— 2020 ᠤᠨ ᠤ 4 ᠰᠠᠷ᠎ᠠ ᠶᠢᠨ 21 ᠤ ᠡᠳᠦᠷ ᠠᠷᠦ ᠬᠤᠷᠴᠢᠨ ᠬᠤᠰᠢᠭᠤᠨ ᠤ ᠠᠷᠪᠠᠨ ᠳᠤᠯᠤᠳᠤᠭᠠᠷ | ᠬᠤᠭᠤᠴᠠᠭᠠᠨ ᠤ ᠠᠷᠠᠳ ᠤᠨ ᠳᠦᠯᠦᠬᠡᠯᠡᠭᠴᠢᠳ ᠤᠨ ᠶᠡᠭᠡ ᠬᠤᠷᠠᠯ ᠤᠨ ᠳᠦᠷᠪᠡᠳᠦᠬᠡᠷ ᠬᠤᠷᠠᠯᠳᠤᠭᠠᠨ ᠳᠡᠬᠡᠷ᠎ᠡ | | | ᠬᠤᠰᠢᠭᠤᠨ ᠡᠳ᠋ ᠤᠨ ᠵᠠᠰᠠᠭ ᠤᠨ ᠲᠣᠪᠴᠢᠶ᠎ᠠ | | ᠬᠤᠶᠠᠷ᠂ 2020 ᠣᠨ ᠤ ᠡᠳ᠋ ᠤᠨ ᠵᠠᠰᠠᠭ ᠤᠨ ᠲᠥᠰᠦᠪ ᠤᠨ ᠲᠥᠰᠦᠯ | ᠲᠥᠰᠦᠪ ᠤᠨ ᠲᠣᠬᠢᠷᠠᠭᠤᠯᠤᠯᠲᠠ ᠪᠣᠯᠤᠨ ᠡᠳ᠋ ᠤᠨ ᠵᠠᠰᠠᠭ ᠤᠨ ᠠᠵᠢᠯ ᠤᠨ ᠦᠨᠳᠦᠰᠦᠨ ᠰᠡᠳᠬᠢᠴᠡ ᠪᠣᠯ | ᠄ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ | ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ | ᠲᠣᠣᠱᠯᠠᠭᠤᠯᠣᠨ᠂ ᠪᠦᠬᠦ ᠤᠯᠤᠰ ᠤᠨ ᠡᠳ᠋ ᠤᠨ ᠵᠠᠰᠠᠭ ᠤᠨ ᠠᠵᠢᠯ ᠤᠨ ᠬᠤᠷᠠᠯᠳᠤᠭᠠᠨ ᠤ ᠱᠠᠭᠠᠷᠳᠠᠯᠭ᠎ᠠ ᠶᠢ | ᠨᠠᠶᠢᠳᠠᠪᠤᠷᠢᠵᠢᠭᠤᠯᠵᠤ᠂ ᠠᠷᠪᠠᠨ ᠳᠥᠷᠪᠡᠳᠦᠭᠡᠷ ᠬᠤᠭᠤᠴᠠᠭᠠᠨ ᠤ ᠬᠤᠰᠢᠭᠤᠨ ᠨᠠᠮ ᠤᠨ ᠬᠤᠷᠢᠶᠠᠨ ᠤ ᠠᠷᠪᠠᠨ | ᠳᠥᠷᠪᠡᠳᠦᠭᠡᠷ ᠪᠥᠬᠦᠳᠡ ᠬᠤᠷᠠᠯ ᠵᠢᠴᠢ ᠪᠦᠬᠦ ᠬᠤᠰᠢᠭᠤᠨ ᠤ ᠠᠵᠤ ᠠᠬᠤᠶ ᠶᠢᠨ ᠠᠵᠢᠯ ᠤᠨ ᠬᠤᠷᠠᠯᠳᠤᠭᠠᠨ ᠠᠴᠠ | ᠲᠣᠭᠲᠠᠭᠠᠭᠰᠠᠨ ᠡᠯ᠎ᠡ ᠵᠦᠶᠯ ᠤᠨ ᠬᠠᠷᠠᠯᠲᠠ ᠡᠭᠦᠷᠭᠡ ᠶᠣᠰᠣᠭᠠᠷ᠂ ᠲᠣᠭᠲᠠᠭᠤᠨ ᠪᠠᠶᠢᠬᠤ ᠶᠢ ᠲᠡᠷᠢᠭᠦᠨ ᠳᠤ | ᠲᠠᠯᠪᠢᠬᠤ ᠠᠵᠢᠯ ᠤᠨ ᠴᠢᠭᠯᠡᠯᠲᠡ ᠶᠢ ᠪᠠᠷᠢᠮᠲᠠᠯᠠᠨ᠂ ᠣᠷᠣᠯᠭ᠎ᠠ ᠪᠠᠷ ᠵᠠᠷᠤᠯᠭ᠎ᠠ ᠶᠢ ᠲᠣᠭᠲᠠᠭᠠᠬᠤ ᠠᠵᠢᠯ ᠤᠨ ᠵᠠᠷᠴᠢᠮ | ᠢ ᠪᠠᠷᠢᠮᠲᠠᠯᠠᠵᠤ᠂ ︽ᠴᠠᠯᠢᠩ ᠢ ᠪᠠᠲᠤᠯᠠᠬᠤ᠂ ᠡᠷᠭᠢᠯᠲᠡ ᠶᠢ ᠪᠠᠲᠤᠯᠠᠬᠤ᠂ ᠠᠷᠠᠳ ᠤᠨ ᠦᠨᠳᠦᠰᠦᠨ ᠠᠮᠢᠳᠤᠷᠠᠯ ᠢ | ᠪᠠᠲᠤᠯᠠᠬᠤ︾ ᠦᠨᠳᠦᠰᠦᠨ ᠬᠠᠷᠠᠯᠲᠠ ᠶᠢ ᠪᠠᠷᠢᠮᠲᠠᠯᠠᠵᠤ᠂ ︽ᠭᠤᠷᠪᠠᠨ ᠶᠡᠭᠡ ᠪᠡᠷᠬᠡ ᠶᠢ ᠲᠣᠭᠤᠯᠬᠤ ᠳᠠᠶᠢᠯᠠᠯᠳᠤᠭᠠᠨ | ︾ ᠳᠤ ᠦᠢᠯᠡᠴᠢᠯᠡᠬᠦ ᠶᠢ ᠪᠠᠲᠤᠯᠠᠬᠤ ᠦᠨᠳᠦᠰᠦᠨ ᠡᠭᠦᠷᠭᠡ ᠶᠢ ᠪᠠᠷᠢᠮᠲᠠᠯᠠᠵᠤ᠂ ᠵᠠᠷᠤᠯᠭ᠎ᠠ ᠶᠢᠨ ᠪᠦᠲᠦᠴᠡ ᠶᠢ | ᠰᠢᠯᠢᠳᠡᠭᠵᠢᠭᠦᠯᠦᠨ᠂ ᠲᠥᠰᠦᠪ ᠤᠨ ᠦᠷ᠎ᠡ ᠪᠦᠲᠦᠮᠵᠢ ᠶᠢᠨ ᠬᠠᠮᠢᠶᠠᠷᠤᠯᠲᠠ ᠶᠢ ᠪᠦᠬᠦ ᠲᠠᠯ᠎ᠠ ᠪᠠᠷ ᠬᠡᠷᠡᠭᠵᠢᠭᠦᠯᠵᠦ᠂ | ᠡᠳ᠋ ᠤᠨ ᠵᠠᠰᠠᠭ ᠭᠠᠶᠢᠯᠢ ᠶᠢᠨ ᠥᠭᠡᠷᠡᠴᠢᠯᠡᠯᠲᠡ ᠶᠢ ᠯᠠᠪᠳᠠᠭᠤᠨ ᠢᠶᠠᠷ ᠠᠬᠢᠭᠤᠯᠵᠤ᠂ ᠪᠦᠬᠦ ᠬᠤᠰᠢᠭᠤᠨ ᠤ ᠠᠵᠤ | ᠠᠬᠤᠢ ᠶᠢᠨ ᠲᠣᠭᠲᠠᠭᠤᠨ ᠬᠦᠭᠵᠢᠯᠲᠡ ᠪᠠ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠪᠠᠶᠢᠬᠤ ᠶᠢ ᠪᠠᠲᠤᠯᠠᠬᠤ | ᠳᠤ ᠬᠤᠪᠢ ᠨᠡᠮᠡᠷᠢ ᠦᠵᠡᠭᠦᠯᠦᠨ᠎ᠡ᠃ ᠳᠡᠭᠡᠷ᠎ᠡ ᠳᠤᠷᠠᠳᠤᠭᠰᠠᠨ ᠰᠡᠳᠬᠢᠴᠡ ᠶᠢ ᠦᠨᠳᠦᠰᠦᠯᠡᠵᠦ᠂ 2020 ᠣᠨ ᠤ | ᠡᠳ᠋ ᠤᠨ ᠵᠠᠰᠠᠭ ᠤᠨ ᠲᠥᠰᠦᠪ ᠤᠨ ᠲᠥᠰᠦᠯ ᠢ ᠳᠠᠷᠠᠭᠠᠬᠢ ᠮᠡᠲᠦ ᠲᠣᠬᠢᠷᠠᠭᠤᠯᠪᠠ᠄ | ︵ ᠨᠢᠭᠡ︶ ᠡᠩ ᠤᠨ ᠤᠯᠠᠨ ᠨᠡᠶᠢᠲᠡ ᠶᠢᠨ ᠲᠥᠰᠦᠪ ︵ᠲᠥᠰᠦᠯ︶ | 2020 ᠣᠨ ᠳᠤ ᠵᠢᠱᠢᠯᠲᠡ ᠪᠠᠷ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ 42, | 100 ᠲᠦᠮᠡᠨ ᠲᠦᠭᠦᠷᠢᠭ ᠪᠡᠶᠡᠯᠡᠭᠦᠯᠵᠦ᠂ ᠳᠡᠭᠡᠷ᠎ᠡ ᠵᠢᠯ ᠤᠨ ᠬᠢ ᠠᠴᠠ 2,020 ᠲᠦᠮᠡᠨ ᠲᠥᠭᠦᠷᠢᠭ | ᠨᠡᠮᠡᠭᠳᠡᠭᠦᠯᠵᠦ᠂ 5% ᠪᠠᠷ ᠲᠡᠭᠡᠭᠰᠢᠯᠡᠭᠦᠯᠦᠨ᠎ᠡ᠂ ᠡᠭᠦᠨ ᠳᠤ ᠭᠠᠶᠢᠯᠢ ᠶᠢᠨ ᠣᠷᠣᠯᠭ᠎ᠠ ᠶᠢ 29,355 ᠲᠦᠮᠡᠨ | ᠲᠥᠭᠦᠷᠢᠭ ᠲᠣᠬᠢᠷᠠᠭᠤᠯᠵᠤ᠂ 3.6% ᠪᠠᠷ ᠨᠡᠮᠡᠭᠳᠡᠭᠦᠯᠵᠦ᠂ ᠭᠠᠶᠢᠯᠢ ᠶᠢᠨ ᠪᠤᠰᠤ ᠣᠷᠣᠯᠭ᠎ᠠ ᠶᠢ 12,745 | ᠲᠦᠮᠡᠨ ᠲᠥᠭᠦᠷᠢᠭ ᠲᠣᠬᠢᠷᠠᠭᠤᠯᠵᠤ᠂ 8.5% ᠪᠠᠷ ᠳᠡᠭᠡᠭᠰᠢᠯᠡᠭᠦᠯᠦᠨ᠎ᠡ᠃ | 2020 ᠣᠨ ᠤ ᠣᠷᠣᠯᠭ᠎ᠠ ᠶᠢᠨ ᠶᠡᠷᠦᠩᠬᠡᠶ ᠬᠡᠮᠵᠢᠶ᠎ᠡ 268,469 ᠲᠦᠮᠡᠨ ᠲᠥᠭᠦᠷᠢᠭ᠂ ᠡᠭᠦᠨ ᠳᠤ᠄ | ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ 42,100 ᠲᠦᠮᠡᠨ ᠲᠥᠭᠦᠷᠢᠭ᠂ ᠪᠤᠴᠠᠭᠠᠨ ᠥᠭᠬᠦ | ᠴᠢᠨᠠᠷᠲᠠᠶ ᠣᠷᠣᠯᠭ᠎ᠠ 7,735 ᠲᠦᠮᠡᠨ ᠲᠥᠭᠦᠷᠢᠭ᠂ ᠡᠩ ᠤᠨ ᠴᠢᠨᠠᠷᠲᠠᠶ ᠰᠢᠯᠵᠢᠭᠦᠯᠦᠨ ᠥᠭᠬᠦ ᠣᠷᠣᠯᠭ᠎ᠠ 156, | 178 ᠲᠦᠮᠡᠨ ᠲᠥᠭᠦᠷᠢᠭ᠂ ᠳᠡᠭᠡᠳᠦ ᠱᠠᠲᠤᠨ ᠤ ᠤᠷᠢᠳᠴᠢᠯᠠᠨ ᠪᠠᠭᠤᠯᠭᠠᠭᠰᠠᠨ ᠲᠤᠰᠬᠠᠶ ᠵᠦᠶᠯ ᠤᠨ | ᠰᠢᠯᠵᠢᠭᠦᠯᠦᠨ ᠥᠭᠬᠦ ᠣᠷᠣᠯᠭ᠎ᠠ 15,988 ᠲᠦᠮᠡᠨ ᠲᠥᠭᠦᠷᠢᠭ᠂ ᠳᠡᠭᠡᠷ᠎ᠡ ᠵᠢᠯ ᠤᠨ ᠳ᠋ᠦᠩᠨᠡᠨ ᠰᠢᠯᠵᠢᠭᠦᠯᠦᠭᠰᠡᠨ | ᠪᠡᠯᠡ ᠮᠥᠩᠭᠦ 5,723 ᠲᠦᠮᠡᠨ ᠲᠥᠭᠦᠷᠢᠭ᠂ ᠰᠢᠯᠵᠢᠭᠦᠯᠦᠨ ᠣᠷᠤᠭᠤᠯᠤᠭᠰᠠᠨ ᠲᠥᠰᠦᠪ ᠢ ᠲᠣᠭᠲᠠᠭᠤᠨ ᠢᠶᠠᠷ | ᠲᠣᠬᠢᠷᠠᠭᠤᠯᠬᠤ ᠰᠠᠭᠤᠷᠢ ᠮᠥᠩᠭᠦ 5,925 ᠲᠦᠮᠡᠨ ᠲᠥᠭᠦᠷᠢᠭ᠂ ᠰᠢᠯᠵᠢᠭᠦᠯᠦᠨ ᠣᠷᠤᠭᠤᠯᠬᠤ ᠪᠡᠯᠡ ᠮᠥᠩᠭᠦ 35, | 000 ᠲᠦᠮᠡᠨ ᠲᠥᠭᠦᠷᠢᠭ ︵ᠵᠠᠰᠠᠭ ᠤᠨ ᠣᠷᠳᠣᠨ ᠤ ᠴᠢᠨᠠᠷᠲᠠᠢ ᠰᠠᠭᠤᠷᠢ ᠮᠥᠩᠭᠦ ᠶᠢᠨ ᠲᠥᠰᠦᠪ ᠲᠤ 34,500 | ᠲᠦᠮᠡᠨ ᠲᠥᠭᠦᠷᠢᠭ ᠰᠢᠯᠵᠢᠭᠦᠯᠦᠨ ᠣᠷᠣᠭᠤᠯᠵᠤ᠂ ᠤᠯᠤᠰ ᠤᠨ ᠦᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ | ᠲᠥᠰᠦᠪ ᠲᠤ 500 ᠲᠦᠮᠡᠨ ᠲᠥᠭᠦᠷᠢᠭ ᠰᠢᠯᠵᠢᠭᠦᠯᠦᠨ ᠣᠷᠤᠭᠤᠯᠤᠨ᠎ᠠ︶᠃ ᠣᠷᠣᠯᠭ᠎ᠠ ᠶᠢᠨ ᠶᠡᠷᠦᠩᠬᠡᠢ | ᠬᠡᠮᠵᠢᠶ᠎ᠡ ᠠᠴᠠ ᠳᠡᠭᠡᠭᠰᠢ ᠲᠤᠰᠢᠶᠠᠬᠤ ᠳᠡᠭᠡᠳᠦ ᠱᠠᠲᠤᠨ ᠤ ᠵᠠᠷᠤᠯᠭ᠎ᠠ ᠶᠢ 19,291 ᠲᠦᠮᠡᠨ ᠲᠥᠭᠦᠷᠢᠭ | ᠪᠠᠭᠠᠰᠬᠠᠵᠤ᠂ ᠡᠩ ᠤᠨ ᠣᠯᠠᠨ ᠨᠡᠶᠢᠲᠡ ᠶᠢᠨ ᠲᠥᠰᠦᠪ ᠤᠨ ᠵᠠᠷᠤᠯᠭ᠎ᠠ ᠶᠢ 249,358 ᠲᠦᠮᠡᠨ ᠲᠥᠭᠦᠷᠢᠭ | ᠲᠣᠬᠢᠷᠠᠭᠤᠯᠤᠨ᠎ᠠ᠃ ᠵᠠᠷᠤᠯᠭ᠎ᠠ ᠶᠢᠨ ᠴᠢᠳᠠᠮᠵᠢ ᠪᠠᠷ ᠨᠢ ᠲᠦᠷᠦᠯ ᠬᠤᠪᠢᠶᠠᠨ ᠳᠠᠷᠠᠭᠠᠬᠢ ᠮᠡᠲᠦ ᠲᠣᠬᠢᠷᠠᠭᠤᠯᠪᠠ᠄ | ᠡᠩ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠵᠠᠷᠤᠯᠭ᠎ᠠ 21,050 ᠲᠦᠮᠡᠨ ᠲᠥᠭᠦᠷᠢᠭ᠂ | ᠭᠤᠣᠯᠳᠠᠭᠤ ᠡᠩ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠰᠠᠯᠠᠭ᠎ᠠ ᠮᠥᠴᠢᠷ ᠤᠨ ᠴᠠᠯᠢᠩ ᠵᠢᠴᠢ ᠡᠷᠭᠢᠯᠲᠡ ᠶᠢᠨ | ᠵᠠᠷᠤᠯᠭ᠎ᠠ ᠳᠤ ᠬᠡᠷᠡᠭᠯᠡᠨ᠎ᠡ᠂ ᠣᠯᠠᠨ ᠨᠡᠶᠢᠲᠡ ᠶᠢᠨ ᠠᠮᠤᠷ ᠲᠦᠪᠰᠢᠨ ᠤ ᠵᠠᠷᠤᠯᠭ᠎ᠠ 8,582 ᠲᠦᠮᠡᠨ ᠲᠥᠭᠦᠷᠢᠭ᠂ | ᠭᠤᠣᠯᠳᠠᠭᠤ ᠳᠣᠲᠣᠭᠠᠳᠤ ᠶᠢ ᠬᠠᠮᠠᠭᠠᠯᠠᠬᠤ᠂ ᠬᠠᠤᠯᠢ ᠴᠠᠭᠠᠵᠠ ᠵᠡᠷᠭᠡ ᠰᠠᠯᠠᠭ᠎ᠠ ᠮᠥᠴᠢᠷ ᠤᠨ ᠴᠠᠯᠢᠩ ᠵᠢᠴᠢ | ᠠᠵᠢᠯᠯᠠᠭᠠᠨ ᠤ ᠵᠠᠷᠤᠯᠭ᠎ᠠ ᠳᠤ ᠬᠡᠷᠡᠭᠯᠡᠨ᠎ᠡ᠂ ᠰᠤᠷᠭᠠᠨ ᠬᠥᠮᠦᠵᠢᠯ ᠤᠨ ᠵᠠᠷᠤᠯᠭ᠎ᠠ 42,909 ᠲᠦᠮᠡᠨ ᠲᠥᠭᠦᠷᠢᠭ᠂ | ᠭᠤᠣᠯᠳᠠᠭᠤ ᠰᠤᠷᠭᠠᠨ ᠬᠥᠮᠦᠵᠢᠯ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠪᠣᠯᠤᠨ ᠪᠦᠬᠦ ᠬᠤᠰᠢᠭᠤᠨ ᠤ ᠡᠯ᠎ᠡ | ᠰᠤᠷᠭᠠᠭᠤᠯᠢ ᠶᠢᠨ ᠴᠠᠯᠢᠩ᠂ ᠠᠵᠢᠯᠯᠠᠭᠠᠨ ᠵᠢᠴᠢ ᠲᠥᠷᠥᠯ ᠵᠦᠢᠯ ᠤᠨ ᠵᠠᠷᠤᠯᠭ᠎ᠠ ᠳᠤ ᠬᠡᠷᠡᠭᠯᠡᠨ᠎ᠡ᠂ ᠰᠢᠨᠵᠢᠯᠡᠬᠦ | ᠤᠬᠠᠭᠠᠨ ᠮᠡᠷᠭᠡᠵᠢᠯ ᠤᠨ ᠵᠠᠷᠤᠯᠭ᠎ᠠ 197 ᠲᠦᠮᠡᠨ ᠲᠥᠭᠦᠷᠢᠭ᠂ ᠭᠤᠣᠯᠳᠠᠭᠤ ᠰᠢᠨᠵᠢᠯᠡᠬᠦ ᠤᠬᠠᠭᠠᠨ ᠮᠡᠷᠭᠡᠵᠢᠯ ᠤᠨ | ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠴᠠᠯᠢᠩ ᠵᠢᠴᠢ ᠡᠷᠭᠢᠯᠲᠡ ᠶᠢᠨ ᠵᠠᠷᠤᠯᠭ᠎ᠠ ᠳᠤ ᠬᠡᠷᠡᠭᠯᠡᠨ᠎ᠡ᠂ ᠰᠣᠶᠣᠯ | ᠵᠤᠭᠠᠴᠠᠯ ᠪᠡᠶ᠎ᠡ ᠶᠢᠨ ᠲᠠᠮᠢᠷ ᠬᠢᠭᠡᠳ ᠵᠠᠭᠤᠴᠢᠯᠠᠭᠤᠷ ᠤᠨ ᠵᠠᠷᠤᠯᠭ᠎ᠠ ᠶᠢ 1,754 ᠲᠦᠮᠡᠨ ᠲᠦᠭᠦᠷᠢᠭ | ᠲᠣᠬᠢᠷᠠᠭᠤᠯᠵᠤ᠂ ᠭᠤᠣᠯᠳᠠᠭᠤ ᠰᠣᠶᠣᠯ᠂ ᠵᠤᠭᠠᠴᠠᠯ᠂ ᠪᠡᠶ᠎ᠡ ᠶᠢᠨ ᠲᠠᠮᠢᠷ᠂ ᠷᠠᠳᠢᠣ᠋ ᠲᠧᠯᠸᠢᠰ ᠵᠢᠴᠢ ᠰᠣᠨᠢᠨ ᠮᠡᠳᠡᠭᠡᠨ | ᠤ ᠵᠠᠭᠤᠴᠢᠯᠠᠭᠤᠷ ᠵᠡᠷᠭᠡ ᠨᠢᠭᠡᠴᠢ ᠶᠢᠨ ᠴᠠᠯᠢᠩ ᠵᠢᠴᠢ ᠠᠵᠢᠯᠯᠠᠭᠠᠨ ᠤ ᠵᠠᠷᠤᠯᠭ᠎ᠠ ᠳᠤ ᠬᠡᠷᠡᠭᠯᠡᠨ᠎ᠡ᠂ ᠨᠡᠶᠢᠭᠡᠮ ᠤᠨ | ᠪᠠᠲᠤᠯᠠᠭ᠎ᠠ ᠪᠠ ᠠᠵᠢᠯ ᠣᠯᠭᠤᠯᠲᠠ ᠶᠢᠨ ᠵᠠᠷᠤᠯᠭ᠎ᠠ 49,297 ᠲᠦᠮᠡᠨ ᠲᠥᠭᠦᠷᠢᠭ᠂ ᠭᠤᠣᠯᠳᠠᠭᠤ ᠬᠤᠲᠠ | ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ | ᠨᠡᠶᠢᠭᠡᠮ ᠤᠨ ᠨᠠᠰᠤᠵᠢᠯ ᠤᠨ ᠳᠠᠭᠠᠳᠬᠠᠯ᠂ ᠠᠰᠠᠷᠠᠮᠵᠢ᠂ ᠣᠨᠴᠠ ᠬᠦᠴᠢᠷᠳᠡᠯᠲᠡᠢ ᠬᠥᠮᠦᠰ ᠢ ᠠᠰᠠᠷᠠᠨ ᠲᠡᠵᠢᠭᠡᠬᠦ | ᠵᠡᠷᠭᠡ ᠬᠤᠲᠠ ᠬᠥᠳᠡᠭᠡ ᠶᠢᠨ ᠰᠠᠭᠤᠭᠠᠯᠢ ᠠᠷᠠᠳ ᠲᠤ ᠣᠯᠭᠤᠬᠤ ᠨᠥᠬᠦᠪᠥᠷᠢ ᠶᠢᠨ ᠵᠠᠷᠤᠯᠭ᠎ᠠ᠂ ᠵᠠᠰᠠᠭ ᠵᠠᠬᠢᠷᠭ᠎ᠠ | ᠠᠵᠢᠯ ᠦᠢᠯᠡᠰ ᠤᠨ ᠨᠢᠭᠡᠴᠢ ᠶᠢᠨ ᠠᠵᠢᠯᠳᠠᠨ ᠤ ᠠᠵᠢᠯ ᠠᠴᠠ ᠪᠠᠨ ᠰᠠᠯᠵᠤ ᠠᠮᠠᠷᠠᠭᠰᠠᠨ ᠪᠠ ᠠᠵᠢᠯ ᠠᠴᠠ ᠪᠠᠨ | ᠪᠠᠭᠤᠵᠤ ᠠᠮᠠᠷᠠᠭᠰᠠᠨ ᠵᠠᠷᠤᠳᠠᠯ᠂ ᠨᠥᠭᠴᠢᠭᠰᠡᠳ ᠤᠨ ᠭᠡᠷ ᠪᠦᠯᠢ ᠶᠢᠨ ᠨᠥᠬᠦᠪᠥᠷᠢ᠂ ᠨᠡᠶᠢᠭᠡᠮ ᠤᠨ ᠪᠠᠲᠤᠯᠠᠭ᠎ᠠ ᠪᠠ | ᠠᠵᠢᠯ ᠣᠯᠭᠤᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠴᠠᠯᠢᠩ ᠵᠢᠴᠢ ᠠᠵᠢᠯᠯᠠᠭᠠᠨ ᠤ ᠵᠠᠷᠤᠯᠭ᠎ᠠ ᠳᠤ | ᠬᠡᠷᠡᠭᠯᠡᠨ᠎ᠡ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠷᠤᠯᠭ᠎ᠠ 28,061 ᠲᠦᠮᠡᠨ ᠲᠥᠭᠦᠷᠢᠭ᠂ ᠭᠤᠣᠯᠳᠠᠭᠤ | ᠬᠤᠲᠠ ᠪᠠᠯᠭᠠᠰᠤᠨ ᠤ ᠠᠵᠢᠯᠲᠠᠨ ᠠᠵᠢᠯᠴᠢᠨ ᠤ ᠡᠮ ᠡᠮᠨᠡᠯᠭᠡ ᠶᠢᠨ ᠳᠠᠭᠠᠳᠬᠠᠯ᠂ ᠬᠤᠲᠠ ᠬᠥᠳᠡᠭᠡ ᠶᠢᠨ | ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ᠂ ᠦᠨᠳᠦᠰᠦᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ | ᠤᠨ ᠦᠢᠯᠡᠴᠢᠯᠡᠭᠡ᠂ ᠬᠥᠳᠡᠭᠡ ᠲᠣᠰᠬᠤᠨ ᠤ ᠰᠢᠨ᠎ᠡ ᠬᠡᠯᠪᠡᠷᠢ ᠶᠢᠨ ᠬᠤᠷᠰᠢᠭᠰᠠᠨ ᠡᠮᠨᠡᠯᠭᠡ᠂ ᠰᠣᠮᠤ ᠰᠢᠶᠠᠩ | ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠵᠡᠷᠭᠡ ᠡᠮ ᠡᠮᠨᠡᠯᠭᠡ ᠡᠷᠡᠭᠦᠯ ᠬᠠᠮᠠᠭᠠᠯᠠᠯ ᠤᠨ ᠵᠠᠷᠤᠯᠭ᠎ᠠ᠂ ᠡᠷᠡᠭᠦᠯ | ᠬᠠᠮᠠᠭᠠᠯᠠᠯ ᠡᠷᠡᠭᠦᠯ ᠮᠡᠨᠳᠦ᠂ ᠡᠮ ᠡᠮᠨᠡᠯᠭᠡ ᠶᠢᠨ ᠳᠠᠭᠠᠳᠬᠠᠯ ᠵᠡᠷᠭᠡ ᠰᠠᠯᠠᠭ᠎ᠠ ᠮᠥᠴᠢᠷ ᠤᠨ ᠴᠠᠯᠢᠩ᠂ ᠠᠵᠢᠯᠯᠠᠭᠠᠨ | ᠵᠢᠴᠢ ᠲᠥᠷᠦᠯ ᠵᠦᠢᠯ ᠤᠨ ᠵᠠᠷᠤᠯᠭ᠎ᠠ ᠳᠤ ᠬᠡᠷᠡᠭᠯᠡᠨ᠎ᠡ᠂ ᠡᠨᠧᠷᠭᠢ ᠠᠷᠪᠢᠯᠠᠵᠤ ᠣᠷᠴᠢᠨ ᠲᠣᠭᠤᠷᠢᠨ ᠢ ᠬᠠᠮᠠᠭᠠᠯᠠᠬᠤ | ᠵᠠᠷᠤᠯᠭ᠎ᠠ ᠶᠢ 5,874 ᠲᠦᠮᠡᠨ ᠲᠥᠭᠦᠷᠢᠭ ᠲᠣᠬᠢᠷᠠᠭᠤᠯᠵᠤ᠂ ᠭᠤᠣᠯᠳᠠᠭᠤ ᠪᠠᠶᠢᠭᠠᠯᠢ ᠶᠢᠨ ᠬᠠᠮᠠᠭᠠᠯᠠᠯᠲᠠ ᠶᠢᠨ | ᠣᠷᠣᠨ ᠵᠡᠷᠭᠡ ᠨᠢᠭᠡᠴᠢ ᠶᠢᠨ ᠴᠠᠯᠢᠩ᠂ ᠠᠵᠢᠯᠯᠠᠭᠠᠨ ᠤ ᠵᠠᠷᠤᠯᠭ᠎ᠠ ᠵᠢᠴᠢ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠲᠥᠷᠦᠯ ᠵᠦᠢᠯ ᠤᠨ ᠵᠠᠷᠤᠯᠭ᠎ᠠ ᠳᠤ ᠬᠡᠷᠡᠭᠯᠡᠨ᠎ᠡ᠂ ᠬᠤᠲᠠ ᠬᠥᠳᠡᠭᠡ ᠶᠢᠨ ᠨᠡᠶᠢᠭᠡᠮ ᠲᠣᠭᠤᠷᠢᠭ ᠤᠨ ᠵᠠᠷᠤᠯᠭ᠎ᠠ 8, | 281 ᠲᠦᠮᠡᠨ ᠲᠥᠭᠦᠷᠢᠭ᠂ ᠭᠤᠣᠯᠳᠠᠭᠤ ᠬᠤᠲᠠ ᠶᠢᠨ ᠶᠠᠪᠤᠳᠠᠯ ᠤᠨ ᠲᠥᠬᠦᠭᠡᠷᠦᠮᠵᠢ ᠶᠢᠨ ᠬᠠᠮᠠᠭᠠᠯᠠᠯᠲᠠ᠂ | ᠬᠤᠲᠠ ᠶᠢᠨ ᠦᠵᠡᠮᠵᠢ ᠶᠢᠨ ᠬᠠᠮᠠᠭᠠᠯᠠᠯᠲᠠ ᠵᠢᠴᠢ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ᠂ ᠬᠤᠲᠠ | ᠶᠢᠨ ᠬᠠᠮᠢᠶᠠᠷᠤᠯᠲᠠ ᠵᠡᠷᠭᠡ ᠨᠢᠭᠡᠴᠢ ᠶᠢᠨ ᠴᠠᠯᠢᠩ ᠵᠢᠴᠢ ᠠᠵᠢᠯᠯᠠᠭᠠᠨ ᠤ ᠵᠠᠷᠤᠯᠭ᠎ᠠ᠂ ᠬᠤᠲᠠ ᠲᠣᠭᠤᠷᠢᠭ ᠤᠨ | ᠬᠤᠲᠠ ᠶᠢᠨ ᠶᠠᠪᠤᠳᠠᠯ ᠵᠠᠮ ᠤᠨ ᠪᠦᠲᠦᠭᠡᠨ ᠪᠠᠢᠭᠤᠯᠤᠯᠲᠠ ᠵᠡᠷᠭᠡ ᠶᠢᠨ ᠪᠠᠩᠬᠢ ᠶᠢᠨ ᠵᠢᠭᠡᠯᠡᠯᠭᠡ ᠶᠢᠨ ᠡᠬᠡ ᠬᠦᠦ ᠶᠢ | ᠪᠤᠴᠠᠭᠠᠬᠤ ᠵᠠᠷᠤᠯᠭ᠎ᠠ ᠳᠤ ᠬᠡᠷᠡᠭᠯᠡᠨ᠎ᠡ᠂ ᠲᠠᠷᠢᠶᠠᠯᠠᠩ ᠣᠢ ᠰᠢᠭᠤᠢ ᠤᠰᠤᠨ ᠠᠰᠢᠭᠯᠠᠯᠲᠠ ᠶᠢᠨ ᠵᠠᠷᠤᠯᠭ᠎ᠠ 39,904 | ᠲᠦᠮᠡᠨ ᠲᠥᠭᠦᠷᠢᠭ᠂ ᠭᠤᠣᠯᠳᠠᠭᠤ ᠭᠠᠴᠠᠭ᠎ᠠ ᠲᠣᠰᠬᠤᠨ ᠤ ︽ᠬᠤᠶᠠᠷ ᠵᠥᠪᠯᠡᠯ︾ ᠤᠨ ᠺᠠᠳ᠋ᠷ ᠤᠨ ᠦᠨᠳᠦᠰᠦᠨ | ᠬᠠᠷᠠᠮᠵᠢ᠂ ᠭᠠᠴᠠᠭ᠎ᠠ ᠲᠣᠰᠬᠤᠨ ᠤ ᠱᠠᠲᠤᠨ ᠤ ᠵᠣᠬᠢᠶᠠᠨ ᠪᠠᠶᠢᠭᠤᠯᠤᠯᠲᠠ ᠶᠢᠨ ᠠᠵᠢᠯ ᠤᠨ ᠵᠠᠷᠤᠳᠠᠯ᠂ ᠭᠠᠴᠠᠭ᠎ᠠ | ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠠᠵᠢᠯᠯᠠᠭᠠᠨ ᠤ ᠵᠠᠷᠤᠳᠠᠯ᠂ ᠲᠤᠰᠢᠶᠠᠯ ᠠᠴᠠ ᠪᠠᠨ ᠪᠠᠭᠤᠭᠰᠠᠨ | ᠭᠠᠴᠠᠭ᠎ᠠ ᠲᠣᠰᠬᠤᠨ ᠤ ᠺᠠᠳ᠋ᠷ ᠤᠨ ᠠᠮᠢᠳᠤᠷᠠᠯ ᠤᠨ ᠨᠥᠬᠦᠪᠥᠷᠢ᠂ ᠲᠣᠰᠬᠤᠨ ᠤ ᠶᠠᠪᠤᠳᠠᠯ ᠳᠤ ᠬᠢᠨᠠᠯᠲᠠ ᠲᠠᠯᠪᠢᠬᠤ | ᠵᠥᠪᠯᠡᠯ ᠤᠨ ᠵᠠᠷᠤᠳᠠᠯ ᠵᠡᠷᠭᠡ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠶᠢᠨ ᠵᠠᠷᠤᠳᠠᠯ᠂ | ᠲᠠᠷᠢᠶᠠᠯᠠᠩ᠂ ᠣᠢ ᠰᠢᠭᠤᠢ᠂ ᠤᠰᠤᠨ ᠠᠰᠢᠭᠯᠠᠯᠲᠠ᠂ ᠶᠠᠳᠠᠭᠤ ᠶᠢ ᠲᠡᠳᠬᠦᠬᠦ ᠵᠡᠷᠭᠡ ᠨᠢᠭᠡᠴᠢ ᠶᠢᠨ ᠴᠠᠯᠢᠩ ᠵᠢᠴᠢ | ᠠᠵᠢᠯᠯᠠᠭᠠᠨ ᠤ ᠵᠠᠷᠤᠯᠭ᠎ᠠ᠂ ᠶᠠᠳᠠᠭᠤ ᠶᠢ ᠲᠡᠳᠬᠦᠬᠦ ᠪᠡᠯᠡ ᠮᠥᠩᠭᠦ ᠶᠢ ᠬᠤᠰᠢᠭᠤᠨ ᠱᠠᠲᠤᠨ ᠤ ᠢᠵᠢ ᠪᠦᠷᠢᠳᠦᠭᠦᠯᠬᠦ | ᠵᠠᠷᠤᠯᠭ᠎ᠠ᠂ ᠶᠠᠳᠠᠭᠤ ᠶᠢ ᠲᠡᠳᠬᠦᠬᠦ ᠳᠤ ᠲᠣᠰᠠᠯᠠᠮᠵᠢ ᠪᠣᠯᠭᠠᠬᠤ᠂ ᠶᠠᠳᠠᠭᠤ ᠬᠦᠴᠢᠷᠳᠡᠯᠲᠡᠢ ᠭᠠᠴᠠᠭ᠎ᠠ ᠲᠣᠰᠬᠤᠨ ᠤ | ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠵᠡᠷᠭᠡ ᠪᠠᠩᠬᠢ ᠶᠢᠨ ᠵᠢᠭᠡᠯᠡᠯᠭᠡ ᠶᠢᠨ ᠡᠬᠡ ᠮᠥᠩᠭᠦ ᠬᠦᠦ | ᠮᠥᠩᠭᠦ ᠶᠢ ᠪᠣᠴᠠᠭᠠᠬᠤ ᠵᠠᠷᠤᠯᠭ᠎ᠠ ᠳᠤ ᠬᠡᠷᠡᠭᠯᠡᠨ᠎ᠡ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠵᠠᠷᠤᠯᠭ᠎ᠠ 9,714 | ᠲᠦᠮᠡᠨ ᠲᠥᠭᠦᠷᠢᠭ᠂ ᠭᠤᠣᠯᠳᠠᠭᠤ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ᠂ | ᠵᠠᠮ ᠬᠠᠷᠢᠯᠴᠠᠭ᠎ᠠ᠂ ᠵᠠᠰᠠᠮᠠᠯ ᠵᠠᠮ ᠤᠨ ᠬᠡᠰᠡᠭ᠂ ᠲᠡᠭᠡᠭᠡᠪᠦᠷᠢ ᠶᠢᠨ ᠬᠠᠮᠢᠶᠠᠷᠤᠯᠲᠠ ᠶᠢᠨ ᠭᠠᠵᠠᠷ ᠵᠡᠷᠭᠡ ᠨᠢᠭᠡᠴᠢ ᠶᠢᠨ | ᠴᠠᠯᠢᠩ᠂ ᠠᠵᠢᠯᠯᠠᠭᠠᠨ ᠤ ᠵᠠᠷᠤᠯᠭ᠎ᠠ᠂ ᠵᠠᠮ ᠬᠠᠷᠢᠯᠴᠠᠭᠠᠨ ᠤ ᠪᠠᠩᠬᠢ ᠶᠢᠨ ᠵᠢᠭᠡᠯᠡᠯᠭᠡ ᠶᠢᠨ ᠡᠬᠡ ᠮᠥᠩᠭᠦ ᠶᠢ | ᠪᠤᠴᠠᠭᠠᠬᠤ ᠵᠠᠷᠤᠯᠭ᠎ᠠ ᠳᠤ ᠬᠡᠷᠡᠭᠯᠡᠨ᠎ᠡ᠂ ᠡᠬᠢ ᠪᠠᠶᠠᠯᠢᠭ ᠢ ᠬᠠᠶᠢᠨ ᠰᠢᠨᠵᠢᠬᠦ ᠠᠵᠦ ᠦᠢᠯᠡᠳᠪᠦᠷᠢ ᠶᠢᠨ ᠮᠡᠳᠡᠭᠡ ᠵᠡᠷᠭᠡ | ᠶᠢᠨ ᠵᠠᠷᠤᠯᠭ᠎ᠠ 20 ᠲᠦᠮᠡᠨ ᠲᠦᠭᠦᠷᠢᠭ᠂ ᠬᠤᠳᠠᠯᠳᠤᠭᠠᠨ ᠤ ᠦᠢᠯᠡᠴᠢᠯᠡᠭᠡᠨ ᠤ ᠦᠢᠯᠡᠰ ᠵᠡᠷᠭᠡ ᠶᠢᠨ ᠵᠠᠷᠤᠯᠭ᠎ᠠ ᠶᠢ | 205 ᠲᠦᠮᠡᠨ ᠲᠥᠭᠦᠷᠢᠭ ᠲᠣᠬᠢᠷᠠᠭᠤᠯᠵᠤ᠂ ᠭᠤᠣᠯᠳᠠᠭᠤ ᠬᠤᠳᠠᠯᠳᠤᠭᠠᠨ ᠤ ᠦᠢᠯᠡᠴᠢᠯᠡᠭᠡᠨ ᠤ ᠦᠢᠯᠡᠰ ᠤᠨ | ᠰᠠᠯᠠᠭ᠎ᠠ ᠮᠥᠴᠢᠷ ᠤᠨ ᠴᠠᠯᠢᠩ ᠵᠢᠴᠢ ᠠᠵᠢᠯᠯᠠᠭᠠᠨ ᠤ ᠵᠠᠷᠤᠯᠭ᠎ᠠ ᠳᠤ ᠬᠡᠷᠡᠭᠯᠡᠨ᠎ᠡ᠂ ᠪᠠᠶᠢᠭᠠᠯᠢ ᠶᠢᠨ ᠡᠬᠢ ᠪᠠᠶᠠᠯᠢᠭ | ᠳᠠᠯᠠᠢ ᠲᠠᠩᠭᠢᠰ ᠤᠨ ᠴᠠᠭ ᠠᠭᠤᠷ ᠵᠡᠷᠭᠡ ᠵᠠᠷᠤᠯᠭ᠎ᠠ ᠶᠢ 