ ᠵᠠᠷᠤᠯᠭ᠎ᠠ ᠶᠢ ᠲᠤᠯᠭᠠᠵᠤ ᠪᠣᠳᠤᠭᠰᠠᠨ ᠤ ᠳᠠᠷᠠᠭ᠎ᠠ ᠨᠡᠶᠢᠭᠡᠮ ᠤᠨ | ᠳᠠᠭᠠᠳᠬᠠᠯ ᠤᠨ ᠰᠠᠭᠤᠷᠢ ᠮᠥᠩᠭᠦ ᠶᠢᠨ ᠵᠢᠯ ᠤᠨ ᠡᠴᠦᠰ ᠤᠨ ᠦᠯᠡᠳᠡᠪᠦᠷᠢ 29,132 ᠲᠦᠮᠡᠨ ᠲᠥᠭᠦᠷᠢᠭ | ᠪᠣᠯᠤᠨ᠎ᠠ᠃ | ︵ ᠲᠦᠷᠪᠡ︶ ᠤᠯᠤᠰ ᠤᠨ ᠦᠮᠴᠢᠯᠡᠯᠲᠦ ᠬᠦᠷᠦᠩᠭᠡ ᠶᠢᠨ ᠡᠵᠡᠩᠨᠡᠯᠲᠡ ᠶᠢᠨ ᠲᠥᠰᠦᠪ ᠢ | ᠭᠦᠶᠴᠡᠳᠬᠡᠭᠰᠡᠨ ᠪᠠᠶᠢᠳᠠᠯ | ᠤᠯᠤᠰ ᠤᠨ ᠦᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠦᠪ ᠤᠨ ᠣᠷᠣᠯᠭ᠎ᠠ ᠶᠢ 2,988 | ᠲᠦᠮᠡᠨ ᠲᠥᠭᠦᠷᠢᠭ᠂ ᠤᠯᠤᠰ ᠤᠨ ᠦᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠦᠪ ᠤᠨ ᠵᠠᠷᠤᠯᠭ᠎ᠠ ᠶᠢ | 360 ᠲᠦᠮᠡᠨ ᠲᠥᠭᠦᠷᠢᠭ᠂ 2,500 ᠲᠦᠮᠡᠨ ᠲᠥᠭᠦᠷᠢᠭ ᠰᠢᠯᠵᠢᠭᠦᠯᠦᠨ ᠭᠠᠷᠭᠠᠵᠤ᠂ ᠵᠢᠯ ᠤᠨ ᠡᠴᠦᠰ ᠤᠨ | ᠦᠯᠡᠳᠡᠪᠦᠷᠢ 128 ᠲᠦᠮᠡᠨ ᠲᠥᠭᠦᠷᠢᠭ ᠪᠣᠯᠤᠨ᠎ᠠ᠃ | ︵ᠲᠠᠪᠤ︶ ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠳᠡᠭᠲᠦ ᠶᠢ ᠵᠢᠭᠡᠯᠡᠯᠭᠡ ᠪᠣᠯᠭᠠᠨ | ᠬᠤᠪᠢᠷᠠᠭᠤᠯᠤᠭᠰᠠᠨ ᠪᠠᠶᠢᠳᠠᠯ | 2019 ᠣᠨ ᠳᠤ ᠳᠡᠬᠡᠳᠦ ᠱᠠᠲᠤᠨ ᠠᠴᠠ ᠮᠠᠨ ᠤ ᠬᠤᠰᠢᠭᠤᠨ ᠤ ᠣᠷᠣᠨ ᠨᠤᠲᠤᠭ ᠤᠨ ᠵᠠᠰᠠᠭ ᠤᠨ | ᠣᠷᠳᠣᠨ ᠤ ᠵᠢᠭᠡᠯᠡᠯᠭᠡ ᠶᠢᠨ ᠲᠡᠮᠳᠡᠭᠲᠦ ᠶᠢ 55,010 ᠲᠦᠮᠡᠨ ᠲᠥᠭᠦᠷᠢᠭ ᠰᠢᠯᠵᠢᠭᠦᠯᠦᠨ ᠵᠢᠭᠡᠯᠡᠯᠭᠡ ᠪᠣᠯᠭᠠᠪᠠ᠂ | ᠡᠭᠦᠨ ᠳᠤ᠄ ᠰᠢᠨ᠎ᠡ ᠨᠡᠮᠡᠭᠳᠡᠭᠰᠡᠨ ᠡᠩ ᠤᠨ ᠵᠢᠭᠡᠯᠡᠯᠭᠡ ᠶᠢᠨ ᠲᠡᠮᠳᠡᠭᠲᠦ 20,000 ᠲᠦᠮᠡᠨ ᠲᠥᠭᠦᠷᠢᠭ᠂ ᠰᠢᠨ᠎ᠡ | ᠪᠠᠷ ᠨᠡᠮᠡᠭᠳᠡᠭᠰᠡᠨ ᠲᠤᠰᠬᠠᠢ ᠵᠦᠢᠯ ᠤᠨ ᠵᠢᠭᠡᠯᠡᠯᠭᠡ ᠶᠢᠨ ᠲᠡᠮᠳᠡᠭᠲᠦ 15,000 ᠲᠦᠮᠡᠨ ᠲᠥᠭᠦᠷᠢᠭ᠂ ᠳᠠᠬᠢᠨ ᠪᠡᠯᠡ | ᠲᠣᠬᠢᠷᠠᠭᠤᠯᠬᠤ ᠵᠢᠭᠡᠯᠡᠯᠭᠡ ᠶᠢᠨ ᠲᠡᠮᠳᠡᠭᠲᠦ 20,010 ᠲᠦᠮᠡᠨ ᠲᠥᠭᠦᠷᠢᠭ ᠪᠣᠯᠤᠨ᠎ᠠ᠃ ᠴᠣᠬᠤᠯᠠᠪᠤᠷᠢᠯᠠᠭᠰᠠᠨ | ᠣᠷᠣᠨ ᠨᠤᠲᠤᠭ ᠤᠨ ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠳᠡᠭᠲᠦ ᠶᠢ ᠬᠡᠷᠡᠭᠯᠡᠬᠦ ᠲᠥᠯᠥᠪᠯᠡᠭᠡ ᠶᠣᠰᠣᠭᠠᠷ᠂ | ᠰᠢᠨ᠎ᠡ ᠪᠠᠷ ᠨᠡᠮᠡᠭᠳᠡᠭᠰᠡᠨ ᠡᠩ ᠤᠨ ᠵᠢᠭᠡᠯᠡᠯᠭᠡ ᠶᠢᠨ ᠲᠡᠮᠳᠡᠭᠲᠦ ᠶᠢ ᠮᠤᠵᠢ ᠶᠢᠨ ᠵᠠᠮ ᠤᠨ 210 ᠱᠤᠭᠤᠮ ᠤᠨ | ᠪᠠᠶ᠋ᠬᠠᠦ᠋ᠨᠳᠦᠷ — ᠪᠠᠯᠴᠢᠷᠤᠳ ᠬᠥᠷᠬᠦ ᠵᠠᠰᠠᠮᠠᠯ ᠵᠠᠮ ᠤᠨ ᠪᠠᠷᠢᠯᠭ᠎ᠠ ᠳᠤ ᠬᠡᠷᠡᠭᠯᠡᠪᠡ᠃ ᠰᠢᠨ᠎ᠡ ᠪᠠᠷ ᠨᠡᠮᠡᠭᠳᠡᠭᠰᠡᠨ | ᠲᠤᠰᠬᠠᠶ ᠵᠦᠶᠯ ᠤᠨ ᠵᠢᠭᠡᠯᠡᠯᠭᠡ ᠶᠢᠨ ᠲᠡᠮᠳᠡᠭᠲᠦ 10,000 ᠲᠦᠮᠡᠨ ᠲᠥᠭᠦᠷᠢᠭ ᠢ ᠴᠢᠪᠠᠭ᠎ᠠ ᠬᠤᠲᠠ ᠲᠣᠭᠤᠷᠢᠭ | ᠤᠨ ᠰᠢᠨ᠎ᠡ ᠬᠤᠲᠠ ᠶᠢᠨ ᠲᠡᠮᠦᠷ ᠵᠠᠮ ᠤᠨ ᠬᠤᠶᠢᠲᠤ ᠬᠡᠰᠡᠭ ᠲᠣᠭᠤᠷᠢᠭ ᠤᠨ ᠬᠤᠲᠠ ᠶᠢᠨ ᠳᠥᠭᠦᠮ ᠪᠦᠳᠦᠭᠦᠯᠢᠭ | ᠣᠷᠣᠨ ᠰᠠᠭᠤᠴᠠ ᠶᠢᠨ ᠲᠣᠭᠤᠷᠢᠭ ᠶᠢ ᠥᠭᠡᠷᠡᠴᠢᠯᠡᠬᠦ ᠵᠢᠴᠢ ᠢᠵᠢ ᠪᠦᠷᠢᠳᠦᠭᠦᠯᠬᠦ ᠰᠠᠭᠤᠷᠢ ᠲᠦᠬᠦᠭᠡᠷᠦᠮᠵᠢ ᠶᠢᠨ | ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠬᠡᠷᠡᠭᠯᠡᠵᠦ᠂ ᠰᠢᠨ᠎ᠡ ᠪᠠᠷ ᠨᠡᠮᠡᠭᠳᠡᠭᠰᠡᠨ ᠲᠤᠰᠬᠠᠢ ᠵᠦᠶᠯ ᠤᠨ | ᠵᠢᠭᠡᠯᠡᠯᠭᠡ ᠶᠢᠨ ᠲᠡᠮᠳᠡᠭᠲᠦ 5,000 ᠲᠦᠮᠡᠨ ᠲᠥᠭᠦᠷᠢᠭ ᠢ ᠳᠡᠭᠡᠷ᠎ᠡ ᠱᠠᠲᠤᠨ ᠤ ᠡᠳ᠋ ᠤᠨ ᠵᠠᠰᠠᠭ ᠲᠤ ᠲᠤᠰᠢᠶᠠᠵᠦ | ᠵᠢᠶ ᠲᠦᠩ ᠲᠡᠮᠦᠷ ᠵᠠᠮ ᠤᠨ ᠴᠠᠬᠢᠯᠭᠠᠨᠵᠢᠭᠤᠯᠬᠤ ᠥᠭᠡᠷᠡᠴᠢᠯᠡᠯᠲᠡ ᠶᠢᠨ ᠲᠥᠷᠥᠯ ᠵᠦᠢᠯ ᠳᠤ ᠬᠡᠷᠡᠭᠯᠡᠪᠡ᠂ ᠳᠠᠬᠢᠨ | ᠪᠠᠯᠠ ᠳᠣᠭᠢᠷᠠᠭᠤᠯᠬᠤ ᠵᠢᠭᠡᠯᠡᠯᠭᠡ ᠶᠢᠨ ᠲᠡᠮᠳᠡᠭᠲᠦ ᠶᠢ ᠪᠦᠬᠦᠨ ᠢ ᠣᠷᠣᠨ ᠨᠤᠲᠤᠭ ᠤᠨ ᠵᠠᠰᠠᠭ ᠤᠨ ᠣᠷᠳᠣᠨ ᠤ | ᠥᠷᠢ ᠥᠭᠴᠡᠭᠡ ᠶᠢᠨ ᠰᠢᠰᠲ᠋ᠧᠮ ᠳᠣᠲᠣᠷᠠᠬᠢ 2019 ᠣᠨ ᠤ ᠬᠤᠭᠤᠴᠠᠭ᠎ᠠ ᠲᠤᠯᠤᠭᠰᠠᠨ ᠡᠩ ᠤᠨ ᠵᠢᠭᠡᠯᠡᠯᠭᠡ | ᠶᠢᠨ ᠲᠡᠮᠳᠡᠭᠲᠦ ᠶᠢᠨ ᠡᠬᠡ ᠮᠥᠩᠭᠦ ᠶᠢ ᠪᠤᠴᠠᠭᠠᠬᠤ ᠳᠤ ᠬᠡᠷᠡᠭᠯᠡᠵᠡᠢ᠃ | ︵ᠵᠢᠷᠭᠤᠭ᠎ᠠ︶ 2019 ᠣᠨ ᠤ ᠡᠳ᠋ ᠤᠨ ᠵᠠᠰᠠᠭ ᠤᠨ ᠠᠵᠢᠯ ᠢ ᠦᠷᠨᠢᠭᠦᠯᠦᠭᠰᠡᠨ ᠪᠠᠶᠢᠳᠠᠯ | 1. ᠡᠳ᠋ ᠤᠨ ᠵᠠᠰᠠᠭ ᠤᠨ ᠣᠷᠣᠯᠭ᠎ᠠ ᠶᠢ ᠴᠢᠩᠭ᠎ᠠ ᠠᠳᠬᠤᠵᠤ᠂ ᠬᠡᠷᠡᠭᠯᠡᠵᠦ ᠪᠣᠯᠬᠤ ᠡᠳ᠋ ᠤᠨ ᠬᠦᠴᠦᠨ ᠢ | ᠨᠡᠮᠡᠭᠳᠡᠭᠦᠯᠦᠨ ᠡᠳ᠋ ᠤᠨ ᠵᠠᠰᠠᠭ ᠤᠨ ᠵᠠᠷᠤᠯᠭ᠎ᠠ ᠶᠢᠨ ᠳᠠᠷᠤᠯᠲᠠ ᠶᠢ ᠨᠠᠮᠳᠠᠭᠤᠯᠪᠠ | ᠨᠢᠭᠡ ᠳᠤ ᠤᠯᠤᠰ ᠤᠨ ︽ᠭᠠᠶᠢᠯᠢ ᠬᠥᠩᠭᠡᠯᠡᠵᠦ ᠰᠦᠶᠳᠬᠡᠯ ᠪᠠᠭᠤᠷᠠᠭᠤᠯᠬᠤ︾ ᠲᠥᠷᠥ ᠶᠢᠨ ᠪᠣᠳᠣᠯᠭ᠎ᠠ | ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠲᠥᠷᠥ ᠶᠢᠨ ᠪᠣᠳᠣᠯᠭ᠎ᠠ ᠶᠢᠨ ᠨᠥᠯᠥᠭᠡ ᠶᠢ ᠰᠢᠨᠵᠢᠯᠡᠬᠦ ᠤᠬᠠᠭᠠᠨᠴᠢ ᠪᠠᠷ | ᠵᠢᠱᠢᠨ ᠪᠣᠳᠤᠵᠤ᠂ ᠠᠵᠤ ᠠᠬᠤᠶᠢᠯᠠᠯ ᠤᠨ ᠭᠠᠶᠢᠯᠢ ᠰᠦᠶᠳᠬᠡᠯ ᠤᠨ ᠳᠠᠷᠤᠭᠠᠰᠤ ᠶᠢ ᠦᠨᠡᠨ ᠬᠦ ᠬᠥᠩᠭᠡᠷᠡᠭᠦᠯᠦᠨ᠂ | ᠠᠵᠤ ᠠᠬᠤᠶᠢᠯᠠᠯ ᠤᠨ ᠠᠰᠢᠭ ᠤᠯᠬᠤ ᠴᠢᠳᠠᠪᠤᠷᠢ ᠪᠠ ᠥᠷᠢᠰᠦᠯᠳᠦᠬᠦ ᠬᠦᠴᠦᠨ ᠢ ᠳᠡᠭᠡᠭᠰᠢᠯᠡᠭᠦᠯᠵᠦ᠂ ᠭᠠᠶᠢᠯᠢ ᠶᠢᠨ | ᠢᠷᠡᠯᠲᠡ ᠶᠢ ᠬᠦᠴᠦᠯᠡᠨ ᠬᠠᠳᠠᠭᠠᠯᠠᠵᠤ᠂ ᠣᠷᠣᠯᠭ᠎ᠠ ᠬᠠᠰᠤᠭᠳᠠᠭᠰᠠᠨ ᠠᠴᠠ ᠪᠣᠯᠤᠭᠰᠠᠨ ᠡᠳ᠋ ᠤᠨ ᠵᠠᠰᠠᠭ ᠤᠨ | ᠳᠠᠷᠤᠯᠲᠠ ᠶᠢ ᠯᠠᠪᠳᠠᠭᠤᠨ ᠢᠶᠠᠷ ᠰᠢᠢᠳᠪᠦᠷᠢᠯᠡᠪᠡ᠃ ᠬᠤᠶᠠᠷ ᠲᠤ ︽ᠲᠥᠰᠦᠪ ᠤᠨ ᠬᠠᠤᠯᠢ︾ ᠶᠢ ᠪᠦᠬᠦ ᠲᠠᠯ᠎ᠠ ᠪᠠᠷ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠭᠠᠶᠢᠯᠢ ᠶᠢᠨ ᠪᠤᠰᠤ ᠣᠷᠣᠯᠭ᠎ᠠ ᠶᠢᠨ ᠬᠠᠮᠢᠶᠠᠷᠤᠯᠲᠠ ᠶᠢ ᠵᠢᠷᠤᠮᠵᠢᠭᠤᠯᠤᠨ᠂ | ᠵᠠᠰᠠᠭ ᠵᠠᠬᠢᠷᠭ᠎ᠠ ᠠᠵᠢᠯ ᠦᠶᠯᠡᠰ ᠤᠨ ᠴᠢᠨᠠᠷᠲᠠᠶ ᠰᠦᠢᠳᠭᠡᠯ ᠬᠤᠷᠢᠶᠠᠬᠤ ᠵᠢᠭᠰᠠᠭᠠᠯᠲᠠ ᠢ ᠲᠡᠭᠦᠯᠳᠡᠷᠵᠢᠭᠦᠯᠵᠦ᠂ | ᠭᠠᠶᠢᠯᠢ ᠶᠢᠨ ᠪᠤᠰᠤ ᠣᠷᠣᠯᠭ᠎ᠠ ᠶᠢ ᠬᠥᠮᠥᠷᠭᠡ ᠳᠤ ᠲᠤᠰᠢᠶᠠᠬᠤ ᠶᠢ ᠴᠠᠭ ᠲᠤᠬᠠᠶ ᠳᠤᠨᠢ ᠭᠦᠶᠴᠡᠳ ᠲᠤᠭ᠎ᠠ ᠪᠠᠷ | ᠣᠨᠣᠪᠴᠢᠲᠠᠶ ᠪᠠᠶᠢᠯᠭᠠᠬᠤ ᠶᠢ ᠦᠨᠡᠨᠬᠦ ᠪᠠᠲᠤᠯᠠᠪᠠ᠃ ᠭᠤᠷᠪᠠ ᠳᠤ ᠡᠳ᠋ ᠮᠥᠩᠭᠦᠨ ᠤ ᠢᠷᠡᠯᠲᠡ ᠶᠢ ᠰᠢᠨ᠎ᠡ ᠪᠠᠷ | ᠡᠭᠦᠳᠦᠨ ᠨᠡᠭᠡᠭᠡᠵᠦ᠂ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠨᠡᠮᠡᠭᠳᠡᠯ ᠬᠠᠰᠤᠭᠳᠠᠯ ᠢ | ᠬᠤᠯᠪᠣᠭᠳᠠᠭᠤᠯᠬᠤ ᠭᠦᠶᠴᠡᠳᠬᠡᠯ ᠲᠤᠭ᠎ᠠ ᠶᠢᠨ ᠨᠥᠭᠡᠴᠡᠯᠡᠯᠲᠡ ᠪᠠ ᠠᠷᠠᠯᠵᠢᠶ᠎ᠠ ᠶᠢ ᠢᠳᠡᠪᠬᠢᠲᠡᠶ ᠥᠷᠨᠢᠭᠦᠯᠵᠦ᠂ | ᠵᠠᠰᠠᠭ ᠤᠨ ᠣᠷᠳᠣᠨ ᠤ ᠴᠢᠨᠠᠷᠲᠠᠶ ᠰᠠᠭᠤᠷᠢ ᠮᠥᠩᠭᠦ ᠶᠢᠨ ᠣᠷᠣᠯᠭ᠎ᠠ ᠶᠢᠨ ᠪᠦᠲᠦᠴᠡ ᠳᠤ ᠰᠢᠨ᠎ᠡ ᠬᠤᠪᠢᠷᠠᠯᠲᠠ | ᠭᠠᠷᠬᠤ ᠶᠢ ᠠᠬᠢᠭᠤᠯᠪᠠ᠃ ᠳᠥᠷᠪᠡ ᠳᠤ ᠣᠷᠣᠨ ᠨᠤᠲᠤᠭ ᠤᠨ ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠳᠡᠭᠲᠦ | ᠶᠢ ᠴᠢᠷᠮᠠᠶᠢᠨ ᠣᠯᠵᠤ᠂ ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠳᠡᠭᠲᠦ ᠶᠢ ᠮᠡᠳᠡᠭᠦᠯᠬᠦ ᠨᠥᠬᠦᠴᠡᠯ ᠢ ᠬᠢᠨᠠᠮᠠᠭᠠᠶ | ᠣᠶᠢᠯᠠᠭᠠᠵᠤ᠂ ᠳᠡᠬᠡᠳᠦ ᠱᠠᠲᠤᠨ ᠠᠴᠠ ᠲᠤᠭ᠎ᠠ ᠬᠡᠮᠵᠢᠶ᠎ᠡ ᠲᠣᠬᠢᠷᠠᠭᠤᠯᠬᠤ ᠶᠢ ᠣᠯᠬᠤ ᠪᠠᠷ ᠢᠳᠡᠪᠬᠢᠲᠠᠢ ᠴᠢᠷᠮᠠᠶᠢᠪᠠ᠃ | | 2. ᠵᠠᠷᠤᠯᠭ᠎ᠠ ᠶᠢᠨ ᠪᠦᠲᠦᠴᠡ ᠶᠢ ᠰᠢᠯᠢᠳᠡᠭᠵᠢᠭᠦᠯᠵᠦ᠂ ᠠᠷᠠᠳ ᠤᠨ ᠠᠮᠢᠳᠤᠷᠠᠯ ᠪᠠ ᠨᠡᠶᠢᠭᠡᠮ ᠤᠨ | ᠦᠢᠯᠡᠰ ᠤᠨ ᠬᠦᠭᠵᠢᠯᠲᠡ ᠶᠢᠨ ᠬᠡᠷᠡᠭᠴᠡᠭᠡ ᠶᠢ ᠦᠨᠡᠨᠬᠦ ᠪᠠᠲᠤᠯᠠᠪᠠ | ︽ᠠᠷᠪᠢᠯᠠᠨ ᠭᠠᠮᠨᠠᠬᠤ︾ ᠦᠵᠡᠯ ᠰᠠᠨᠠᠭ᠎ᠠ ᠶᠢ ᠪᠠᠲᠤ ᠪᠠᠬᠢ ᠪᠤᠢ ᠪᠣᠯᠭᠠᠵᠤ᠂ ᠲᠥᠪ ᠤᠨ ︽ᠨᠠᠢᠮᠠᠨ | ᠵᠦᠢᠯ ᠤᠨ ᠲᠣᠭᠲᠠᠭᠠᠯ︾ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ︽ᠭᠤᠷᠪᠠᠨ ᠵᠦᠢᠯ ᠤᠨ ᠠᠯᠪᠠᠨ ᠵᠠᠷᠤᠳᠠᠯ︾ | ᠵᠡᠷᠭᠡ ᠡᠩ ᠤᠨ ᠵᠠᠷᠤᠯᠭ᠎ᠠ ᠶᠢ ᠴᠢᠩᠭ᠎ᠠ ᠬᠢᠵᠠᠭᠠᠷᠯᠠᠵᠤ᠂ ᠵᠠᠰᠠᠭ ᠵᠠᠬᠢᠷᠭᠠᠨ ᠤ ᠠᠵᠢᠯᠯᠠᠭᠠᠨ ᠤ ᠥᠪᠡᠷ ᠤᠨ ᠥᠷᠲᠡᠭ | ᠢ ᠪᠠᠭᠠᠰᠬᠠᠵᠤ᠂ ᠬᠡᠷᠡᠭᠯᠡᠵᠦ ᠪᠣᠯᠬᠤ ᠡᠳ᠋ ᠤᠨ ᠬᠦᠴᠦᠨ ᠢ ︽ᠴᠠᠯᠢᠩ ᠢ ᠪᠠᠲᠤᠯᠠᠬᠤ᠂ ᠡᠷᠭᠢᠯᠲᠡ ᠶᠢ ᠪᠠᠲᠤᠯᠠᠬᠤ᠂ | ᠠᠷᠠᠳ ᠤᠨ ᠦᠨᠳᠦᠰᠦᠨ ᠠᠮᠢᠳᠤᠷᠠᠯ ᠢ ᠪᠠᠲᠤᠯᠠᠬᠤ︾ ᠪᠠ ᠶᠠᠳᠠᠭᠤ ᠠᠴᠠ ᠠᠩᠭᠢᠵᠢᠷᠠᠭᠤᠯᠬᠤ ᠪᠡᠷᠬᠡ ᠶᠢ ᠳᠠᠪᠠᠭ᠋ᠣ | ᠵᠡᠷᠭᠡ ᠭᠤᠣᠯᠳᠠᠯᠭ᠎ᠠ ᠲᠠᠢ ᠡᠭᠦᠷᠭᠡ ᠪᠠ ᠲᠥᠷᠥᠯ ᠵᠦᠢᠯ ᠳᠡᠭᠡᠷ᠎ᠡ ᠲᠥᠪᠯᠡᠷᠡᠭᠦᠯᠦᠨ ᠬᠡᠷᠡᠭᠯᠡᠵᠡᠢ᠃ ᠨᠢᠭᠡ ᠳᠤ ᠪᠦᠬᠦ | ᠬᠤᠰᠢᠭᠤᠨ ᠤ ᠡᠯ᠎ᠡ ᠲᠥᠷᠥᠯ ᠤᠨ ᠠᠵᠢᠯᠲᠠᠨ ᠤ ᠴᠠᠯᠢᠩ ᠢ 88,086 ᠲᠦᠮᠡᠨ ᠲᠥᠭᠦᠷᠢᠭ ᠪᠠᠭᠤᠯᠭᠠᠪᠠ᠃ | ᠬᠤᠶᠠᠷ ᠲᠤ᠋ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ᠂ ᠬᠤᠲᠠ ᠬᠥᠳᠡᠭᠡ ᠶᠢᠨ | ᠰᠠᠭᠤᠭᠠᠯᠢ ᠠᠷᠠᠳ ᠤᠨ ᠨᠡᠶᠢᠭᠡᠮ ᠤᠨ ᠨᠠᠰᠤᠵᠢᠯ ᠤᠨ ᠳᠠᠭᠠᠳᠬᠠᠯ᠂ ᠠᠰᠠᠷᠠᠨ ᠬᠠᠷᠠᠭᠠᠯᠵᠠᠬᠤ᠂ ᠲᠠᠪᠤᠨ ᠪᠠᠲᠤᠯᠠᠭ᠎ᠠ | ᠪᠠᠷ ᠠᠰᠠᠷᠠᠨ ᠲᠡᠵᠢᠭᠡᠬᠦ᠂ ᠡᠯ᠎ᠡ ᠲᠥᠷᠥᠯ ᠤᠨ ᠨᠡᠶᠢᠭᠡᠮ ᠤᠨ ᠠᠪᠤᠷᠠᠨ ᠲᠤᠰᠠᠯᠠᠬᠤ᠂ ᠨᠡᠶᠢᠭᠡᠮ ᠤᠨ ᠠᠰᠠᠷᠠᠮᠵᠢ ᠪᠠ | ᠨᠡᠶᠢᠭᠡᠮ ᠤᠨ ᠪᠠᠲᠤᠯᠠᠭ᠎ᠠ᠂ ᠠᠵᠢᠯ ᠣᠯᠭᠤᠯᠲᠠ ᠶᠢᠨ ᠪᠡᠯᠡ ᠮᠥᠩᠭᠦ ᠶᠢ 40,424 ᠲᠦᠮᠡᠨ ᠲᠥᠭᠦᠷᠢᠭ | ᠪᠠᠭᠤᠯᠭᠠᠪᠠ᠃ ᠭᠤᠷᠪᠠ ᠳᠤ ᠣᠯᠠᠨ ᠨᠡᠶᠢᠲᠡ ᠶᠢᠨ ᠡᠷᠡᠭᠦᠯ ᠬᠠᠮᠠᠭᠠᠯᠠᠯ᠂ ᠬᠤᠲᠠ ᠪᠠᠯᠭᠠᠰᠤᠨ ᠤ ᠰᠠᠭᠤᠭᠠᠯᠢ ᠠᠷᠠᠳ | ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ᠂ ᠠᠵᠢᠯ ᠠᠴᠠ ᠪᠠᠨ ᠠᠮᠠᠷᠠᠭᠰᠠᠨ ᠠᠬᠠᠮᠠᠳ ᠺᠠᠳ᠋ᠷ ᠤᠨ ᠡᠮ ᠤᠨ | ᠵᠠᠷᠤᠳᠠᠯ ᠵᠡᠷᠭᠡ ᠡᠮ ᠡᠮᠨᠡᠯᠭᠡ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠪᠡᠯᠡ ᠮᠥᠩᠭᠦ ᠶᠢ 21,739 ᠲᠦᠮᠡᠨ | ᠲᠥᠭᠦᠷᠢᠭ ᠪᠠᠭᠤᠯᠭᠠᠪᠠ᠃ ᠳᠥᠷᠪᠡ ᠳᠤ ᠲᠠᠷᠢᠶᠠᠯᠠᠩ ᠤᠨ ᠮᠠᠰᠢᠨ ᠪᠠᠭᠠᠵᠢ ᠬᠤᠳᠠᠯᠳᠤᠨ ᠠᠪᠬᠤ ᠨᠥᠬᠦᠪᠥᠷᠢ᠂ | ᠲᠠᠷᠢᠶᠠᠯᠠᠬᠤ ᠶᠢ ᠵᠣᠭᠰᠣᠭᠠᠵᠤ ᠣᠢ ᠮᠣᠳᠣ ᠲᠠᠷᠢᠬᠤ᠂ ᠨᠡᠶᠢᠲᠡ ᠶᠢᠨ ᠠᠰᠠᠷᠠᠮᠵᠢ ᠶᠢᠨ ᠣᠢ᠂ ᠲᠠᠷᠢᠶᠠᠨ ᠭᠠᠵᠠᠷ ᠤᠨ | ᠤᠰᠤᠨ ᠠᠰᠢᠭᠯᠠᠯᠲᠠ᠂ ᠤᠰᠤ ᠣᠮᠳᠠ ᠶᠢᠨ ᠠᠶᠤᠯᠭᠦᠢ᠂ ᠶᠠᠳᠠᠭᠤ ᠶᠢ ᠲᠡᠳᠬᠦᠬᠦ ᠵᠡᠷᠭᠡ ᠲᠠᠷᠢᠶᠠᠯᠠᠩ ᠣᠢ ᠰᠢᠭᠤᠢ | ᠤᠰᠤᠨ ᠠᠰᠢᠭᠯᠠᠯᠲᠠ ᠶᠢᠨ ᠪᠡᠯᠡ ᠮᠥᠩᠭᠦ ᠶᠢ 95,671 ᠲᠦᠮᠡᠨ ᠲᠥᠭᠦᠷᠢᠭ ᠪᠠᠭᠤᠯᠭᠠᠪᠠ᠃ ᠲᠠᠪᠤ ᠳᠤ ᠠᠯᠪᠠᠨ | ᠵᠢᠷᠤᠮ ᠤᠨ ᠰᠤᠷᠭᠠᠨ ᠬᠥᠮᠦᠵᠢᠯ ᠤᠨ ᠨᠡᠶᠢᠲᠡ ᠶᠢᠨ ᠬᠡᠷᠡᠭᠯᠡᠭᠡᠨ ᠤ ᠵᠠᠷᠤᠳᠠᠯ᠂ ᠰᠤᠷᠭᠠᠨ ᠬᠦᠮᠦᠵᠢᠯ ᠤᠨ ᠰᠤᠷᠤᠯᠭ᠎ᠠ | ᠶᠢᠨ ᠲᠡᠳᠬᠦᠮᠵᠢ ᠶᠢᠨ ᠮᠥᠩᠭᠦ᠂ ᠪᠠᠶᠢᠷᠢ ᠳᠤ ᠰᠠᠭᠤᠭ᠎ᠠ ᠰᠤᠷᠤᠭᠴᠢ ᠶᠢᠨ ᠠᠮᠢᠳᠤᠷᠠᠯ ᠤᠨ ᠨᠦᠬᠦᠪᠦᠷᠢ ᠠᠯᠪᠠᠨ | ᠵᠢᠷᠤᠮ ᠤᠨ ᠰᠤᠷᠭᠠᠨ ᠬᠥᠮᠦᠵᠢᠯ ᠢ ᠲᠡᠩᠴᠡᠭᠦᠷᠢᠲᠡᠢ ᠬᠥᠭᠵᠢᠭᠦᠯᠬᠦ᠂ ᠰᠤᠷᠭᠠᠭᠤᠯᠢ ᠶᠢᠨ ᠠᠮᠤᠷ ᠲᠦᠪᠰᠢᠨ ᠤ | ᠢᠨᠵᠧᠨᠧᠷᠢᠩ ᠤᠨ ᠥᠷᠢᠲᠦᠭᠰᠡᠨ ᠵᠣᠭᠤᠰ ᠵᠡᠷᠭᠡ ᠰᠤᠷᠭᠠᠨ ᠬᠥᠮᠦᠵᠢᠯ ᠤᠨ ᠪᠡᠯᠡ ᠮᠥᠩᠭᠦ ᠶᠢ 13,135 ᠲᠦᠮᠡᠨ | ᠲᠥᠭᠦᠷᠢᠭ ᠪᠠᠭᠤᠯᠭᠠᠪᠠ᠃ ᠵᠢᠷᠭᠤᠭ᠎ᠠ ᠳᠤ ᠵᠠᠮ ᠬᠠᠷᠢᠯᠴᠠᠭ᠎ᠠ᠂ ᠬᠤᠲᠠ ᠶᠢᠨ ᠰᠠᠭᠤᠷᠢ ᠲᠥᠬᠦᠭᠡᠷᠦᠮᠵᠢ ᠶᠢᠨ | ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠶᠢ 48,958 ᠲᠦᠮᠡᠨ ᠲᠥᠭᠦᠷᠢᠭ ᠪᠠᠭᠤᠯᠭᠠᠪᠠ᠃ ᠳᠣᠯᠤᠭ᠎ᠠ ᠳᠤ | ᠣᠷᠣᠨ ᠰᠠᠭᠤᠴᠠ ᠶᠢᠨ ᠪᠠᠲᠤᠯᠠᠭ᠎ᠠ ᠶᠢᠨ ᠪᠡᠯᠡ ᠮᠥᠩᠭᠦ ᠶᠢ 22,045 ᠲᠦᠮᠡᠨ ᠲᠥᠭᠦᠷᠢᠭ ᠪᠠᠭᠤᠯᠭᠠᠪᠠ᠃ | 3. ᠪᠣᠳᠠᠲᠠᠢ ᠪᠠᠷ ᠠᠵᠢᠯᠯᠠᠨ ᠨᠠᠷᠢᠯᠢᠭ ᠣᠨᠣᠪᠴᠢᠲᠠᠢ ᠶᠢ ᠪᠠᠷᠢᠮᠲᠠᠯᠠᠵᠤ᠂ ︽ᠭᠤᠷᠪᠠᠨ ᠶᠡᠭᠡ ᠪᠡᠷᠬᠡ ᠶᠢ | ᠲᠣᠭᠤᠯᠬᠤ ᠳᠠᠶᠢᠯᠠᠯᠳᠤᠭᠠᠨ︾ ᠢ ᠰᠠᠶᠢᠲᠤᠷ ᠬᠢᠵᠦ ᠢᠯᠠᠯᠲᠠ ᠤᠯᠬᠤ ᠶᠢ ᠪᠦᠬᠦ ᠬᠦᠴᠦᠨ ᠢᠶᠠᠷ ᠢᠶᠠᠨ ᠪᠠᠲᠤᠯᠠᠪᠠ | ᠨᠢᠭᠡ ᠳᠤ ᠶᠠᠳᠠᠭᠤ ᠠᠴᠠ ᠠᠩᠭᠢᠵᠢᠷᠠᠭᠤᠯᠬᠤ ᠪᠡᠷᠬᠡ ᠶᠢ ᠲᠣᠭᠤᠯᠬᠤ ᠪᠠᠲᠤᠯᠠᠭ᠎ᠠ ᠶᠢ ᠬᠦᠴᠦᠲᠡᠶ ᠪᠣᠯᠭᠠᠪᠠ᠃ | 37,470 ᠲᠦᠮᠡᠨ ᠲᠥᠭᠦᠷᠢᠭ ᠢ ᠶᠠᠳᠠᠭᠤ ᠶᠢ ᠲᠡᠳᠬᠦᠬᠦ ᠪᠡᠯᠡ ᠮᠥᠩᠭᠦ ᠶᠢᠨ ᠬᠠᠮᠢᠶᠠᠷᠤᠯᠲᠠ ᠳᠤ ᠣᠷᠣᠭᠤᠯᠵᠤ᠂ | 36,141 ᠲᠦᠮᠡᠨ ᠲᠥᠭᠦᠷᠢᠭ ᠪᠠᠭᠤᠯᠭᠠᠵᠤ᠂ ᠪᠤᠰᠤᠳ ᠶᠠᠳᠠᠭᠤ ᠶᠢ ᠲᠡᠳᠬᠦᠬᠦ ᠪᠡᠯᠡ ᠮᠥᠩᠭᠦ ᠶᠢ 12,695 | ᠲᠦᠮᠡᠨ ᠲᠥᠭᠦᠷᠢᠭ ᠪᠠᠭᠤᠯᠭᠠᠪᠠ᠃ ᠭᠤᠤᠯᠳᠠᠭᠤ ᠣᠨᠳᠣᠤ ᠭᠠᠵᠠᠷ ᠲᠤ ᠨᠡᠭᠦᠯᠭᠡᠬᠦ ᠶᠠᠳᠠᠭᠤ ᠶᠢ ᠲᠡᠳᠬᠦᠬᠦ ᠲᠥᠷᠥᠯ | ᠵᠦᠶᠯ ᠤᠨ ᠪᠠᠷᠢᠮᠵᠢᠶ᠎ᠠ ᠠᠴᠠ ᠬᠡᠲᠦᠷᠡᠬᠦ ᠶᠢ ᠴᠡᠭᠴᠡᠯᠡᠨ ᠰᠠᠶᠢᠵᠢᠷᠠᠭᠤᠯᠬᠤ᠂ ᠶᠠᠳᠠᠭᠤ ᠠᠴᠠ ᠠᠩᠭᠢᠵᠢᠷᠠᠭᠤᠯᠬᠤ ᠪᠡᠷᠬᠡ | ᠶᠢ ᠲᠣᠭᠤᠯᠬᠤ ᠠᠵᠢᠯ ᠤᠨ ᠵᠠᠷᠤᠳᠠᠯ᠂ ᠨᠤᠷᠠᠬᠤ ᠠᠶᠤᠯᠲᠠᠶ ᠬᠡᠷ ᠪᠠᠶᠢᠰᠢᠩ ᠢ ᠰᠢᠨᠡᠳᠬᠡᠨ ᠵᠠᠰᠠᠬᠤ᠂ ︽ᠵᠢᠵᠢᠭ | ᠨᠡᠲᠦᠭᠡᠷ ᠪᠠᠶᠢᠰᠢᠩ︾ ᠢ ᠴᠡᠭᠴᠡᠯᠡᠨ ᠵᠠᠰᠠᠬᠤ᠂ ᠶᠠᠳᠠᠭᠤᠷᠠᠯ ᠢ ᠰᠡᠷᠭᠡᠶᠢᠯᠡᠬᠦ ᠳᠠᠭᠠᠳᠬᠠᠯ᠂ ᠰᠤᠷᠭᠠᠨ ᠬᠥᠮᠦᠵᠢᠯ ᠢᠶᠠᠷ | ᠶᠠᠳᠠᠭᠤ ᠶᠢ ᠲᠡᠳᠬᠦᠬᠦ ᠵᠠᠷᠤᠯᠭ᠎ᠠ᠂ ᠲᠣᠰᠬᠤᠨ ᠤ ᠬᠡᠷᠡᠯ ᠴᠡᠨᠡᠭ ᠤᠨ ᠴᠠᠬᠢᠯᠭᠠᠨ ᠥᠷᠲᠡᠭᠡ ᠶᠢᠨ ᠭᠠᠵᠠᠷ | ᠳᠦᠷᠢᠶᠡᠰᠦᠯᠡᠬᠦ ᠲᠦᠯᠦᠪᠦᠷᠢ᠂ ᠮᠥᠩᠭᠦᠨ ᠭᠦᠶᠯᠭᠡᠭᠡᠨ ᠢᠶᠠᠷ ᠶᠠᠳᠠᠭᠤ ᠶᠢ ᠲᠡᠳᠬᠦᠬᠦ ᠵᠢᠭᠡᠯᠡᠯᠭᠡ ᠶᠢᠨ ᠳᠠᠮ ᠬᠦᠦ | ᠮᠥᠩᠭᠦ᠂ ᠨᠡᠶᠢᠭᠡᠮ ᠤᠨ ᠬᠠᠪᠰᠤᠷᠤᠨ ᠲᠡᠳᠬᠦᠬᠦ᠂ ᠲᠦᠷᠦᠭᠦᠦ ᠵᠢᠯ ᠤᠨ ᠴᠡᠭᠴᠡᠯᠡᠨ ᠰᠠᠶᠢᠵᠢᠷᠠᠭᠤᠯᠣᠭᠰᠠᠨ ᠪᠠᠯᠠ | ᠮᠥᠩᠭᠦ ᠵᠡᠷᠭᠡ ᠳᠤ ᠬᠡᠷᠡᠭᠯᠡᠵᠦ᠂ ᠶᠠᠳᠠᠭᠤ ᠠᠴᠠ ᠠᠩᠬᠢᠵᠢᠷᠠᠭᠤᠯᠤᠨ ᠪᠡᠷᠬᠡ ᠶᠢ ᠲᠣᠭᠤᠯᠬᠤ ᠠᠵᠢᠯ ᠢ ᠯᠠᠪᠳᠠᠭᠤᠨ | ᠪᠠᠲᠤᠲᠠᠶ ᠦᠷᠨᠢᠭᠦᠯᠬᠦ ᠳᠤ ᠡᠳ᠋ ᠤᠨ ᠬᠦᠴᠦᠨ ᠤ ᠪᠠᠲᠤᠯᠠᠭ᠎ᠠ ᠬᠠᠩᠭᠠᠵᠠᠢ᠃ ᠬᠤᠶᠠᠷ ᠲᠤ ᠪᠣᠬᠢᠷᠲᠤᠯ ᠢ ᠰᠡᠷᠭᠡᠶᠢᠯᠡᠨ | ᠵᠠᠰᠠᠬᠤ ᠣᠷᠣᠭᠤᠯᠤᠯᠲᠠ ᠶᠢᠨ ᠡᠷᠴᠢᠮ ᠢ ᠴᠢᠩᠭᠠᠷᠠᠭᠤᠯᠪᠠ᠃ ᠤᠰᠤ᠂ ᠰᠢᠷᠣᠢ᠂ ᠠᠭᠠᠷ ᠮᠠᠨᠳᠠᠯ ᠤᠨ ᠵᠠᠰᠠᠯᠲᠠ | ᠵᠡᠷᠭᠡ ᠳᠡᠭᠡᠷ᠎ᠡ ᠱᠠᠲᠤᠨ ᠤ ᠲᠤᠰᠬᠠᠢ ᠲᠥᠷᠥᠯ ᠳᠤ ᠬᠡᠷᠡᠭᠰᠡᠬᠦ ᠬᠤᠰᠢᠭᠤᠨ ᠱᠠᠲᠤᠨ ᠤ ᠢᠵᠢ ᠪᠦᠷᠢᠳᠦᠭᠦᠯᠬᠦ ᠬᠡᠰᠡᠭ ᠢ | ᠴᠠᠭ ᠲᠤᠬᠠᠢ ᠳᠤᠨᠢ ᠭᠦᠢᠴᠡᠳ ᠲᠤᠭ᠎ᠠ ᠪᠠᠷ ᠢᠵᠢ ᠪᠦᠷᠢᠳᠦᠭᠦᠯᠵᠦ᠂ ᠨᠠᠷᠢᠨ ᠬᠢᠨᠠᠮᠠᠭᠠᠢ ᠪᠣᠳᠠᠲᠠᠶᠢᠵᠢᠭᠤᠯᠵᠤ᠂ | ᠣᠷᠴᠢᠨ ᠲᠣᠭᠤᠷᠢᠨ ᠤ ᠪᠣᠬᠢᠷᠲᠤᠯ ᠢ ᠵᠠᠰᠠᠬᠤ ᠪᠠ ᠠᠮᠢ ᠠᠬᠤᠢ ᠶᠢ ᠬᠠᠮᠠᠭᠠᠯᠠᠬᠤ ᠪᠡᠯᠡ ᠮᠥᠩᠭᠦ ᠶᠢ ᠨᠡᠶᠢᠲᠡ 13, | 657 ᠲᠦᠮᠡᠨ ᠲᠥᠭᠦᠷᠢᠭ ᠪᠠᠭᠤᠯᠭᠠᠪᠠ᠃ ᠭᠤᠷᠪᠠ ᠳᠤ ᠵᠠᠰᠠᠭ ᠤᠨ ᠣᠷᠳᠣᠨ ᠤ ᠥᠷᠢ ᠥᠭᠴᠡᠭᠡ ᠶᠢᠨ ᠠᠶᠤᠯ | ᠲᠦᠭᠰᠢᠭᠦᠷᠢ ᠶᠢ ᠪᠠᠭᠤᠷᠠᠭᠤᠯᠪᠠ᠃ ᠰᠢᠨ᠎ᠡ ᠥᠷᠢ ᠥᠭᠴᠡᠭᠡ ᠨᠡᠮᠡᠭᠳᠡᠬᠦ ᠶᠢ ᠴᠢᠩᠭ᠎ᠠ ᠬᠢᠵᠠᠭᠠᠷᠯᠠᠵᠤ᠂ ᠦᠯᠡᠳᠡᠭᠳᠡᠯ | ᠥᠷᠢ ᠥᠭᠴᠡᠭᠡ ᠶᠢ ᠯᠠᠪᠳᠠᠭᠤᠨ ᠢᠶᠠᠷ ᠠᠷᠢᠯᠭᠠᠵᠤ᠂ ᠥᠷᠢ ᠥᠭᠴᠡᠭᠡ ᠶᠢ ᠠᠷᠢᠯᠭᠠᠬᠤ ᠰᠢᠨ᠎ᠡ ᠠᠷᠭ᠎ᠠ ᠬᠡᠮᠵᠢᠶ᠎ᠡ ᠶᠢ | ᠡᠭᠦᠳᠴᠦ᠂ ᠥᠷᠢ ᠥᠭᠴᠡᠭᠡ ᠶᠢ ᠠᠷᠢᠯᠭᠠᠬᠤ ᠠᠷᠭ᠎ᠠ ᠵᠠᠮ ᠢ ᠥᠷᠭᠡᠳᠬᠡᠨ᠂ ᠲᠤᠰ ᠵᠢᠯ ᠤᠨ ᠦᠷᠢ ᠦᠭᠴᠡᠭᠡ ᠶᠢ | ᠠᠷᠢᠯᠭᠠᠬᠤ ᠡᠭᠦᠷᠭᠡ ᠪᠠᠨ ᠳᠠᠪᠠᠭᠤᠯᠤᠨ ᠪᠡᠶᠡᠯᠡᠭᠦᠯᠵᠦ᠂ ᠵᠠᠰᠠᠭ ᠤᠨ ᠣᠷᠳᠣᠨ ᠤ ᠥᠷᠢ ᠥᠭᠴᠡᠭᠡ ᠶᠢᠨ ᠨᠤᠷᠮ᠎ᠠ ᠶᠢ | 198.2% ᠢᠶᠠᠷ ᠪᠠᠭᠤᠷᠠᠭᠤᠯᠵᠤ᠂ ᠠᠶᠤᠯ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ ᠶᠢ ᠤᠯᠠᠪᠤᠷ ᠥᠩᠭᠡ | ᠠᠴᠠ ᠰᠢᠷ᠎ᠠ ᠦᠩᠭᠡ ᠪᠣᠯᠭᠠᠨ ᠪᠠᠭᠤᠷᠠᠭᠤᠯᠪᠠ᠃ | 4. ᠡᠳ᠋ ᠤᠨ ᠵᠠᠰᠠᠭ ᠤᠨ ᠥᠭᠡᠷᠡᠴᠢᠯᠡᠯᠲᠡ ᠶᠢ ᠠᠬᠢᠭᠤᠯᠵᠤ᠂ ᠡᠳ᠋ ᠤᠨ ᠵᠠᠰᠠᠭ ᠤᠨ ᠵᠠᠰᠠᠯᠲᠠ ᠶᠢᠨ | ᠣᠳᠣᠬᠢᠴᠢᠯᠠᠯᠲᠠ ᠶᠢᠨ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠪᠡ | ᠨ᠊ᠵᠭᠡ ᠳᠤ ᠲᠥᠰᠦᠪ ᠤᠨ ᠬᠠᠮᠢᠶᠠᠷᠤᠯᠲᠠ ᠶᠢ ᠴᠢᠩᠭᠠᠳᠬᠠᠵᠤ᠂ ᠲᠥᠰᠦᠪ ᠢ ᠴᠢᠩᠭ᠎ᠠ ᠬᠡᠷᠡᠭᠵᠢᠭᠦᠯᠪᠡ᠃ | ᠪ᠊ᠦ᠋ᠬᠦ ᠰᠢᠰᠲ᠋ᠧᠮ ᠤᠨ ᠲᠥᠰᠦᠪ ᠤᠨ ᠵᠠᠷᠴᠢᠮ ᠢ ᠪᠠᠷᠢᠮᠲᠠᠯᠠᠵᠤ᠂ ᠪᠦᠬᠦ ᠣᠷᠣᠯᠭ᠎ᠠ ᠵᠠᠷᠤᠯᠭ᠎ᠠ ᠶᠢ | ᠴᠥᠮ ᠲᠥᠰᠦᠪ ᠤᠨ ᠬᠠᠮᠢᠶᠠᠷᠤᠯᠲᠠ ᠳᠤ ᠣᠷᠣᠭᠤᠯᠵᠤ᠂ ᠲᠥᠰᠦᠪ ᠠᠴᠠ ᠭᠠᠳᠠᠨ᠎ᠠ ᠵᠠᠷᠤᠯᠭ᠎ᠠ ᠦᠭᠡᠢ ᠪᠠᠶᠢᠬᠤ ᠶᠢ | ᠦᠨᠡᠨᠬᠦ ᠪᠡᠶᠡᠯᠡᠭᠦᠯᠪᠡ᠃ ᠲᠣᠲᠣᠭᠠᠳᠣ ᠳᠤ ᠪᠠᠨ ᠴᠢᠩᠭᠠᠳᠬᠠᠬᠤ ᠥᠭᠡᠷᠡᠴᠢᠯᠡᠯᠲᠡ ᠶᠢ ᠬᠡᠷᠡᠭᠵᠢᠭᠦᠯᠵᠦ᠂ ᠲᠥᠰᠦᠪ | ᠤᠨ ᠲᠤᠬᠢᠷᠠᠭᠤᠯᠤᠯᠳᠠ ᠶᠢ ᠳᠤᠷ᠎ᠠ ᠪᠠᠷ ᠬᠤᠪᠢᠷᠠᠭᠤᠯᠬᠤ ᠶᠢ ᠬᠢᠵᠠᠭᠠᠷᠯᠠᠵᠤ᠂ ᠲᠥᠰᠦᠪ ᠤᠨ ︽ᠬᠠᠳᠠᠨ ᠴᠢᠨᠠᠷ︾ ᠢ | ᠲᠠᠰᠤᠷᠠᠯᠳᠠ ᠦᠭᠡᠢ ᠴᠢᠩᠭᠠᠷᠠᠭᠤᠯᠪᠠ᠃ ︽ᠡᠳ᠋ ᠤᠨ ᠵᠠᠰᠠᠭ ᠠᠵᠤ ᠠᠬᠤᠶ ᠶᠢᠨ ᠰᠠᠬᠢᠯᠭ᠎ᠠ ᠪᠠᠲᠤ ᠶᠢ ᠤᠯᠠᠮ ᠨᠢᠭᠡ | ᠠᠯᠬᠤᠮ ᠴᠢᠩᠳᠠᠯᠠᠵᠤ ᠡᠳ᠋ ᠤᠨ ᠵᠠᠰᠠᠭ ᠤᠨ ᠪᠡᠯᠡ ᠮᠥᠩᠭᠦᠨ ᠤ ᠬᠠᠮᠢᠶᠠᠷᠤᠯᠲᠠ ᠶᠢ ᠴᠢᠩᠭᠠᠳᠬᠠᠬᠤ ᠲᠤᠬᠠᠶ ᠰᠠᠨᠠᠯ︾ | ᠪᠠ ︽ᠭᠠᠶᠢᠯᠢ ᠬᠥᠩᠭᠡᠯᠡᠵᠦ ᠰᠦᠶᠳᠬᠡᠯ ᠪᠠᠭᠤᠷᠠᠭᠤᠯᠬᠤ ᠪᠠ ᠠᠷᠪᠢᠯᠠᠨ ᠭᠠᠮᠨᠠᠵᠤ ᠠᠮᠢᠳᠤᠷᠠᠬᠤ ᠱᠠᠭᠠᠷᠳᠠᠯᠭ᠎ᠠ ᠶᠢ | ᠲᠤᠤᠱᠯᠠᠭᠤᠯᠤᠨ ᠨᠠᠶᠢᠳᠠᠪᠤᠷᠢᠵᠢᠭᠤᠯᠵᠤ ᠲᠥᠰᠦᠪ ᠤᠨ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠨ | ᠵᠢᠷᠤᠮᠵᠢᠭᠤᠯᠬᠤ ᠲᠤᠬᠠᠶ ᠮᠡᠳᠡᠭᠳᠡᠯ︾ ᠨᠡᠶᠢᠲᠡᠯᠡᠵᠦ᠂ ᠠᠵᠢᠯᠴᠢ ᠠᠷᠪᠢᠴᠢ ᠠᠷᠪᠢᠯᠠᠨ ᠭᠠᠮᠨᠠᠵᠤ ᠠᠳᠠᠯ ᠦᠶᠯᠡᠰ | ᠡᠷᠬᠢᠯᠡᠬᠦ ᠠᠭᠤᠷ ᠠᠮᠢᠰᠬᠤᠯ ᠶᠠᠭ ᠠᠯᠬᠤᠮ ᠠᠯᠬᠤᠮ ᠢᠶᠠᠷ ᠪᠦᠷᠢᠯᠳᠦᠵᠦ ᠪᠠᠶᠢᠨ᠎ᠠ᠃ ᠬᠤᠶᠠᠷ ᠲᠤ ᠤᠯᠤᠰ ᠤᠨ | ᠥᠮᠴᠢᠯᠡᠯ ᠤᠨ ᠡᠳ᠋ ᠬᠦᠷᠦᠩᠭᠡ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠬᠠᠮᠢᠶᠠᠷᠤᠯᠲᠠ ᠶᠢ | ᠴᠢᠩᠭᠠᠳᠬᠠᠪᠠ᠃ ᠲᠣᠭᠲᠠᠴᠠ ᠶᠢ ᠪᠦᠷᠢᠨᠰᠢᠭᠦᠯᠵᠦ᠂ ᠲᠦᠷᠢᠮ ᠢ ᠲᠡᠭᠦᠯᠳᠡᠷᠵᠢᠭᠦᠯᠦᠨ᠂ ᠤᠯᠤᠰ ᠤᠨ ᠥᠮᠴᠢᠯᠡᠯᠲᠦ | ᠲᠠᠪᠴᠠᠩ ᠤᠨ ᠺᠣᠮᠫᠠᠨᠢ ᠶᠢᠨ ᠬᠠᠮᠢᠶᠠᠷᠤᠯᠲᠠ ᠶᠢ ᠵᠢᠷᠤᠮᠵᠢᠭᠤᠯᠵᠤ᠂ ︽ᠪᠣᠳᠠᠲᠤ ᠴᠣᠭᠴᠠ ᠶᠢᠨ ᠲᠥᠷᠥᠯ︾ ᠤᠨ | ᠺᠣᠮᠫᠠᠨᠢ ᠶᠢ ᠵᠠᠬ᠎ᠠ ᠳᠡᠯᠭᠡᠭᠦᠷᠴᠢᠯᠡᠭᠰᠡᠨ ᠬᠡᠯᠪᠡᠷᠢ ᠳᠤ ᠬᠤᠪᠢᠷᠠᠭᠤᠯᠵᠤ᠂ ︽ᠨᠡᠷ᠎ᠡ ᠶᠢᠨ ᠲᠡᠳᠦᠢ︾ ᠺᠣᠮᠫᠠᠨᠢ ᠶᠢ | ᠬᠠᠤᠯᠢ ᠪᠠᠷ ᠲᠣᠭᠲᠠᠭᠠᠭᠰᠠᠨ ᠲᠠᠰ ᠳᠠᠷᠠᠭᠠᠯᠠᠯ ᠶᠣᠰᠣᠭᠠᠷ ᠬᠦᠴᠦᠨ ᠥᠬᠡᠶ ᠪᠣᠯᠭᠠᠪᠠ᠃ ᠤᠯᠤᠰ ᠤᠨ ᠦᠮᠴᠢᠯᠡᠯᠲᠦ | ᠡᠳ᠋ ᠬᠥᠷᠥᠩᠭᠡ ᠶᠢ ᠨᠠᠶᠢᠳᠠᠨ ᠡᠵᠡᠩᠨᠡᠭᠦᠯᠬᠦ ᠬᠠᠮᠢᠶᠠᠷᠤᠯᠲᠠ ᠶᠢᠨ ᠳᠦᠷᠢᠮ ᠢ ᠪᠦᠬᠦ ᠲᠠᠯ᠎ᠠ ᠪᠠᠷ ᠪᠠᠶᠢᠭᠤᠯᠵᠤ᠂ ᠤᠯᠤᠰ | ᠤᠨ ᠦᠮᠴᠢᠯᠡᠯᠲᠦ ᠡᠳ᠋ ᠬᠥᠷᠥᠩᠭᠡ ᠶᠢᠨ ᠥᠷᠲᠡᠭ ᠢ ᠪᠠᠳᠣᠯᠠᠨ ᠥᠷᠲᠡᠭ ᠨᠡᠮᠡᠭᠳᠡᠭᠦᠯᠬᠦ ᠶᠢ ᠦᠨᠡᠨᠬᠦ ᠪᠠᠲᠤᠯᠠᠵᠠᠢ᠃ | ᠭᠤᠷᠪᠠ ᠳᠤ ᠤᠯᠤᠰ ᠤᠨ ᠬᠦᠮᠦᠷᠭᠡ ᠠᠴᠠ ᠲᠥᠪᠯᠡᠷᠡᠭᠦᠯᠦᠨ ᠥᠭᠬᠦ ᠲᠦᠷᠢᠮ ᠤᠨ ᠥᠭᠡᠷᠡᠴᠢᠯᠡᠯᠲᠡ | ᠶᠢ ᠭᠦᠨᠵᠡᠭᠡᠶᠢᠷᠡᠭᠦᠯᠪᠡ᠃ ᠠᠯᠪᠠᠨ ᠶᠠᠪᠤᠳᠠᠯ ᠤᠨ ᠺᠠᠷᠲ ᠢᠶᠠᠷ ᠳ᠋ᠦᠩᠨᠡᠨ ᠪᠣᠳᠣᠬᠤ ᠬᠠᠮᠢᠶᠠᠷᠤᠯᠲᠠ ᠶᠢ ᠲᠦᠯᠬᠢᠨ | ᠠᠬᠢᠭᠤᠯᠵᠤ᠂ ᠠᠯᠪᠠᠨ ᠶᠠᠪᠤᠳᠠᠯ ᠤᠨ ᠵᠠᠷᠤᠯᠭ᠎ᠠ ᠶᠢᠨ ᠠᠵᠢᠯᠯᠠᠭ᠎ᠠ ᠶᠢ ᠵᠢᠷᠤᠮᠵᠢᠭᠤᠯᠪᠠ᠃ ᠲᠥᠰᠦᠪ ᠤᠨ ᠬᠥᠨᠳᠡᠯᠡᠨ | ᠠᠴᠠ ᠰᠦᠯᠵᠢᠶ᠎ᠡ ᠬᠤᠯᠪᠣᠨ ᠬᠢᠨᠠᠯᠲᠠ ᠲᠠᠯᠪᠢᠬᠤ ᠥᠭᠡᠷᠡᠴᠢᠯᠡᠯᠲᠡ ᠶᠢ ᠠᠬᠢᠭᠤᠯᠵᠤ᠂ ᠡᠳ᠋ ᠤᠨ ᠵᠠᠰᠠᠭ ᠤᠨ ᠤᠯᠤᠰ | ᠤᠨ ᠬᠥᠮᠥᠷᠭᠡ ᠠᠴᠠ ᠲᠥᠪᠯᠡᠷᠡᠭᠦᠯᠦᠨ ᠥᠭᠬᠦ ᠰᠢᠰᠲ᠋ᠧᠮ ᠢ ᠬᠤᠰᠢᠭᠤᠨ ᠤ ᠠᠷᠠᠳ ᠤᠨ ᠲᠦᠯᠦᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠲᠦᠰᠦᠪ ᠤᠨ ᠬᠢᠨᠠᠯᠲᠠ ᠲᠠᠯᠪᠢᠬᠤ ᠯᠤᠭ᠎ᠠ ᠰᠦᠯᠵᠢᠶ᠎ᠡ ᠬᠤᠯᠪᠣᠬᠤ ᠶᠢ | ᠬᠡᠷᠡᠭᠵᠢᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ | ᠬᠦᠯᠢᠶᠡᠵᠦ᠂ ︽ᠢᠯᠡ ᠲᠣᠳᠣ ᠡᠳ᠋ ᠤᠨ ᠵᠠᠰᠠᠭ︾ ᠢ ᠴᠣᠭᠴᠠᠯᠠᠪᠠ᠃ ᠲᠦᠷᠪᠡ ᠳᠤ ᠲᠥᠰᠦᠪ ᠤᠨ ᠦᠷ᠎ᠡ | ᠪᠦᠲᠦᠮᠵᠢ ᠶᠢᠨ ᠬᠠᠮᠢᠶᠠᠷᠤᠯᠲᠠ ᠶᠢ ᠲᠦᠯᠬᠢᠨ ᠠᠬᠢᠭᠤᠯᠵᠤ᠂ ᠶᠠᠳᠠᠭᠤ ᠶᠢ ᠳᠡᠳᠭᠦᠬᠦ ᠲᠦᠷᠦᠯ ᠵᠦᠢᠯ ᠤᠨ ᠪᠡᠯᠡ | ᠮᠥᠩᠭᠦ ᠶᠢᠨ ᠦᠷ᠎ᠡ ᠪᠦᠲᠦᠮᠵᠢ ᠶᠢᠨ ᠬᠠᠮᠢᠶᠠᠷᠤᠯᠲᠠ ᠶᠢᠨ ᠲᠠᠯ᠎ᠠ ᠪᠠᠷ ᠤᠷᠢᠳᠠᠪᠠᠷ ᠲᠣᠷᠰᠢᠨ ᠶᠠᠪᠣᠭᠳᠠᠭᠤᠯᠪᠠ᠃ | 5. ᠬᠢᠨᠠᠯᠲᠠ ᠪᠠᠶᠢᠴᠠᠭᠠᠯᠲᠠ ᠶᠢ ᠴᠢᠩᠭᠠᠳᠬᠠᠵᠤ᠂ ᠰᠢᠨᠵᠢᠯᠡᠬᠦ ᠤᠬᠠᠭᠠᠨᠴᠢ ᠪᠠᠷ ᠡᠳ᠋ ᠤᠨ ᠶᠠᠪᠤᠳᠠᠯ ᠢ | ᠬᠠᠮᠢᠶᠠᠷᠬᠤ ᠬᠢᠷᠢ ᠬᠡᠮᠵᠢᠶ᠎ᠡ ᠶᠢ ᠠᠯᠬᠤᠮ ᠠᠯᠬᠤᠮ ᠢᠶᠠᠷ ᠳᠡᠭᠡᠭᠰᠢᠯᠡᠭᠦᠯᠪᠡ | ᠨᠢᠭᠡ ᠳᠤ ᠡᠳ᠋ ᠤᠨ ᠶᠠᠪᠤᠳᠠᠯ ᠤᠨ ᠬᠢᠨᠠᠯᠲᠠ ᠬᠠᠮᠢᠶᠠᠷᠤᠯᠲᠠ ᠶᠢ ᠦᠨᠡᠨᠬᠦ ᠴᠢᠩᠭᠠᠳᠬᠠᠪᠠ᠃ ᠡᠳ᠋ ᠤᠨ | ᠵᠠᠰᠠᠭ ᠤᠨ ᠪᠡᠯᠡ ᠮᠥᠩᠭᠦ ᠶᠢ ᠮᠥᠷᠳᠡᠨ ᠬᠠᠮᠢᠶᠠᠷᠬᠤ ᠶᠢ ᠪᠡᠶᠡᠯᠡᠭᠦᠯᠵᠦ᠂ ᠠᠰᠠᠭᠤᠳᠠᠯ ᠢ ᠣᠯᠵᠤ ᠮᠡᠳᠡᠪᠡᠯ ᠴᠠᠭ | ᠲᠤᠬᠠᠶ ᠳᠤᠨᠢ ᠰᠢᠮᠳᠠᠭᠤᠯᠤᠨ ᠴᠡᠭᠴᠡᠯᠡᠨ ᠰᠠᠶᠢᠵᠢᠷᠠᠭᠤᠯᠵᠤ᠂ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠵᠠᠢ᠃ | ᠬᠤᠶᠠᠷ ᠲᠤ ᠦᠨᠳᠦᠰᠦᠨ ᠱᠠᠲᠤᠨ ᠤ ᠡᠳ᠋ ᠤᠨ ᠵᠠᠰᠠᠭ ᠤᠨ ᠭᠠᠵᠠᠷ ᠢ ᠵᠢᠷᠤᠮᠵᠢᠭᠤᠯᠬᠤ | ᠪᠠᠶᠢᠭᠤᠯᠤᠯᠲᠠ ᠶᠢ ᠴᠢᠩᠭᠠᠳᠬᠠᠪᠠ᠃ ︽ᠦᠨᠳᠦᠰᠦᠨ ᠱᠠᠲᠤᠨ ᠤ ᠡᠳ᠋ ᠤᠨ ᠵᠠᠰᠠᠭ ᠤᠨ ᠪᠠᠶᠢᠭᠤᠯᠤᠯᠲᠠ ᠶᠢ ᠤᠯᠠᠮ | ᠨᠢᠭᠡ ᠠᠯᠬᠤᠮ ᠴᠢᠩᠭᠠᠳᠬᠠᠬᠤ ᠪᠠ ᠡᠳ᠋ ᠤᠨ ᠵᠠᠰᠠᠭ ᠤᠨ ᠰᠠᠯᠪᠤᠷᠢ ᠶᠢᠨ ᠬᠠᠮᠢᠶᠠᠷᠤᠯᠲᠠ ᠶᠢ ᠵᠢᠷᠤᠮᠵᠢᠭᠤᠯᠬᠤ ᠲᠤᠬᠠᠶ | ᠰᠠᠨᠠᠯ︾ ᠢ ᠳᠠᠷᠤᠮᠠᠯᠯᠠᠨ ᠲᠠᠷᠬᠠᠭᠠᠵᠦ᠂ ᠦᠨᠳᠦᠰᠦᠨ ᠱᠠᠲᠤᠨ ᠤ ᠡᠳ᠋ ᠤᠨ ᠵᠠᠰᠠᠭ ᠡᠳ᠋ ᠤᠨ ᠢᠷᠡᠯᠲᠡ ᠶᠢᠨ | ᠪᠠᠶᠢᠭᠤᠯᠤᠯᠲᠠ᠂ ᠭᠠᠶᠢᠯᠢ ᠶᠢᠨ ᠪᠣᠰᠤ ᠣᠷᠣᠯᠭ᠎ᠠ ᠪᠠ ᠣᠷᠣᠯᠭ᠎ᠠ ᠵᠠᠷᠤᠯᠭ᠎ᠠ ᠶᠢᠨ ᠬᠠᠮᠢᠶᠠᠷᠤᠯᠲᠠ ᠶᠢ ᠤᠯᠠᠮ ᠨᠢᠭᠡ | ᠠᠯᠬᠤᠮ ᠵᠢᠷᠤᠮᠵᠢᠭᠤᠯᠪᠠ᠃ ᠦᠨᠳᠦᠰᠦᠨ ᠱᠠᠲᠤᠨ ᠤ ᠡᠳ᠋ ᠤᠨ ᠵᠠᠰᠠᠭ ᠤᠨ ᠲᠥᠷᠥᠯ ᠵᠦᠶᠯ ᠤᠨ ᠪᠡᠯᠡ ᠮᠥᠩᠭᠦ | ᠶᠢᠨ ᠬᠢᠨᠠᠯᠲᠠ ᠬᠠᠮᠢᠶᠠᠷᠤᠯᠲᠠ ᠳᠤ ᠢᠳᠡᠪᠬᠢᠲᠡᠶ ᠪᠥᠭᠡᠳ ᠰᠠᠨᠠᠭᠠᠴᠢᠯᠠᠭ᠎ᠠ ᠠᠴᠠ ᠪᠠᠨ ᠣᠷᠣᠯᠴᠠᠬᠤ ᠶᠢ | ᠵᠣᠷᠢᠭᠵᠢᠭᠤᠯᠵᠤ᠂ ᠶᠠᠳᠠᠭᠤ ᠶᠢ ᠳᠡᠳᠭᠦᠬᠦ ᠪᠡᠯᠡ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ | ᠡᠭᠦᠷᠭᠡᠯᠡᠨ᠂ ᠡᠳ᠋ ᠤᠨ ᠵᠠᠰᠠᠭ ᠤᠨ ᠪᠡᠯᠡ ᠮᠥᠩᠭᠦ ᠶᠢᠨ ᠬᠡᠷᠡᠭᠯᠡᠯᠲᠡ ᠶᠢ ᠵᠢᠷᠤᠮᠵᠢᠭᠤᠨ᠂ ᠠᠮᠤᠷ ᠲᠦᠪᠰᠢᠨ | ᠪᠦᠲᠦᠮᠵᠢᠲᠡᠶ ᠪᠠᠶᠢᠬᠤ ᠶᠢ ᠦᠨᠡᠨᠬᠦ ᠪᠠᠲᠤᠯᠠᠵᠠᠢ᠃ ᠭᠤᠷᠪᠠ ᠳᠤ ᠵᠠᠰᠠᠭ ᠤᠨ ᠣᠷᠳᠣᠨ ᠤ ᠬᠤᠳᠠᠯᠳᠤᠨ ᠠᠪᠬᠤ ᠲᠠᠰ | ᠳᠠᠷᠠᠭᠠᠯᠠᠯ ᠢ ᠴᠢᠩᠳᠠᠯᠠᠪᠠ᠃ ᠪᠦᠬᠦ ᠵᠢᠯ ᠳᠤ ᠵᠠᠰᠠᠭ ᠤᠨ ᠣᠷᠳᠣᠨ ᠠᠴᠠ ᠨᠡᠶᠢᠲᠡ 240 ᠵᠦᠢᠯ ᠢ ᠲᠥᠪᠯᠡᠷᠡᠭᠦᠯᠦᠨ | ᠬᠤᠳᠠᠯᠳᠤᠨ ᠠᠪᠴᠠᠢ᠂ ᠬᠤᠳᠠᠯᠳᠤᠨ ᠠᠪᠬᠤ ᠲᠥᠰᠦᠪ ᠤᠨ ᠪᠡᠯᠡ ᠮᠥᠩᠭᠦ ᠶᠢᠨ ᠶᠡᠷᠦᠩᠬᠡᠢ ᠲᠤᠭ᠎ᠠ 79,286. | 75 ᠲᠦᠮᠡᠨ ᠲᠥᠭᠦᠷᠢᠭ᠂ ᠪᠣᠳᠠᠲᠠᠢ ᠬᠤᠳᠠᠯᠳᠤᠨ ᠠᠪᠬᠤ ᠳᠤ 76,150.41 ᠲᠦᠮᠡᠨ ᠲᠥᠭᠦᠷᠢᠭ | ᠵᠠᠷᠤᠴᠠᠭᠤᠯᠵᠤ᠂ 3,136.34 ᠲᠦᠮᠡᠨ ᠲᠥᠭᠦᠷᠢᠭ ᠠᠷᠪᠢᠯᠠᠭᠠᠳ᠂ ᠠᠷᠪᠢᠯᠠᠭᠰᠠᠨ ᠨᠣᠷᠮ᠎ᠠ 3.96% ᠳᠤ | ᠬᠦᠷᠴᠡᠢ᠃ ᠲᠦᠷᠪᠡ ᠳᠤ ᠡᠳ᠋ ᠤᠨ ᠵᠠᠰᠠᠭ ᠤᠨ ᠪᠡᠯᠡ ᠣᠷᠣᠭᠤᠯᠤᠯᠲᠠ ᠶᠢ ᠬᠢᠨᠠᠨ ᠲᠣᠭᠲᠠᠭᠠᠬᠤ ᠠᠵᠢᠯ ᠤᠨ | ᠡᠷᠴᠢᠮ ᠢ ᠴᠢᠩᠭᠠᠳᠬᠠᠪᠠ᠃ ᠪᠦᠬᠦ ᠵᠢᠯ ᠳᠤ ᠨᠡᠶᠢᠲᠡ 720 ᠲᠥᠷᠥᠯ ᠵᠦᠶᠯ ᠢ ᠬᠢᠨᠠᠨ ᠲᠣᠭᠲᠠᠭᠠᠵᠤ᠂ ᠮᠡᠳᠡᠭᠦᠯᠦᠨ | ᠬᠢᠨᠠᠭᠤᠯᠤᠭᠰᠠᠨ ᠵᠣᠭᠤᠰᠣᠨ ᠤ ᠲᠤᠭ᠎ᠠ 154,843.04 ᠲᠦᠮᠡᠨ ᠲᠥᠭᠦᠷᠢᠭ ᠲᠤ ᠬᠦᠷᠴᠦ᠂ ᠬᠢᠨᠠᠨ | ᠲᠣᠭᠲᠠᠭᠠᠭᠰᠠᠨ ᠵᠣᠭᠤᠰᠣᠨ ᠤ ᠲᠤᠭ᠎ᠠ 132,405.14 ᠲᠦᠮᠡᠨ ᠲᠥᠭᠦᠷᠢᠭ ᠲᠤ ᠬᠦᠷᠴᠦ᠂ ᠬᠢᠨᠠᠨ ᠬᠠᠰᠤᠭᠰᠠᠨ | ᠵᠣᠭᠤᠰᠣᠨ ᠤ ᠲᠤᠭ᠎ᠠ 22,47.9 ᠲᠦᠮᠡᠨ ᠲᠥᠭᠦᠷᠢᠭ ᠲᠤ ᠬᠦᠷᠴᠦ᠂ ᠬᠢᠨᠠᠨ ᠬᠠᠰᠤᠭᠰᠠᠨ ᠨᠣᠷᠮ᠎ᠠ ᠨᠢ 14. | 49% ᠳᠤ ᠬᠦᠷᠴᠡᠶ᠃ ᠲᠠᠪᠤ ᠳᠤ ︽ᠪᠦᠬᠦᠨ ᠳᠤ ᠲᠣᠬᠢᠷᠠᠬᠤ ᠺᠠᠷᠲ︾ ᠢ ᠲᠤᠰᠬᠠᠶ ᠴᠡᠭᠴᠡᠯᠡᠨ ᠵᠠᠰᠠᠬᠤ ᠠᠵᠢᠯ ᠢ | ᠦᠷᠨᠢᠭᠦᠯᠪᠡ᠃ ᠣᠯᠠᠨ ᠰᠠᠯᠠᠭ᠎ᠠ ᠮᠥᠴᠢᠷ ᠲᠠᠢ ᠬᠠᠮᠲᠤᠷᠠᠨ ᠠᠵᠢᠯ ᠤᠨ ᠪᠠᠶᠢᠭᠤᠯᠤᠮᠵᠢ ᠪᠠᠶᠢᠭᠤᠯᠵᠤ᠂ ᠠᠵᠢᠯ ᠤᠨ | ᠲᠥᠰᠦᠯ ᠲᠣᠭᠲᠠᠭᠠᠨ᠂ ᠠᠷᠠᠳ ᠲᠤ ᠠᠰᠢᠭ ᠬᠦᠷᠲᠡᠭᠡᠵᠦ ᠲᠠᠷᠢᠶᠠᠴᠢᠨ ᠮᠠᠯᠴᠢᠳ ᠲᠤ ᠠᠰᠢᠭ ᠬᠦᠷᠲᠡᠭᠡᠬᠦ ᠡᠳ᠋ ᠤᠨ | ᠵᠠᠰᠠᠭ ᠤᠨ ᠨᠥᠬᠦᠪᠥᠷᠢ ᠶᠢᠨ ᠪᠠᠯᠠ ᠮᠥᠩᠭᠦ ᠶᠢ ᠬᠡᠷᠡᠭᠯᠡᠵᠦ ᠬᠠᠮᠢᠶᠠᠷᠬᠤ ᠳᠤᠮᠳᠠᠬᠢ ᠠᠰᠠᠭᠤᠳᠠᠯ ᠳᠤ ᠲᠤᠰᠬᠠᠶ | ᠵᠠᠰᠠᠯᠲᠠ ᠥᠷᠨᠢᠭᠦᠯᠵᠦ᠂ ︽ᠪᠦᠬᠦᠨ ᠳᠤ ᠳᠣᠭᠢᠷᠠᠬᠤ ᠺᠠᠷᠲ︾ ᠤᠨ ᠪᠠᠩᠬᠢ ᠶᠢᠨ ᠺᠠᠷᠲ ᠲᠠᠷᠬᠠᠭᠠᠬᠤ ᠶᠢ | ᠰᠠᠭᠠᠳᠠᠭᠠᠬᠤ᠂ ᠲᠠᠷᠢᠶᠠᠯᠠᠩ ᠮᠠᠯ ᠠᠵᠤ ᠠᠬᠤᠶ ᠳᠤ ᠬᠤᠯᠪᠣᠭᠳᠠᠬᠤ ᠨᠥᠬᠦᠪᠥᠷᠢ ᠶᠢ ᠣᠯᠭᠤᠬᠤ ᠶᠢ | ᠪᠣᠳᠠᠲᠠᠶᠢᠵᠢᠭᠤᠯᠤᠭᠰᠠᠨ ᠥᠬᠡᠶ᠂ ᠲᠣᠭᠲᠠᠭᠠᠯ ᠠᠴᠠ ᠵᠥᠷᠢᠴᠡᠨ ︽ᠪᠦᠬᠦᠨ ᠳᠤ ᠳᠣᠭᠢᠷᠠᠬᠤ ᠺᠠᠷᠲ︾ ᠶᠢ ᠠᠪᠬᠤ | ᠵᠡᠷᠭᠡ ᠠᠰᠠᠭᠤᠳᠠᠯ ᠢ ᠡᠷᠡᠰ ᠵᠠᠯᠠᠷᠠᠭᠤᠯᠵᠠᠢ᠃ | ᠬᠡᠳᠦᠶᠢᠪᠡᠷ 2019 ᠣᠨ ᠤ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠲᠥᠰᠦᠪ ᠢ | ᠭᠦᠶᠴᠡᠳᠬᠡᠭᠰᠡᠨ ᠪᠠᠶᠢᠳᠠᠯ ᠨᠡᠯᠢᠶᠡᠳ ᠰᠠᠶᠢᠨ ᠪᠠᠶᠢᠭ᠎ᠠ ᠪᠣᠯᠪᠠᠴᠤ ᠪᠠᠰᠠ ᠵᠠᠷᠢᠮ ᠠᠰᠠᠭᠤᠳᠠᠯ ᠪᠠ ᠬᠦᠴᠢᠷᠳᠡᠯ | ᠣᠷᠣᠰᠢᠵᠤ ᠪᠠᠶᠢᠨ᠎ᠠ᠃ ᠨ᠊ᠵᠭᠡ ᠳᠤ ᠡᠳ᠋ ᠤᠨ ᠵᠠᠰᠠᠭ ᠤᠨ ᠣᠷᠣᠯᠭ᠎ᠠ ᠶᠢ ᠦᠷᠭᠦᠯᠵᠢᠯᠡᠨ ᠲᠣᠭᠲᠠᠭᠤᠨ ᠢᠶᠠᠷ | ᠨᠡᠮᠡᠭᠳᠡᠭᠦᠯᠬᠦ ᠳᠠᠷᠤᠯᠲᠠ ᠨᠡᠯᠢᠶᠡᠳ ᠬᠦᠨᠳᠦ ᠪᠠᠶᠢᠨ᠎ᠠ᠃ ᠬ᠊ᠣᠰᠢᠭᠤ ᠰᠢᠶᠠᠨ ᠤ ᠬᠡᠪᠴᠢᠶᠡᠨ ᠤ ᠠᠵᠤ ᠠᠬᠤᠢ ᠶᠢᠨ | ᠬᠥᠭᠵᠢᠯᠲᠡ ᠶᠢᠨ ᠬᠢᠷᠢ ᠬᠡᠮᠵᠢᠶ᠎ᠡ ᠳᠣᠤᠷ᠎ᠠ᠂ ᠲᠤᠯᠭᠠᠭᠤᠷᠢ ᠡᠳ᠋ ᠮᠦᠩᠭᠦᠨ ᠤ ᠢᠷᠡᠯᠲᠡ ᠪᠠᠷ ᠳᠤᠲᠠᠮᠠᠭ᠂ ᠭᠠᠶᠢᠯᠢ | ᠶᠢᠨ ᠢᠷᠡᠯᠲᠡ ᠶᠢᠨ ᠪᠦᠲᠦᠴᠡ ᠳᠠᠩ ᠴᠤᠯᠭᠤᠶ ᠪᠠᠶᠢᠵᠤ᠂ ᠤᠯᠤᠰ ᠤᠨ ᠭᠠᠶᠢᠯᠢ ᠬᠠᠰᠤᠵᠤ ᠰᠦᠶᠳᠬᠡᠯ | ᠪᠠᠭᠤᠷᠠᠭᠤᠯᠬᠤ ᠲᠥᠷᠥ ᠶᠢᠨ ᠪᠣᠳᠣᠯᠭ᠎ᠠ ᠪᠣᠯᠤᠨ ᠭᠡᠷ ᠪᠠᠶᠢᠰᠢᠩ ᠭᠠᠵᠠᠷ ᠬᠥᠷᠥᠩᠭᠡ ᠶᠢᠨ ᠠᠵᠢᠯ ᠲᠥᠷᠥᠯ ᠤᠨ | ᠪᠠᠭᠤᠷᠠᠯᠲᠠ ᠵᠡᠷᠭᠡ ᠴᠢᠬᠤᠯᠠ ᠬᠦᠴᠦᠨ ᠵᠦᠶᠯ ᠤᠨ ᠨᠦᠯᠦᠭᠡᠯᠡᠯ ᠠᠴᠠ ᠪᠣᠯᠵᠤ᠂ ᠣᠷᠣᠯᠭ᠎ᠠ ᠪᠠᠨ ᠦᠷᠬᠦᠯᠵᠢᠯᠡᠨ | ᠨᠡᠮᠡᠭᠳᠡᠭᠦᠯᠬᠦ ᠳᠠᠷᠤᠯᠲᠠ ᠨᠡᠯᠢᠶᠡᠳ ᠬᠦᠨᠳᠦ ᠪᠠᠶᠢᠨ᠎ᠠ᠃ ᠬᠤᠶᠠᠷ ᠲᠤ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ | ᠵᠥᠷᠢᠴᠡᠯ ᠮᠥᠨ ᠯᠡ ᠲᠤᠪᠤᠶᠢᠮ᠎ᠠ ᠪᠠᠶᠢᠨ᠎ᠠ᠃ ︽ᠭᠤᠷᠪᠠ ᠶᠢ ᠪᠠᠲᠤᠯᠠᠬᠤ︾ ᠵᠠᠷᠤᠯᠭ᠎ᠠ ᠶᠢ ᠨᠢᠭᠡᠳᠦᠯᠲᠡᠶ ᠲᠥᠯᠥᠪᠯᠡᠨ | ᠨᠡᠶᠢᠲᠡ ᠳᠤᠨᠢ ᠬᠠᠷᠠᠭᠠᠯᠵᠠᠬᠤ᠂ ︽ᠭᠤᠷᠪᠠᠨ ᠶᠡᠭᠡ ᠪᠡᠷᠬᠡ ᠶᠢ ᠲᠣᠭᠤᠯᠬᠤ ᠳᠠᠶᠢᠯᠠᠯᠳᠤᠭᠠᠨ︾ ᠢ ᠰᠠᠶᠢᠲᠤᠷ ᠬᠢᠵᠦ | ᠢᠯᠠᠯᠲᠠ ᠤᠯᠬᠤ ᠪᠠ ᠭᠤᠣᠯᠳᠠᠯᠭ᠎ᠠ ᠲᠠᠢ ᠲᠦᠷᠦᠯ ᠵᠦᠶᠯᠡᠰ ᠤᠨ ᠵᠠᠷᠤᠯᠭ᠎ᠠ ᠶᠢᠨ ᠬᠡᠷᠡᠭᠴᠡᠭᠡ ᠶᠢ ᠪᠠᠲᠤᠯᠠᠬᠤ ᠳᠤ᠂ | ᠬᠡᠷᠡᠭᠯᠡᠵᠦ ᠪᠣᠯᠬᠤ ᠡᠳ᠋ ᠤᠨ ᠬᠦᠴᠦᠨ ᠬᠢᠵᠠᠭᠠᠷ ᠲᠠᠢ᠂ ᠪᠡᠯᠡ ᠮᠥᠩᠭᠦ ᠶᠢ ᠲᠣᠬᠢᠷᠠᠭᠤᠯᠬᠤ ᠳᠤ ᠬᠦᠴᠢᠷᠲᠡᠶ ᠪᠠᠶᠢᠵᠦ᠂ | ᠡᠳ᠋ ᠤᠨ ᠵᠠᠰᠠᠭ ᠤᠨ ᠣᠬᠤᠷ ᠬᠤᠭᠤᠴᠠᠭᠠᠨ ᠤ ᠠᠶᠤᠯ ᠲᠦᠭᠰᠢᠭᠦᠷᠢ ᠡᠳᠦᠶ ᠲᠡᠳᠦᠶ ᠰᠢᠷᠦᠭᠦᠰᠪᠡ᠃ ᠭᠤᠷᠪᠠ ᠳᠤ | ᠥᠷᠢ ᠥᠭᠴᠡᠭᠡ ᠶᠢᠨ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠡᠭᠦᠷᠭᠡ ᠪᠡᠷᠬᠡ ᠬᠠᠲᠠᠭᠤᠵᠢᠯᠲᠠᠶ ᠪᠠᠶᠢᠨ᠎ᠠ᠃ | ᠵᠠᠰᠠᠭ ᠤᠨ ᠣᠷᠳᠣᠨ ᠤ ᠴᠢᠨᠠᠷᠲᠠᠶ ᠥᠷᠢ ᠥᠭᠴᠡᠭᠡ ᠶᠢᠨ ᠡᠬᠡ ᠬᠦᠦ ᠶᠢ ᠪᠤᠴᠠᠭᠠᠬᠤ ᠳᠠᠷᠤᠯᠲᠠ ᠶᠡᠭᠡ᠂ | ᠳᠠᠷᠤᠭᠠᠰᠤ ᠬᠦᠨᠳᠦ᠂ ᠥᠷᠢ ᠥᠭᠴᠡᠭᠡ ᠶᠢ ᠠᠷᠢᠯᠭᠠᠬᠤ ᠠᠷᠭ᠎ᠠ ᠪᠠᠷᠢᠯ ᠳᠠᠩ ᠴᠤᠯᠭᠤᠶ ᠪᠠᠶᠢᠵᠤ᠂ ᠢᠯᠠᠩᠭᠤᠶ᠎ᠠ | ᠪᠠᠩᠬᠢ ᠶᠢᠨ ᠵᠢᠭᠡᠯᠡᠯᠭᠡ ᠪᠠ ᠵᠢᠭᠡᠯᠡᠯᠭᠡ ᠶᠢᠨ ᠲᠡᠮᠳᠡᠭᠲᠦ ᠶᠢᠨ ᠡᠬᠡ ᠬᠦᠦ ᠮᠥᠩᠭᠦ ᠶᠢ ᠵᠥᠪᠬᠡᠨ ᠪᠡᠯᠡ ᠮᠥᠩᠭᠦ ᠪᠠᠷ | ᠰᠢᠢᠳᠪᠦᠷᠢᠯᠡᠬᠦ ᠪᠣᠯᠤᠭᠰᠠᠨ ᠠᠴᠠ᠂ ᠥᠷᠢ ᠥᠭᠴᠡᠭᠡ ᠶᠢ ᠠᠷᠢᠯᠭᠠᠬᠤ ᠬᠦᠴᠢᠷᠳᠡᠯ ᠪᠠ ᠥᠷᠢ ᠥᠭᠴᠡᠭᠡ ᠶᠢ | ᠠᠷᠢᠯᠭᠠᠬᠤ ᠳᠠᠷᠤᠯᠲᠠ ᠶᠢ ᠤᠯᠠᠮ ᠨᠢᠭᠡ ᠠᠯᠬᠤᠮ ᠨᠡᠮᠡᠭᠳᠡᠭᠦᠯᠪᠡ᠃ ᠲᠦᠷᠪᠡ ᠳᠤ ︽ᠠᠷᠪᠢᠯᠠᠨ ᠭᠠᠮᠨᠠᠵᠤ | ᠠᠮᠢᠳᠤᠷᠠᠬᠤ︾ ᠦᠵᠡᠯ ᠰᠠᠨᠠᠭ᠎ᠠ ᠬᠠᠷᠠᠬᠠᠨ ᠪᠠᠲᠤ ᠪᠠᠬᠢ ᠪᠤᠯᠵᠤ ᠴᠢᠳᠠᠭᠠᠳᠤᠶ ᠪᠠᠶᠢᠨ᠎ᠠ᠃ ᠣᠨᠴᠠ ᠵᠠᠷᠢᠮ ᠨᠢᠭᠡᠴᠢ | ᠪᠠ ᠭᠠᠵᠠᠷ ᠣᠷᠣᠨ ᠤ ᠬᠢᠨ ᠡᠳ᠋ ᠤᠨ ᠵᠠᠰᠠᠭ ᠲᠤ ᠲᠤᠯᠭᠠᠷᠠᠵᠤ ᠪᠠᠶᠢᠭ᠎ᠠ ᠬᠦᠴᠢᠷᠳᠡᠯ ᠢ ᠠᠩᠬᠠᠷᠬᠤ ᠥᠬᠡᠶ᠂ ᠪᠠᠯᠠ | ᠮᠥᠩᠭᠦ ᠬᠡᠷᠡᠭᠯᠡᠬᠦ ᠦᠷ᠎ᠡ ᠪᠦᠲᠦᠮᠵᠢ ᠶᠢᠨ ᠦᠵᠡᠯᠲᠡ ᠠᠨᠠᠶ᠂ ᠪᠠᠯᠠ ᠮᠥᠩᠭᠦ ᠶᠢᠨ ᠬᠠᠮᠢᠶᠠᠷᠤᠯᠲᠠ ᠶᠢᠨ ᠬᠢᠷᠢ ᠬᠡᠮᠵᠢᠶ᠎ᠡ | ᠳᠣᠤᠷ᠎ᠠ ᠪᠠᠶᠢᠬᠤ ᠦᠵᠡᠭᠳᠡᠯ ᠪᠠᠰᠠ ᠮᠠᠰᠢ ᠲᠦᠭᠡᠮᠡᠯ ᠪᠠᠶᠢᠵᠤ᠂ ︽ᠠᠷᠪᠢᠯᠠᠨ ᠭᠠᠮᠨᠠᠵᠤ ᠠᠮᠢᠳᠤᠷᠠᠬᠤ︾ ᠦᠵᠡᠯ | ᠰᠠᠨᠠᠭ᠎ᠠ ᠨᠢ ᠪᠥᠬᠦ ᠬᠤᠰᠢᠭᠤᠨ ᠤ ᠺᠠᠳ᠋ᠷᠴᠤᠳ ᠤᠨ ᠰᠡᠳᠬᠢᠯ ᠳᠤ ᠪᠠᠰᠠ ᠬᠠᠮᠲᠤ ᠶᠢᠨ ᠲᠠᠨᠢᠯᠲᠠ ᠪᠣᠯᠤᠭᠠᠳᠤᠶ | ᠪᠠᠶᠢᠭᠰᠠᠭᠠᠷ᠃ ᠳᠡᠭᠡᠷ᠎ᠡ ᠳᠤᠷᠠᠳᠤᠭᠰᠠᠨ ᠠᠰᠠᠭᠤᠳᠠᠯ ᠳᠤ ᠴᠢᠭᠯᠡᠭᠦᠯᠦᠨ᠂ ᠪᠢᠳᠡ ᠨᠠᠷᠢᠨ ᠬᠢᠨᠠᠮᠠᠭᠠᠶ ᠪᠣᠳᠣᠯᠬᠢᠯᠠᠵᠤ᠂ | ᠢᠳᠡᠪᠬᠢᠲᠡᠶ ᠪᠠᠷ ᠠᠷᠭᠠᠴᠠᠭᠠᠵᠦ᠂ ᠠᠷᠭ᠎ᠠ ᠬᠡᠮᠵᠢᠶ᠎ᠡ ᠶᠢᠨ ᠲᠠᠯ᠎ᠠ ᠪᠠᠷ ᠰᠢᠨ᠎ᠡ ᠶᠢ ᠡᠭᠦᠳᠴᠦ᠂ ᠠᠵᠢᠯ ᠤᠨ ᠳᠤᠮᠳᠠ | ᠲᠤᠯᠭᠠᠷᠠᠵᠦ ᠪᠠᠶᠢᠭ᠎ᠠ ᠠᠰᠠᠭᠤᠳᠠᠯ ᠢ ᠲᠣᠬᠢᠲᠠᠶ ᠰᠢᠶᠳᠪᠦᠷᠢᠯᠡᠬᠦ ᠴᠢᠬᠤᠯᠠ ᠲᠠᠢ ᠪᠠᠶᠢᠨ᠎ᠠ᠃ |