995 ᠲᠦᠮᠡᠨ ᠲᠥᠭᠦᠷᠢᠭ ᠲᠣᠬᠢᠷᠠᠭᠤᠯᠵᠤ᠂ ᠭᠤᠣᠯᠳᠠᠭᠤ | ᠪᠠᠶᠢᠭᠠᠯᠢ ᠶᠢᠨ ᠡᠬᠢ ᠪᠠᠶᠠᠯᠢᠭ ᠤᠨ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠤᠨ ᠴᠠᠯᠢᠩ ᠵᠢᠴᠢ ᠠᠵᠢᠯᠯᠠᠭᠠᠨ ᠤ | ᠵᠠᠷᠤᠯᠭ᠎ᠠ ᠳᠤ ᠬᠡᠷᠡᠭᠯᠡᠨ᠎ᠡ᠂ ᠣᠷᠣᠨ ᠰᠠᠭᠤᠴᠠ ᠶᠢᠨ ᠪᠠᠲᠤᠯᠠᠭ᠎ᠠ ᠶᠢᠨ ᠵᠠᠷᠤᠯᠭ᠎ᠠ 21,652 ᠲᠦᠮᠡᠨ ᠲᠥᠭᠦᠷᠢᠭ᠂ | ᠭᠤᠣᠯᠳᠠᠭᠤ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠢ ᠶᠢᠨ ᠣᠷᠣᠨ ᠰᠠᠭᠤᠴᠠ ᠶᠢᠨ ᠨᠡᠶᠢᠲᠡ ᠶᠢᠨ | ᠬᠤᠷᠠᠮᠳᠤᠭᠤᠯᠭ᠎ᠠ ᠶᠢᠨ ᠮᠥᠩᠭᠦ ᠶᠢᠨ ᠵᠠᠷᠤᠯᠭ᠎ᠠ ᠳᠥᠭᠦᠮ ᠪᠦᠳᠦᠬᠦᠯᠢᠭ ᠣᠷᠣᠨ ᠰᠠᠭᠤᠴᠠ ᠶᠢ ᠥᠭᠡᠷᠡᠴᠢᠯᠡᠬᠦ | ᠵᠢᠭᠡᠯᠡᠯᠭᠡ ᠶᠢᠨ ᠡᠬᠡ ᠬᠦᠦ ᠶᠢ ᠪᠤᠴᠠᠭᠠᠬᠤ ᠵᠠᠷᠤᠯᠭ᠎ᠠ ᠳᠤ ᠬᠡᠷᠡᠭᠯᠡᠨ᠎ᠡ᠂ ᠠᠮᠤ ᠲᠣᠰᠣ ᠡᠳ᠋ ᠪᠠᠷᠠᠭ᠎ᠠ ᠨᠥᠭᠡᠴᠡᠯᠡᠬᠦ | ᠵᠠᠷᠤᠯᠭ᠎ᠠ 142 ᠲᠦᠮᠡᠨ ᠲᠥᠭᠦᠷᠢᠭ᠂ ᠭᠤᠣᠯᠳᠠᠭᠤ ᠠᠮᠤ ᠪᠤᠳᠠᠭᠠᠨ ᠤ ᠲᠦᠷᠦ ᠶᠢᠨ ᠪᠣᠳᠣᠯᠭ᠎ᠠ ᠶᠢᠨ ᠴᠢᠨᠠᠷᠲᠠᠢ | ᠡᠯᠭᠦᠭᠡ ᠳᠠᠩᠰᠠᠨ ᠤ ᠬᠦᠦ ᠮᠥᠩᠭᠦ ᠶᠢᠨ ᠵᠠᠷᠤᠯᠭ᠎ᠠ ᠳᠤ ᠬᠡᠷᠡᠭᠯᠡᠨ᠎ᠡ᠂ ᠭᠠᠮᠰᠢᠭ ᠢ ᠰᠡᠷᠭᠡᠶᠢᠯᠡᠨ ᠵᠠᠰᠠᠬᠤ ᠵᠢᠴᠢ ᠪᠠᠴᠢᠮ | ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠵᠠᠷᠤᠯᠭ᠎ᠠ 827 ᠲᠦᠮᠡᠨ ᠲᠥᠭᠦᠷᠢᠭ᠂ ᠭᠤᠣᠯᠳᠠᠭᠤ ᠪᠠᠴᠢᠮ | ᠪᠠᠶᠢᠳᠠᠯ ᠢ ᠠᠷᠭᠠᠴᠠᠭᠠᠬᠤ ᠬᠠᠮᠢᠶᠠᠷᠤᠯᠲᠠ᠂ ᠭᠠᠯ ᠤᠨᠲᠠᠷᠠᠭᠠᠬᠤ ᠪᠠ ᠭᠠᠵᠠᠷ ᠬᠥᠳᠡᠯᠦᠯᠲᠡ ᠶᠢᠨ ᠰᠠᠯᠠᠭ᠎ᠠ ᠮᠥᠴᠢᠷ | ᠤᠨ ᠴᠠᠯᠢᠩ ᠵᠢᠴᠢ ᠠᠵᠢᠯᠯᠠᠭᠠᠨ ᠤ ᠵᠠᠷᠤᠯᠭ᠎ᠠ ᠳᠤ ᠬᠡᠷᠡᠭᠯᠡᠨ᠎ᠡ᠂ ᠥᠷᠢ ᠥᠭᠴᠡᠭᠡ ᠶᠢᠨ ᠬᠦᠦ ᠲᠥᠯᠥᠬᠦ ᠵᠠᠷᠤᠯᠭ᠎ᠠ 5, | 666 ᠲᠦᠮᠡᠨ ᠲᠥᠭᠦᠷᠢᠭ᠂ ᠭᠤᠣᠯᠳᠠᠭᠤ ᠣᠷᠣᠨ ᠨᠤᠲᠤᠭ ᠤᠨ ᠵᠠᠰᠠᠭ ᠤᠨ ᠣᠷᠳᠣᠨ ᠤ ᠡᠩ ᠤᠨ ᠵᠢᠭᠡᠯᠡᠯᠭᠡ ᠶᠢᠨ | ᠲᠡᠮᠳᠡᠭᠲᠦ ᠶᠢᠨ ᠬᠦᠦ ᠮᠥᠩᠭᠦ ᠶᠢᠨ ᠵᠠᠷᠤᠯᠭ᠎ᠠ ᠳᠤ ᠬᠡᠷᠡᠭᠯᠡᠨ᠎ᠡ᠂ ᠪᠤᠰᠤᠳ ᠵᠠᠷᠤᠯᠭ᠎ᠠ 228 ᠲᠦᠮᠡᠨ ᠲᠥᠭᠦᠷᠢᠭ᠂ | ᠭᠤᠣᠯᠳᠠᠭᠤ ᠪᠤᠰᠤᠳ ᠰᠠᠯᠠᠭ᠎ᠠ ᠮᠥᠴᠢᠷ ᠤᠨ ᠴᠠᠯᠢᠩ ᠵᠢᠴᠢ ᠡᠷᠭᠢᠯᠲᠡ ᠵᠡᠷᠭᠡ ᠶᠢᠨ ᠵᠠᠷᠤᠯᠭ᠎ᠠ᠂ ᠳᠡᠯᠡᠬᠡᠢ ᠶᠢᠨ | ᠪᠠᠩᠬᠢ᠂ ᠠᠽᠢᠶ᠎ᠠ ᠲᠢᠪ ᠤᠨ ᠪᠠᠩᠬᠢ ᠶᠢᠨ ᠵᠢᠭᠡᠯᠡᠯᠭᠡ ᠶᠢᠨ ᠡᠬᠡ ᠬᠦᠦ ᠮᠥᠩᠭᠦ ᠶᠢ ᠪᠤᠴᠠᠭᠠᠬᠤ ᠵᠠᠷᠤᠯᠭ᠎ᠠ ᠳᠤ | ᠬᠡᠷᠡᠭᠯᠡᠨ᠎ᠡ᠂ ᠪᠡᠯᠡᠳᠬᠡᠯ ᠵᠠᠷᠤᠳᠠᠯ 4,000 ᠲᠦᠮᠡᠨ ᠲᠥᠭᠦᠷᠢᠭ ᠢ ︽ᠲᠥᠰᠦᠪ ᠤᠨ ᠬᠠᠤᠯᠢ︾ ᠶᠢᠨ ᠲᠣᠭᠲᠠᠭᠠᠯ | ᠶᠣᠰᠣᠭᠠᠷ ᠪᠡᠯᠡᠳᠭᠡᠵᠦ᠂ ᠲᠤᠬᠠᠶ ᠶᠢᠨ ᠵᠢᠯ ᠤᠨ ᠲᠥᠰᠦᠪ ᠢ ᠭᠦᠶᠴᠡᠳᠬᠡᠬᠦ ᠶᠠᠪᠤᠴᠠ ᠳᠠᠬᠢ ᠪᠠᠶᠢᠭᠠᠯᠢ ᠶᠢᠨ ᠭᠠᠮᠰᠢᠭ | ᠵᠡᠷᠭᠡ ᠭᠡᠨᠡᠳᠲᠡ ᠡᠭᠦᠰᠦᠭᠰᠡᠨ ᠬᠡᠷᠡᠭ ᠢ ᠰᠢᠶᠳᠪᠦᠷᠢᠯᠡᠬᠦ ᠳᠤ ᠨᠡᠮᠡᠭᠳᠡᠭᠰᠡᠨ ᠵᠠᠷᠤᠯᠭ᠎ᠠ ᠵᠢᠴᠢ ᠤᠷᠢᠳᠴᠢᠯᠠᠨ ᠮᠡᠳᠡᠬᠦ | ᠳᠤ ᠪᠡᠷᠬᠡ ᠪᠤᠰᠤᠳ ᠵᠠᠷᠤᠯᠭ᠎ᠠ ᠳᠤ ᠬᠡᠷᠡᠭᠯᠡᠨ᠎ᠡ᠃ | ︵ᠬᠤᠶᠠᠷ︶ ᠵᠠᠰᠠᠭ ᠤᠨ ᠣᠷᠳᠣᠨ ᠤ ᠴᠢᠨᠠᠷᠲᠠᠶ ᠰᠠᠭᠤᠷᠢ ᠮᠥᠩᠭᠦᠨ ᠤ ᠲᠥᠰᠦᠪ ︵ᠲᠥᠰᠦᠯ︶ | 2020 ᠣᠨ ᠤ ᠵᠠᠰᠠᠭ ᠤᠨ ᠣᠷᠳᠣᠨ ᠤ ᠴᠢᠨᠠᠷᠲᠠᠢ ᠰᠠᠭᠤᠷᠢ ᠮᠥᠩᠭᠦ ᠶᠢᠨ ᠣᠷᠣᠯᠭ᠎ᠠ ᠶᠢᠨ ᠶᠡᠷᠦᠩᠬᠡᠢ | ᠬᠡᠮᠵᠢᠶ᠎ᠡ 47,353 ᠲᠦᠮᠡᠨ ᠲᠥᠭᠦᠷᠢᠭ᠂ ᠡᠭᠦᠨ ᠳᠤ᠄ ᠤᠯᠤᠰ ᠤᠨ ᠦᠮᠴᠢᠯᠡᠯᠲᠦ ᠭᠠᠵᠠᠷ ᠰᠢᠷᠣᠢ ᠶᠢᠨ ᠬᠡᠷᠡᠭᠯᠡᠬᠦ | ᠡᠷᠬᠡ ᠶᠢ ᠰᠢᠯᠵᠢᠭᠦᠯᠬᠦ ᠮᠥᠩᠭᠦ ᠶᠢᠨ ᠣᠷᠣᠯᠭ᠎ᠠ 42,650 ᠲᠦᠮᠡᠨ ᠲᠥᠭᠦᠷᠢᠭ᠂ ᠳᠡᠭᠡᠷ᠎ᠡ ᠵᠢᠯ ᠤᠨ ᠳ᠋ᠦᠩᠨᠡᠨ | ᠰᠢᠯᠵᠢᠭᠦᠯᠦᠭᠰᠡᠨ ᠮᠦᠩᠭᠦ 4,703 ᠲᠦᠮᠡᠨ ᠲᠥᠭᠦᠷᠢᠭ᠃ | 2020 ᠣᠨ ᠤ ᠵᠠᠰᠠᠭ ᠤᠨ ᠣᠷᠳᠣᠨ ᠤ ᠴᠢᠨᠠᠷᠲᠠᠢ ᠰᠠᠭᠤᠷᠢ ᠮᠥᠩᠭᠦ ᠶᠢᠨ ᠵᠠᠷᠤᠯᠭ᠎ᠠ ᠶᠢ 12,853 | ᠲᠦᠮᠡᠨ ᠲᠥᠭᠦᠷᠢᠭ ᠲᠣᠬᠢᠷᠠᠭᠤᠯᠵᠤ᠂ 34,500 ᠲᠦᠮᠡᠨ ᠲᠥᠭᠦᠷᠢᠭ ᠤᠨ ᠪᠡᠯᠡ ᠮᠥᠩᠭᠦ ᠰᠢᠯᠵᠢᠭᠦᠯᠦᠨ | ᠭᠠᠷᠭᠠᠨ᠎ᠠ᠃ | ︵ᠭᠤᠷᠪᠠ︶ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦᠨ ᠤ ᠲᠥᠰᠦᠪ ︵ᠲᠥᠰᠦᠯ︶ | 2020 ᠣᠨ ᠳᠤ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦ ᠶᠢᠨ ᠣᠷᠣᠯᠭ᠎ᠠ ᠶᠢᠨ ᠶᠡᠷᠦᠩᠬᠡᠢ ᠬᠡᠮᠵᠢᠶ᠎ᠡ 70, | 025 ᠲᠦᠮᠡᠨ ᠲᠥᠭᠦᠷᠢᠭ᠂ ᠡᠭᠦᠨ ᠳᠤ᠄ ᠲᠣᠰ ᠵᠢᠯ ᠤᠨ ᠣᠷᠣᠯᠭ᠎ᠠ ᠶᠢ 40,893 ᠲᠦᠮᠡᠨ ᠲᠥᠭᠦᠷᠢᠭ ᠢᠶᠠᠷ | ᠲᠣᠬᠢᠷᠠᠭᠤᠯᠵᠤ᠂ ᠲᠦᠷᠦᠭᠦᠦ ᠵᠢᠯ ᠤᠨ ᠦᠯᠡᠳᠡᠪᠦᠷᠢ ᠣᠷᠣᠯᠭ᠎ᠠ 29,132 ᠲᠦᠮᠡᠨ ᠲᠥᠭᠦᠷᠢᠭ ᠪᠣᠯᠤᠨ᠎ᠠ᠃ | ᠣᠷᠣᠯᠭ᠎ᠠ ᠲᠠᠢ ᠬᠠᠷᠢᠴᠠᠭᠤᠯᠪᠠᠯ᠂ 2020 ᠣᠨ ᠤ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦ ᠶᠢᠨ ᠵᠠᠷᠤᠯᠭ᠎ᠠ | ᠶᠢᠨ ᠶᠡᠷᠦᠩᠬᠡᠢ ᠬᠡᠮᠵᠢᠶ᠎ᠡ 70,025 ᠲᠦᠮᠡᠨ ᠲᠥᠭᠦᠷᠢᠭ᠂ ᠡᠭᠦᠨ ᠳᠤ᠄ ᠲᠣᠰ ᠵᠢᠯ ᠤᠨ ᠵᠠᠷᠤᠯᠭ᠎ᠠ ᠶᠢ 31,354 | ᠲᠦᠮᠡᠨ ᠲᠦᠭᠦᠷᠢᠭ ᠢᠶᠠᠷ ᠲᠣᠬᠢᠷᠠᠭᠤᠯᠵᠤ᠂ ᠵᠢᠯ ᠤᠨ ᠡᠴᠦᠰ ᠤᠨ ᠦᠯᠡᠳᠡᠪᠦᠷᠢ ᠶᠢ 38,671 ᠲᠦᠮᠡᠨ ᠲᠥᠭᠦᠷᠢᠭ | ᠪᠣᠯᠭᠠᠨ᠎ᠠ᠃ | 1. ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠳᠠᠭᠠᠳᠬᠠᠯ ᠤᠨ | ᠰᠠᠭᠤᠷᠢ ᠮᠥᠩᠭᠦ᠃ ᠣᠷᠣᠯᠭ᠎ᠠ ᠶᠢᠨ ᠶᠡᠷᠦᠩᠬᠡᠢ ᠬᠡᠮᠵᠢᠶ᠎ᠡ 21,464 ᠲᠦᠮᠡᠨ ᠲᠥᠭᠦᠷᠢᠭ᠂ ᠡᠭᠦᠨ ᠳᠤ᠄ ᠲᠣᠰ | ᠵᠢᠯ ᠤᠨ ᠣᠷᠣᠯᠭ᠎ᠠ 9,137 ᠲᠦᠮᠡᠨ ᠲᠥᠭᠦᠷᠢᠭ᠂ ᠳᠡᠭᠡᠷ᠎ᠡ ᠵᠢᠯ ᠤᠨ ᠦᠯᠡᠳᠡᠪᠦᠷᠢ 12,327 ᠲᠦᠮᠡᠨ | ᠲᠥᠭᠦᠷᠢᠭ᠃ ᠵᠠᠷᠤᠯᠭ᠎ᠠ ᠶᠢᠨ ᠶᠡᠷᠦᠩᠬᠡᠢ ᠬᠡᠮᠵᠢᠶ᠎ᠡ 21,464 ᠲᠦᠮᠡᠨ ᠲᠥᠭᠦᠷᠢᠭ᠂ ᠡᠭᠦᠨ ᠳᠤ᠄ ᠲᠣᠰ ᠵᠢᠯ ᠤᠨ | ᠵᠠᠷᠤᠯᠭ᠎ᠠ 6,694 ᠲᠦᠮᠡᠨ ᠲᠥᠭᠦᠷᠢᠭ᠂ ᠵᠢᠯ ᠤᠨ ᠡᠴᠦᠰ ᠤᠨ ᠦᠯᠡᠳᠡᠪᠦᠷᠢ ᠶᠢ 14,770 ᠲᠦᠮᠡᠨ ᠲᠥᠭᠦᠷᠢᠭ | ᠪᠣᠯᠭᠠᠨ᠎ᠠ᠃ | 2. ᠬᠤᠲᠠ ᠪᠠᠯᠭᠠᠰᠤᠨ ᠤ ᠠᠵᠢᠯᠲᠠᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ | ᠰᠠᠭᠤᠷᠢ ᠮᠥᠩᠭᠦ᠃ 2020 ᠣᠨ ᠳᠤ ᠠᠵᠢᠯᠲᠠᠨ ᠠᠵᠢᠯᠴᠢᠨ ᠤ ᠡᠮ ᠡᠮᠨᠡᠯᠭᠡ ᠶᠢᠨ ᠳᠠᠭᠠᠳᠬᠠᠯ ᠪᠠ ᠦᠷᠡᠵᠢᠯ ᠤᠨ | ᠳᠠᠭᠠᠳᠬᠠᠯ ᠢ ᠨᠡᠶᠢᠯᠡᠭᠦᠯᠦᠨ ᠬᠡᠷᠡᠭᠵᠢᠭᠦᠯᠵᠦ᠂ ᠣᠷᠣᠯᠭ᠎ᠠ ᠶᠢᠨ ᠶᠡᠷᠦᠩᠬᠡᠶ ᠬᠡᠮᠵᠢᠶ᠎ᠡ 28,330 ᠲᠦᠮᠡᠨ ᠲᠥᠭᠦᠷᠢᠭ | ᠂ ᠡᠭᠦᠨ ᠳᠤ᠄ ᠲᠤᠰ ᠵᠢᠯ ᠤᠨ ᠣᠷᠣᠯᠭ᠎ᠠ 13,752 ᠲᠦᠮᠡᠨ ᠲᠥᠭᠦᠷᠢᠭ᠂ ᠳᠡᠭᠡᠷ᠎ᠡ ᠵᠢᠯ ᠤᠨ ᠦᠯᠡᠳᠡᠪᠦᠷᠢ 14, | 578 ᠲᠦᠮᠡᠨ ᠲᠥᠭᠦᠷᠢᠭ᠃ ᠵᠠᠷᠤᠯᠭ᠎ᠠ ᠶᠢᠨ ᠶᠡᠷᠦᠩᠬᠡᠢ ᠬᠡᠮᠵᠢᠶ᠎ᠡ 28,330 ᠲᠦᠮᠡᠨ ᠲᠥᠭᠦᠷᠢᠭ᠂ ᠡᠭᠦᠨ ᠳᠤ᠄ | ᠲᠣᠰ ᠵᠢᠯ ᠤᠨ ᠵᠠᠷᠤᠯᠭ᠎ᠠ 9,245 ᠲᠦᠮᠡᠨ ᠲᠥᠭᠦᠷᠢᠭ᠂ ᠵᠢᠯ ᠤᠨ ᠡᠴᠦᠰ ᠤᠨ ᠦᠯᠡᠳᠡᠪᠦᠷᠢ ᠶᠢ 19,085 | ᠲᠦᠮᠡᠨ ᠲᠥᠭᠦᠷᠢᠭ ᠪᠣᠯᠭᠠᠨ᠎ᠠ᠃ | 3. ᠰᠠᠭᠤᠭᠠᠯᠢ ᠠᠷᠠᠳ ᠤᠨ ᠡᠮ ᠡᠮᠨᠡᠯᠭᠡ ᠶᠢᠨ ᠦᠨᠳᠦᠰᠦᠨ ᠳᠠᠭᠠᠳᠬᠠᠯ ᠤᠨ ᠰᠠᠭᠤᠷᠢ ᠮᠥᠩᠭᠦ᠃ | ᠣᠷᠣᠯᠭ᠎ᠠ ᠶᠢᠨ ᠶᠡᠷᠦᠩᠬᠡᠢ ᠬᠡᠮᠵᠢᠶ᠎ᠡ 20,231 ᠲᠦᠮᠡᠨ ᠲᠥᠭᠦᠷᠢᠭ᠂ ᠡᠭᠦᠨ ᠳᠤ᠄ ᠲᠣᠰ ᠵᠢᠯ | ᠤᠨ ᠣᠷᠣᠯᠭ᠎ᠠ 18,004 ᠲᠦᠮᠡᠨ ᠲᠥᠭᠦᠷᠢᠭ᠂ ᠳᠡᠭᠡᠷ᠎ᠡ ᠵᠢᠯ ᠤᠨ ᠦᠯᠡᠳᠡᠪᠦᠷᠢ 2,227 ᠲᠦᠮᠡᠨ ᠲᠥᠭᠦᠷᠢᠭ | ᠃ ᠵᠠᠷᠤᠯᠭ᠎ᠠ ᠶᠢᠨ ᠶᠡᠷᠦᠩᠬᠡᠢ ᠬᠡᠮᠵᠢᠶ᠎ᠡ 20,231 ᠲᠦᠮᠡᠨ ᠲᠥᠭᠦᠷᠢᠭ᠂ ᠡᠭᠦᠨ ᠳᠤ᠄ ᠲᠣᠰ ᠵᠢᠯ ᠤᠨ ᠵᠠᠷᠤᠯᠭ᠎ᠠ | 15,415 ᠲᠦᠮᠡᠨ ᠲᠥᠭᠦᠷᠢᠭ᠂ ᠵᠢᠯ ᠤᠨ ᠡᠴᠦᠰ ᠤᠨ ᠦᠯᠡᠳᠡᠪᠦᠷᠢ 4,816 ᠲᠦᠮᠡᠨ ᠲᠥᠭᠦᠷᠢᠭ ᠪᠣᠯᠭᠠᠨ᠎ᠠ᠃ | | ︵ ᠲᠦᠷᠪᠡ︶ ᠤᠯᠤᠰ ᠤᠨ ᠦᠮᠴᠢᠯᠡᠯᠲᠦ ᠬᠦᠷᠦᠩᠭᠡ ᠶᠢᠨ ᠡᠵᠡᠩᠨᠡᠯᠲᠡ ᠶᠢᠨ ᠲᠥᠰᠦᠪ ︵ᠲᠥᠰᠦᠯ︶ | 2020 ᠣᠨ ᠤ ᠤᠯᠤᠰ ᠤᠨ ᠦᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠦᠪ ᠤᠨ ᠣᠷᠣᠯᠭ᠎ᠠ | ᠶᠢᠨ ᠶᠡᠷᠦᠩᠬᠡᠢ ᠬᠡᠮᠵᠢᠶ᠎ᠡ 2,138 ᠲᠦᠮᠡᠨ ᠲᠥᠭᠦᠷᠢᠭ᠂ ᠡᠭᠦᠨ ᠳᠤ᠄ ᠲᠣᠰ ᠵᠢᠯ ᠤᠨ ᠣᠷᠣᠯᠭ᠎ᠠ ᠶᠢ 2,010 | ᠲᠦᠮᠡᠨ ᠲᠥᠭᠦᠷᠢᠭ ᠲᠣᠬᠢᠷᠠᠭᠤᠯᠵᠤ᠂ ᠳᠡᠭᠡᠷ᠎ᠡ ᠵᠢᠯ ᠤᠨ ᠦᠯᠡᠳᠡᠪᠦᠷᠢ ᠣᠷᠣᠯᠭ᠎ᠠ 128 ᠲᠦᠮᠡᠨ ᠲᠥᠭᠦᠷᠢᠭ | ᠪᠣᠯᠤᠨ᠎ᠠ᠃ | 2020 ᠣᠨ ᠤ ᠤᠯᠤᠰ ᠤᠨ ᠦᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠦᠪ ᠤᠨ ᠵᠠᠷᠤᠯᠭ᠎ᠠ | ᠶᠢ 1,638 ᠲᠦᠮᠡᠨ ᠲᠥᠭᠦᠷᠢᠭ ᠲᠣᠬᠢᠷᠠᠭᠤᠯᠵᠤ᠂ 500 ᠲᠦᠮᠡᠨ ᠲᠥᠭᠦᠷᠢᠭ ᠤᠨ ᠪᠡᠯᠡ ᠮᠥᠩᠭᠦ ᠰᠢᠯᠵᠢᠭᠦᠯᠦᠨ | ᠭᠠᠷᠭᠠᠨ᠎ᠠ᠃ | |