2019 ᠣᠨ ᠤ ᠡᠳ᠋ ᠤᠨ ᠵᠠᠰᠠᠭ ᠤᠨ ᠲᠥᠰᠦᠪ ᠢ ᠭᠦᠶᠴᠡᠳᠬᠡᠭᠰᠡᠨ ᠪᠠᠶᠢᠳᠠᠯ ᠪᠠ 2020 ᠣᠨ ᠤ ᠡᠳ᠋ ᠤᠨ ᠵᠠᠰᠠᠭ ᠤᠨ ᠲᠥᠰᠦᠪ ︵ᠲᠥᠰᠦᠯ︶ ᠤᠨ ᠲᠣᠬᠠᠢ ᠮᠡᠳᠡᠭᠦᠯ᠊
ᠨᠡᠶᠢᠲᠡᠯᠡᠭᠰᠡᠨ ᠴᠠᠭ᠄
2020/4/23
— 2020 ᠤᠨ ᠤ 4 ᠰᠠᠷ᠎ᠠ ᠶᠢᠨ 21 ᠤ ᠡᠳᠦᠷ ᠠᠷᠦ ᠬᠤᠷᠴᠢᠨ ᠬᠤᠰᠢᠭᠤᠨ ᠤ ᠠᠷᠪᠠᠨ ᠳᠤᠯᠤᠳᠤᠭᠠᠷᠬᠤᠭᠤᠴᠠᠭᠠᠨ ᠤ ᠠᠷᠠᠳ ᠤᠨ ᠳᠦᠯᠦᠬᠡᠯᠡᠭᠴᠢᠳ ᠤᠨ ᠶᠡᠭᠡ ᠬᠤᠷᠠᠯ ᠤᠨ ᠳᠦᠷᠪᠡᠳᠦᠬᠡᠷ ᠬᠤᠷᠠᠯᠳᠤᠭᠠᠨ ᠳᠡᠬᠡᠷ᠎ᠡ                                                                                                                   ᠬᠤᠰᠢᠭᠤᠨ ᠡᠳ᠋ ᠤᠨ ᠵᠠᠰᠠᠭ ᠤᠨ ᠲᠣᠪᠴᠢᠶ᠎ᠠ         ︵ᠲᠠᠪᠤ︶ 2020 ᠣᠨ ᠤ ᠡᠳ᠋ ᠤᠨ ᠵᠠᠰᠠᠭ ᠤᠨ ᠭᠤᠤᠯᠳᠠᠯᠭ᠎ᠠ ᠲᠠᠢ ᠠᠵᠢᠯ        1. ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠲᠥᠪ ᠬᠤᠷᠢᠶ᠎ᠠ ᠪᠣᠯᠤᠨ ᠳᠡᠭᠡᠳᠦ ᠱᠠᠲᠤᠨ  ᠤ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠡᠷᠡᠰ ᠨᠠᠶᠢᠳᠠᠪᠤᠷᠢᠵᠢᠭᠤᠯᠤᠨ᠎ᠠᠨᠢᠭᠡ ᠳᠤ ᠳᠡᠭᠡᠷ᠎ᠡ ᠭᠤᠷᠪᠠᠨ ᠱᠠᠲᠤᠨ ᠤ ︽ᠠᠷᠪᠢᠯᠠᠨ ᠭᠠᠮᠨᠠᠵᠦ ᠠᠮᠢᠳᠤᠷᠠᠬᠤ︾ ᠦᠵᠡᠯ ᠰᠠᠨᠠᠭ᠎ᠠ ᠪᠣᠯᠣᠨ ᠦᠪᠡᠷᠲᠡᠭᠡᠨ ᠵᠠᠰᠠᠬᠤ ᠣᠷᠣᠨ ᠤ ᠲᠣᠭᠤᠷᠢᠨ ᠪᠠᠶᠢᠴᠠᠭᠠᠵᠦ ᠵᠠᠰᠠᠨ ᠰᠠᠶᠢᠵᠢᠷᠠᠭᠤᠯᠬᠤ ᠬᠠᠮᠢᠶ᠎ᠠ ᠪᠦᠬᠦᠢ ᠱᠠᠭᠠᠷᠳᠠᠯᠭ᠎ᠠ  ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ︽ᠭᠤᠷᠪᠠᠨ ᠵᠦᠶᠯ ᠤᠨ ᠠᠯᠪᠠᠨ︾ ᠵᠠᠷᠤᠯᠭ᠎ᠠ ᠶᠢ ᠴᠢᠩᠭ᠎ᠠ ᠬᠢᠵᠠᠭᠠᠷᠯᠠᠵᠤ᠂ ᠡᠩ ᠤᠨ ᠴᠢᠨᠠᠷᠲᠠᠶ ᠵᠠᠷᠤᠯᠭ᠎ᠠ ᠶᠢ ᠪᠠᠭᠠᠰᠬᠠᠵᠤ᠂ ᠠᠵᠢᠯᠴᠢ ᠪᠣᠷᠣᠭᠵᠢᠭᠤᠨ ᠠᠷᠪᠢᠯᠠᠨ ᠭᠠᠮᠨᠠᠬᠤ ᠶᠢ ᠴᠢᠩᠭ᠎ᠠ ᠬᠡᠷᠡᠭᠵᠢᠭᠦᠯᠵᠦ᠂ ᠪᠡᠯᠡ ᠮᠥᠩᠭᠦ ᠶᠢ ᠲᠣᠬᠢᠷᠠᠮᠵᠢᠲᠠᠢ ᠬᠡᠷᠡᠭᠯᠡᠵᠦ᠂ ︽ᠰᠠᠶᠢᠨ ᠰᠠᠩ ᠬᠠᠮᠢᠶᠠᠷᠤᠭᠴᠢ︾ ᠪᠤᠯᠵᠤ᠂ ︽ᠨᠠᠷᠢᠯᠢᠭ ᠲᠦᠰᠦᠪᠯᠡᠨ ᠲᠣᠬᠢᠷᠠᠭᠤᠯᠬᠤ︾ ᠶᠢ ᠰᠠᠶᠢᠲᠤᠷ ᠬᠢᠨ᠎ᠡ᠃ ᠬᠤᠶᠠᠷ ᠲᠤ ᠦᠯᠡᠳᠡᠭᠡᠯ ᠥᠷᠢ ᠥᠭᠴᠡᠭᠡ ᠶᠢ ᠠᠷᠢᠯᠭᠠᠬᠤ ᠠᠵᠢᠯ ᠢ ᠡᠷᠡᠰ ᠭᠤᠶᠢᠪᠢᠰᠢ ᠥᠬᠡᠶ ᠠᠬᠢᠭᠤᠯᠵᠤ᠂ ᠦᠷᠢᠳᠦᠯ ᠭᠠᠷᠭᠠᠬᠤ ᠪᠣᠭᠤᠮᠲᠠ ᠶᠢ ᠲᠤᠶᠢᠯᠪᠤᠷᠢᠲᠠᠶ ᠬᠠᠭᠠᠨ᠎ᠠ᠃ ᠵᠠᠰᠠᠭ ᠤᠨ ᠣᠷᠳᠣᠨ ᠤ ᠳᠠᠯᠳᠠ ᠥᠷᠢ ᠥᠭᠴᠡᠭᠡ ᠶᠢ ᠠᠷᠢᠯᠭᠠᠬᠤ ᠲᠥᠰᠦᠯ ᠤᠨ ᠱᠠᠭᠠᠷᠳᠠᠯᠭ᠎ᠠ ᠶᠣᠰᠣᠭᠠᠷ᠂ ᠵᠠᠰᠠᠭ ᠤᠨ ᠣᠷᠳᠣᠨ ᠤ ᠥᠷᠢ ᠥᠭᠴᠡᠭᠡ ᠶᠢᠨ ᠲᠦᠭᠰᠢᠭᠦᠷᠢ ᠦᠯᠦ ᠡᠭᠦᠰᠬᠦ ᠬᠤᠷᠢᠭ᠎ᠠ ᠱᠤᠭᠤᠮ ᠢ ᠪᠠᠲᠤ ᠰᠠᠬᠢᠵᠤ᠂ ︽ᠭᠤᠷᠪᠠᠨ ᠶᠡᠭᠡ ᠪᠡᠷᠬᠡ ᠶᠢ ᠲᠣᠭᠤᠯᠬᠤ ᠳᠠᠶᠢᠯᠠᠯᠳᠤᠭᠠᠨ︾ ᠢ ᠰᠠᠶᠢᠲᠤᠷ ᠬᠢᠵᠦ ᠢᠯᠠᠯᠲᠠ ᠣᠯᠬᠤ ᠳᠤ ᠠᠩᠬᠠᠷᠤᠯ ᠢᠶᠠᠨ ᠲᠦᠪᠯᠡᠷᠡᠭᠦᠯᠵᠦ᠂ ᠬᠦᠴᠦᠨ ᠢᠶᠠᠨ ᠲᠥᠪᠯᠡᠷᠡᠭᠦᠯᠦᠨ ᠵᠠᠰᠠᠭ ᠤᠨ ᠣᠷᠳᠣᠨ ᠤ ᠳᠠᠯᠳᠠ ᠥᠷᠢ ᠥᠭᠴᠡᠭᠡ ᠪᠠ ᠡᠳ᠋ ᠤᠨ ᠵᠠᠰᠠᠭ ᠤᠨ ᠲᠦᠷ ᠥᠭᠬᠦ ᠴᠢᠨᠠᠷᠲᠠᠶ ᠵᠣᠭᠤᠰ ᠮᠦᠩᠭᠦᠨ ᠤ ᠲᠦᠷᠦᠯ ᠢ ᠠᠷᠢᠯᠭᠠᠵᠤ᠂ ᠣᠨ ᠤ ᠦᠷᠢᠲᠡᠯ ᠠᠷᠢᠯᠭᠠᠬᠤ ᠡᠭᠦᠷᠭᠡ ᠪᠠᠨ ᠪᠡᠶᠡᠯᠡᠭᠦᠯᠬᠦ ᠶᠢ ᠦᠨᠡᠨᠬᠦ ᠪᠠᠲᠤᠯᠠᠵᠦ᠂ ᠡᠳ᠋ ᠤᠨ ᠵᠠᠰᠠᠭ  ᠤᠨ ᠣᠬᠤᠷ ᠬᠤᠭᠤᠴᠠᠭᠠᠨ ᠤ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠨ᠎ᠠ᠃ ᠭᠤᠷᠪᠠ ᠳᠤ ︽ᠭᠤᠷᠪᠠ ᠶᠢ ᠪᠠᠲᠤᠯᠠᠬᠤ︾ ᠶᠢᠨ ᠦᠨᠳᠦᠰᠦᠨ ᠱᠠᠭᠠᠷᠳᠠᠯᠭ᠎ᠠ ᠶᠣᠰᠣᠭᠠᠷ᠂ ᠵᠠᠷᠤᠯᠭ᠎ᠠ ᠶᠢ ᠪᠠᠲᠤᠯᠠᠬᠤ ᠳᠡᠰ ᠳᠠᠷᠠᠭᠠᠯᠠᠯ ᠢ ᠰᠢᠯᠢᠳᠡᠭᠵᠢᠭᠦᠯᠦᠨ᠂ ᠡᠳ᠋ ᠤᠨ ᠵᠠᠰᠠᠭ ᠤᠨ ᠵᠠᠷᠤᠯᠭ᠎ᠠ ᠶᠢ ᠵᠦᠶ ᠵᠣᠬᠢᠰᠲᠠᠶ ᠵᠣᠬᠢᠴᠠᠭᠤᠯᠣᠨ᠂ ᠪᠡᠯᠡ ᠮᠥᠩᠭᠦ ᠶᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠵᠤ᠂ ᠠᠷᠠᠳ ᠤᠨ ᠠᠮᠢᠳᠤᠷᠠᠯ ᠤᠨ ᠦᠢᠯᠡᠰ ᠤᠨ ᠬᠥᠭᠵᠢᠯᠲᠡ ᠪᠠ ᠲᠥᠷᠥᠯ ᠵᠦᠶᠯ ᠤᠨ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠶᠢᠨ ᠬᠡᠷᠡᠭᠴᠡᠭᠡ ᠱᠠᠭᠠᠷᠳᠠᠯᠭ᠎ᠠ ᠶᠢ ᠦᠨᠡᠨᠬᠦ ᠪᠠᠲᠤᠯᠠᠨ᠎ᠠ ︽ᠭᠤᠷᠪᠠ ᠶᠢ ᠪᠠᠲᠤᠯᠠᠬᠤ︾ ᠪᠠᠲᠤᠯᠠᠭ᠎ᠠ ᠶᠢᠨ ᠬᠠᠷᠢᠭᠤᠴᠠᠯᠭ᠎ᠠ ᠶᠢ ᠪᠣᠳᠠᠲᠠᠢ ᠨᠠᠶᠢᠳᠠᠪᠤᠷᠢᠵᠢᠭᠤᠯᠤᠨ᠎ᠠ᠃ ᠡᠨᠡ ᠵᠢᠯ ᠤᠨ ᠡᠬᠢᠨ ᠳᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠳᠡᠯᠭᠡᠷᠡᠭᠰᠡᠨ ᠠᠴᠠ ᠡᠳ᠋ ᠤᠨ ᠵᠠᠰᠠᠭ ᠪᠦᠬᠦ ᠲᠠᠯ᠎ᠠ ᠪᠠᠷ ᠣᠷᠤᠯᠭ᠎ᠠ ᠬᠠᠰᠤᠭᠳᠠᠭᠰᠠᠨ ᠪᠠᠶᠢᠳᠠᠯ ᠳᠣᠣᠷ᠎ᠠ ᠬᠢᠵᠢᠭ ᠢ ᠡᠰᠡᠷᠭᠦᠴᠡᠬᠦ ᠪᠡᠯᠡ ᠮᠦᠩᠬᠦ ᠶᠢ ᠢᠳᠡᠪᠬᠢᠲᠠᠢ ᠴᠣᠭᠯᠠᠭᠤᠯᠣᠨ᠂ ᠬᠢᠵᠢᠭ ᠤᠨ ᠪᠠᠶᠢᠳᠠᠯ ᠰᠡᠷᠭᠡᠶᠢᠯᠡᠨ ᠬᠢᠵᠠᠭᠠᠷᠯᠠᠬᠤ ᠵᠠᠷᠤᠯᠭ᠎ᠠ ᠶᠢ ᠪᠠᠲᠤᠯᠠᠵᠤ᠂ ᠬᠢᠵᠢᠭ ᠤᠨ ᠪᠠᠶᠢᠳᠠᠯ  ᠢ ᠰᠡᠷᠭᠡᠶᠢᠯᠡᠨ ᠬᠢᠵᠠᠭᠠᠷᠯᠠᠬᠤ ᠵᠠᠷᠤᠯᠭ᠎ᠠ ᠪᠣᠯᠣᠨ ᠡᠮᠨᠡᠯᠭᠡ ᠶᠢᠨ ᠲᠦᠬᠦᠭᠡᠷᠦᠮᠵᠢ ᠪᠠ ᠪᠠᠲᠤᠯᠠᠭ᠎ᠠ ᠶᠢᠨ ᠪᠣᠳᠠᠰ ᠬᠤᠳᠠᠯᠳᠤᠨ ᠠᠪᠬᠤ ᠵᠡᠷᠭᠡ ᠳᠤ 2,336 ᠲᠦᠮᠡᠨ ᠲᠦᠭᠦᠷᠢᠭ ᠪᠠᠭᠤᠯᠭᠠᠪᠠ᠃ ᠠᠵᠦ ᠠᠬᠤᠶᠢᠯᠠᠯ ᠤᠨ ᠠᠵᠢᠯ ᠦᠢᠯᠡᠳᠪᠦᠷᠢᠯᠡᠯ ᠢ ᠰᠡᠷᠭᠦᠭᠡᠬᠦ ᠶᠢᠨ ᠲᠦᠯᠦᠭᠡ ᠦᠷᠲᠡᠭ ᠤᠨ ᠨᠡᠮᠡᠭᠳᠡᠯ ᠭᠠᠶᠢᠯᠢ᠂ ᠭᠡᠷ ᠬᠦᠷᠦᠩᠭᠡ ᠶᠢᠨ ᠭᠠᠶᠢᠯᠢ ᠪᠣᠯᠣᠨ ᠬᠤᠲᠠ ᠪᠠᠯᠭᠠᠰᠤ ᠶᠢᠨ ᠭᠠᠵᠠᠷ ᠰᠢᠷᠤᠢ ᠬᠡᠷᠡᠭᠯᠡᠬᠦ ᠭᠠᠶᠢᠯᠢ ᠶᠢ 213 ᠲᠦᠮᠡᠨ ᠲᠦᠭᠦᠷᠢᠭ ᠬᠠᠰᠣᠨ ᠬᠡᠯᠲᠦᠷᠢᠭᠦᠯᠵᠦ᠂ ᠦᠷᠲᠡᠭ ᠤᠨ ᠨᠡᠮᠡᠭᠳᠡᠯ ᠭᠠᠶᠢᠯᠢ ᠪᠠ ᠡᠬᠢ ᠪᠠᠶᠠᠯᠢᠭ ᠤᠨ ᠭᠠᠶᠢᠯᠢ ᠶᠢ 392 ᠲᠦᠮᠡᠨ ᠲᠦᠭᠦᠷᠢᠭ ᠬᠤᠶᠢᠰᠢᠯᠠᠭᠤᠯᠤᠨ ᠲᠣᠰᠢᠶᠠᠯᠭᠠᠬᠤ ᠪᠠᠷ ᠪᠣᠯᠪᠠ᠃ ᠳᠦᠷᠪᠡ ᠳᠤ ᠡᠨᠡ ᠵᠢᠯ ᠤᠨ ᠡᠳ᠋ ᠤᠨ ᠵᠠᠰᠠᠭ ᠤᠨ ᠵᠠᠷᠤᠯᠭ᠎ᠠ ᠶᠢᠨ ᠪᠦᠲᠦᠴᠡ ᠳᠤ ᠲᠣᠬᠢᠷᠠᠭᠤᠯᠤᠯᠲᠠ ᠬᠢᠬᠦ ᠪᠠ ᠪᠠᠲᠤᠯᠠᠬᠤ ᠭᠤᠣᠯᠳᠠᠯᠭ᠎ᠠ᠃ ᠳᠡᠭᠡᠷ᠎ᠡ ᠱᠠᠲᠤᠨ ᠤ ᠲᠤᠰᠬᠠᠢ ᠵᠦᠢᠯ ᠪᠣᠯᠣᠨ ᠬᠤᠰᠢᠭᠤᠨ ᠱᠠᠲᠤᠨ ᠤ ᠡᠳ᠋ ᠤᠨ ᠬᠦᠴᠦᠨ ᠢ ᠨᠢᠭᠡᠳᠦᠯᠲᠠᠢ ᠲᠦᠯᠦᠪᠯᠡᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠪᠠ ᠠᠵᠢᠯ ᠦᠢᠯᠡᠳᠪᠦᠷᠢᠯᠡᠯ ᠢᠶᠠᠨ ᠰᠡᠷᠭᠦᠭᠡᠬᠦ ᠶᠢ ᠳᠡᠮᠵᠢᠵᠦ᠂ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠶ ᠶᠢ ᠬᠥᠭᠵᠢᠭᠦᠯᠦᠨ ᠪᠤᠵᠠᠭᠠᠶᠢᠷᠠᠭᠤᠯᠵᠤ᠂ ᠬᠥᠳᠡᠭᠡ ᠲᠣᠰᠬᠤᠨ ᠢ ᠬᠦᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠶᠢ ᠳᠠᠮᠵᠢᠵᠤ᠂ ᠮᠠᠯᠴᠢᠨ ᠲᠠᠷᠢᠶᠠᠴᠢᠨ ᠤ ᠣᠷᠣᠯᠭ᠎ᠠ ᠪᠠᠨ ᠨᠡᠮᠡᠭᠳᠡᠭᠦᠯᠬᠦ ᠶᠢ ᠲᠠᠶᠢᠴᠢᠯᠠᠨ᠎ᠠ᠃ ︽ᠠᠰ ᠠᠰ ᠢᠶᠠᠷ ᠨᠢ ᠵᠥᠪᠯᠡᠬᠦ︾ ᠲᠦᠷᠦᠯ ᠵᠦᠢᠯ ᠤᠨ ᠵᠢᠯᠤᠭᠤᠳᠤᠨ ᠳᠠᠭᠠᠭᠤᠯᠬᠤ ᠦᠶᠯᠡᠳᠦᠯ ᠢ ᠭᠦᠶᠴᠡᠳ ᠪᠠᠳᠠᠷᠠᠭᠤᠯᠵᠤ᠂ ᠬᠤᠭ ᠨᠣᠪᠰᠢ ᠰᠢᠶᠳᠪᠦᠷᠢᠯᠡᠬᠦ᠂ ᠵᠣᠷᠯᠣᠩ ᠤᠨ ᠦᠭᠡᠷᠡᠴᠢᠯᠡᠯᠲᠡ᠂ ᠭᠠᠴᠠᠭ᠎ᠠ ᠲᠣᠰᠬᠤᠨ ᠤ ᠳᠦᠷᠰᠦ ᠪᠠᠶᠢᠳᠠᠯ ᠢ ᠳᠡᠭᠡᠭᠰᠢᠯᠡᠭᠦᠯᠬᠦ ᠵᠡᠷᠭᠡ ᠪᠠᠷ ᠭᠤᠤᠯᠳᠠᠯᠭ᠎ᠠ ᠪᠣᠯᠭᠠᠵᠤ᠂ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠰᠠᠶᠢᠵᠢᠷᠠᠭᠤᠯᠤᠨ᠎ᠠ᠃ ᠰᠤᠷᠭᠠᠨ ᠬᠥᠮᠦᠵᠢᠯ᠂ ᠰᠣᠶᠣᠯ᠂ ᠨᠡᠶᠢᠭᠡᠮ ᠤᠨ ᠪᠠᠲᠤᠯᠠᠭ᠎ᠠ ᠪᠠ ᠠᠵᠢᠯ ᠣᠯᠭᠤᠯᠲᠠ᠂ ᠡᠷᠡᠭᠦᠯ ᠬᠠᠮᠠᠭᠠᠯᠠᠯ ᠡᠷᠡᠭᠦᠯ ᠮᠡᠨᠳᠤ᠂ ᠣᠷᠣᠨ ᠰᠠᠭᠤᠴᠠ ᠶᠢᠨ ᠪᠠᠲᠤᠯᠠᠭ᠎ᠠ ᠵᠡᠷᠭᠡ ᠠᠷᠠᠳ ᠤᠨ ᠠᠮᠢᠳᠤᠷᠠᠯ ᠤᠨ ᠭᠤᠤᠯᠳᠠᠯᠭ᠎ᠠ ᠲᠠᠢ ᠬᠦᠷᠢᠶᠡᠨ  ᠳᠠᠬᠢ ᠣᠷᠣᠭᠤᠯᠤᠯᠲᠠ ᠶᠢᠨ ᠡᠷᠴᠢᠮ ᠢ ᠴᠢᠩᠭᠠᠷᠠᠭᠤᠯᠤᠨ᠎ᠠ᠃ ᠦᠨᠳᠦᠰᠦᠨ ᠱᠠᠲᠤᠨ ᠤ ᠰᠣᠶᠣᠯ ᠤᠨ ᠦᠶᠯᠡᠴᠢᠯᠡᠭᠡᠨ  ᠤ ᠨᠥᠬᠦᠴᠡᠯ ᠢ ᠬᠦᠴᠦᠯᠡᠨ ᠰᠠᠶᠢᠵᠢᠷᠠᠭᠤᠯᠵᠤ᠂ ᠤᠯᠠᠭᠠᠨᠮᠥ᠋ᠴᠢᠷ ᠤᠨ ᠠᠵᠢᠯ ᠦᠶᠯᠡᠰ ᠤᠨ ᠬᠥᠭᠵᠢᠯᠲᠡ ᠶᠢ ᠳᠡᠮᠵᠢᠵᠦ᠂ ᠠᠷᠠᠳ ᠣᠯᠠᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠤᠶᠤᠨ ᠤᠬᠠᠭᠠᠨ ᠰᠣᠶᠣᠯ ᠤᠨ ᠬᠡᠷᠡᠭᠴᠡᠭᠡ   ᠶᠢ ᠲᠠᠰᠤᠷᠠᠯᠲᠠ ᠥᠬᠡᠶ ᠬᠠᠩᠭᠠᠨ᠎ᠠ᠃ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠢ ᠭᠦᠨᠵᠡᠭᠡᠶ ᠥᠷᠨᠢᠭᠦᠯᠬᠦ ᠶᠢ ᠳᠡᠮᠵᠢᠵᠦ᠂ ᠨᠡᠶᠢᠭᠡᠮ ᠤᠨ ᠡᠶ᠎ᠡ ᠵᠣᠬᠢᠴᠠᠯ ᠪᠠ ᠲᠣᠭᠲᠠᠭᠤᠨ ᠪᠠᠶᠢᠳᠠᠯ ᠢ ᠪᠥᠬᠦ ᠬᠦᠴᠦᠨ  ᠢᠶᠠᠷ ᠢᠶᠠᠨ ᠬᠠᠮᠠᠭᠠᠯᠠᠨ᠎ᠠ᠃        2. ᠣᠷᠣᠯᠭ᠎ᠠ ᠪᠠᠷ ᠵᠠᠷᠤᠯᠭ᠎ᠠ ᠶᠢ ᠲᠣᠭᠲᠠᠭᠠᠬᠤ ᠶᠢ ᠪᠠᠷᠢᠮᠲᠠᠯᠠᠵᠤ᠂ ᠣᠷᠣᠯᠭ᠎ᠠ ᠶᠢᠨ ᠶᠠᠰᠤ ᠴᠢᠨᠠᠷ ᠪᠠ ᠵᠠᠷᠤᠯᠭ᠎ᠠ ᠶᠢᠨ ᠦᠷ᠎ᠡ ᠪᠦᠲᠦᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ        ᠨᠢᠭᠡ ᠳᠤ ᠲ᠊‍ᠠᠲᠠᠪᠤᠷᠢᠯᠠᠨ ᠬᠠᠮᠢᠶᠠᠷᠬᠤ ᠶᠢ ᠴᠢᠩᠭᠠᠳᠬᠠᠵᠤ᠂ ᠤᠯᠤᠰ ᠤᠨ ᠡᠯ᠎ᠡ ᠵᠦᠶᠯ ᠤᠨ ᠭᠠᠶᠢᠯᠢ ᠬᠥᠩᠭᠡᠯᠡᠵᠦ ᠰᠦᠶᠳᠬᠡᠯ ᠪᠠᠭᠤᠷᠠᠭᠤᠯᠬᠤ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠬᠡᠷᠡᠭᠵᠢᠭᠦᠯᠦᠭᠰᠡᠨ ᠰᠠᠭᠤᠷᠢᠨ ᠳᠡᠭᠡᠷ᠎ᠡ᠂ ᠡᠯ᠎ᠡ ᠲᠠᠲᠠᠪᠤᠷᠢᠯᠠᠨ ᠬᠤᠷᠢᠶᠠᠬᠤ ᠰᠠᠯᠠᠭ᠎ᠠ ᠮᠥᠴᠢᠷ ᠯᠦᠭᠡ ᠶᠢᠨ ᠬᠤᠷᠰᠢᠯᠴᠠᠭ᠎ᠠ ᠶᠢ ᠴᠢᠩᠭᠠᠷᠠᠭᠤᠯᠤᠨ᠂ ᠬᠤᠷᠢᠶᠠᠪᠠᠯ ᠵᠣᠬᠢᠬᠤ ᠶᠢ ᠨᠢ ᠪᠦᠬᠦᠨ ᠢ ᠬᠤᠷᠢᠶᠠᠵᠤ᠂ ᠭᠦᠶᠴᠡᠳ ᠲᠤᠭ᠎ᠠ ᠪᠠᠷ ᠬᠥᠮᠥᠷᠭᠡ ᠳᠤ ᠣᠷᠣᠭᠤᠯᠬᠤ ᠶᠢ ᠦᠨᠡᠨᠬᠦ ᠪᠠᠲᠤᠯᠠᠨ᠎ᠠ᠃ ᠬᠤᠶᠠᠷ ᠲᠤ ᠵᠠᠰᠠᠭ ᠤᠨ ᠣᠷᠳᠣᠨ ᠤ ᠣᠷᠣᠯᠭ᠎ᠠ ᠶᠢ ᠨᠡᠮᠡᠭᠳᠡᠭᠦᠯᠬᠦ ᠠᠷᠭ᠎ᠠ ᠵᠠᠮ ᠢ ᠥᠷᠭᠡᠳᠬᠡᠵᠦ᠂ ᠡᠳ᠋ ᠤᠨ ᠵᠠᠰᠠᠭ ᠤᠨ ᠣᠷᠣᠯᠭ᠎ᠠ ᠶᠢ ᠨᠡᠮᠡᠭᠳᠡᠭᠦᠯᠬᠦ ᠠᠷᠭ᠎ᠠ ᠮᠠᠶ᠋ᠢᠭ ᠤᠨ ᠲᠠᠯ᠎ᠠ ᠪᠠᠷ ᠰᠢᠨ᠎ᠡ ᠶᠢ ᠡᠭᠦᠳᠦᠨ᠎ᠡ᠃ ᠤᠯᠤᠰ ᠤᠨ ᠦᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢ ᠴᠢᠩᠭᠠᠳᠬᠠᠵᠤ᠂ ᠵᠠᠰᠠᠭ ᠤᠨ ᠣᠷᠳᠣᠨ ᠤ ᠡᠳ᠋ ᠬᠦᠷᠦᠩᠭᠡ ᠶᠢ ᠡᠵᠡᠩᠨᠡᠨ ᠡᠷᠬᠢᠯᠲᠡ ᠳᠤ ᠣᠷᠣᠭᠤᠯᠬᠤ ᠡᠷᠬᠡ ᠠᠰᠢᠭ ᠤᠨ ᠲᠠᠯ᠎ᠠ ᠪᠠᠷ ᠣᠷᠣᠯᠭ᠎ᠠ  ᠪᠠᠨ ᠨᠡᠮᠡᠭᠳᠡᠭᠦᠯᠬᠦ ᠠᠷᠭ᠎ᠠ ᠵᠠᠮ ᠢ ᠲᠠᠰᠤᠷᠠᠯᠲᠠ ᠦᠭᠡᠢ ᠨᠡᠭᠡᠭᠡᠵᠦ᠂ ᠲᠠᠷᠢᠶᠠᠨ ᠭᠠᠵᠠᠷ ᠢ ᠡᠵᠡᠯᠡᠭᠰᠡᠨ ᠢ ᠨᠦᠬᠦᠪᠦᠷᠢᠯᠡᠨ ᠲᠡᠩᠴᠡᠭᠦᠯᠬᠦ ᠪᠠ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠨᠡᠮᠡᠭᠳᠡᠵᠦ ᠬᠠᠰᠤᠭᠳᠠᠬᠤ ᠳᠤ ᠬᠤᠯᠪᠣᠭᠳᠠᠬᠤ ᠬᠤᠶᠠᠷ ᠭᠦᠢᠴᠡᠳᠭᠡᠯ ᠲᠤᠭ᠎ᠠ ᠶᠢ ᠡᠮᠬᠢᠯᠡᠨ ᠳᠢᠭᠯᠡᠬᠦ᠂ ᠨᠥᠭᠡᠴᠡᠯᠡᠬᠦ᠂ ᠠᠷᠠᠯᠵᠢᠶᠠᠯᠠᠬᠤ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠶᠢᠨ ᠬᠠᠮᠲᠤ ᠣᠢ ᠰᠢᠭᠤᠶ ᠨᠤᠲᠤᠭ ᠪᠡᠯᠴᠢᠭᠡᠷ ᠤᠨ ᠨᠡᠭᠦᠷᠡᠰᠦᠲᠥ᠋ᠷᠥᠭᠴᠢ ᠶᠢ ᠬᠤᠷᠠᠮᠳᠣᠯ ᠢ ᠠᠷᠠᠯᠵᠢᠶᠠᠯᠠᠬᠤ ᠲᠠᠯ᠎ᠠ ᠪᠠᠷ ᠰᠢᠪᠲᠤᠯᠤᠯᠲᠠ ᠭᠠᠷᠭᠠᠬᠤ ᠶᠢ ᠢᠳᠡᠪᠬᠢᠲᠡᠶ ᠪᠠᠷ ᠰᠦᠪᠡᠭᠴᠢᠯᠡᠨ᠎ᠡ᠃ ᠭᠤᠷᠪᠠ ᠳᠤ ᠡᠳ᠋ ᠤᠨ ᠵᠠᠰᠠᠭ ᠤᠨ ᠲᠥᠰᠦᠪ ᠤᠨ ᠦᠷ᠎ᠡ ᠪᠦᠲᠦᠮᠵᠢ ᠶᠢᠨ ᠬᠠᠮᠢᠶᠠᠷᠤᠯᠲᠠ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠶᠠᠳᠠᠭᠤ ᠶᠢ ᠲᠡᠳᠬᠦᠬᠦ ᠪᠡᠯᠡ ᠮᠥᠩᠭᠦ ᠶᠢᠨ ᠦᠷ᠎ᠡ ᠪᠦᠲᠦᠮᠵᠢ ᠶᠢᠨ ᠬᠠᠮᠢᠶᠠᠷᠤᠯᠲᠠ ᠶᠢᠨ ᠲᠤᠷᠰᠢᠯᠲᠠ ᠶᠢᠨ ᠴᠢᠭ ᠢ ᠦᠷᠭᠦᠯᠵᠢᠯᠡᠨ ᠲᠦᠯᠬᠢᠨ ᠠᠬᠢᠭᠤᠯᠬᠤ ᠪᠠ ᠲᠡᠭᠦᠯᠳᠡᠷᠵᠢᠭᠦᠯᠵᠦ᠂ ᠡᠳ᠋ ᠤᠨ ᠵᠠᠰᠠᠭ ᠤᠨ ᠲᠥᠰᠦᠪ ᠤᠨ ᠦᠷ᠎ᠡ ᠪᠦᠲᠦᠮᠵᠢ ᠶᠢᠨ ᠦᠨᠡᠯᠡᠯᠲᠡ ᠪᠠ ᠦᠷ᠎ᠡ ᠪᠦᠲᠦᠮᠵᠢ ᠶᠢᠨ ᠬᠠᠮᠢᠶᠠᠷᠤᠯᠲᠠ ᠶᠢ ᠡᠳ᠋ ᠤᠨ ᠵᠠᠰᠠᠭ  ᠤᠨ ᠬᠢᠨᠠᠨ ᠲᠣᠭᠲᠠᠭᠠᠭᠰᠠᠨ ᠦᠷ᠎ᠡ ᠳ᠋ᠦᠩ᠂ ᠬᠢᠨᠠᠨ ᠪᠣᠳᠣᠵᠤ ᠪᠠᠶᠢᠴᠠᠭᠠᠨ ᠭᠠᠷᠭᠠᠭᠰᠠᠨ ᠠᠰᠠᠭᠤᠳᠠᠯ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠬᠡᠷᠡᠭ ᠰᠢᠶᠳᠪᠦᠷᠢᠯᠡᠬᠦ᠂ ᠲᠣᠭᠤᠷᠢᠨ ᠪᠠᠶᠢᠴᠠᠭᠠᠵᠤ ᠢᠯᠡᠷᠡᠭᠦᠯᠦᠭᠰᠡᠨ ᠠᠰᠠᠭᠤᠳᠠᠯ ᠵᠢᠴᠢ ᠵᠠᠬᠢᠳᠠᠯ ᠰᠤᠷᠪᠤᠯᠵᠢᠯᠠᠯ ᠢᠶᠠᠷ ᠢᠯᠡᠴᠢᠯᠡᠨ ᠮᠡᠳᠡᠭᠦᠯᠦᠭᠰᠡᠨ ᠠᠰᠠᠭᠤᠳᠠᠯ ᠯᠤᠭ᠎ᠠ ᠬᠤᠯᠪᠣᠭᠳᠠᠭᠤᠯᠬᠤ ᠠᠵᠢᠯ ᠤᠨ ᠲᠣᠭᠲᠠᠴᠠ ᠶᠢ ᠰᠦᠪᠡᠭᠴᠢᠯᠡᠨ ᠪᠠᠶᠢᠭᠤᠯᠵᠤ᠂ ᠦᠨᠳᠦᠰᠦᠨ ᠱᠠᠲᠤᠨ ᠤ ᠡᠳ᠋ ᠤᠨ ᠵᠠᠰᠠᠭ ᠤᠨ ᠦᠷ᠎ᠡ ᠪᠦᠲᠦᠮᠵᠢ ᠶᠢᠨ ᠬᠠᠮᠢᠶᠠᠷᠤᠯᠲᠠ ᠶᠢᠨ ᠭᠠᠷᠳᠠᠬᠤ ᠴᠡᠭ ᠪᠠ ᠰᠢᠪᠲᠤᠯᠤᠯᠲᠠ ᠶᠢᠨ ᠴᠢᠭ ᠢ ᠣᠨᠣᠪᠴᠢᠲᠠᠶ ᠡᠷᠢᠵᠦ ᠪᠣᠳᠠᠲᠠᠶᠢᠵᠢᠭᠤᠯᠤᠨ᠎ᠠ᠃ ᠳᠥᠷᠪᠡ ᠳᠤ ᠡᠳ᠋ ᠤᠨ ᠵᠠᠰᠠᠭ ᠤᠨ ᠬᠠᠮᠢᠶᠠᠷᠤᠯᠲᠠ ᠶᠢᠨ ᠮᠡᠳᠡᠭᠡ ᠵᠠᠩᠭᠢᠵᠢᠯᠲᠠ ᠶᠢᠨ ᠬᠢᠷᠢ ᠬᠡᠮᠵᠢᠶ᠎ᠡ ᠶᠢ ᠲᠠᠰᠤᠷᠤᠯᠲᠠ ᠦᠭᠡᠢ ᠳᠡᠭᠡᠭᠰᠢᠯᠡᠭᠦᠯᠵᠦ᠂ ᠡᠳ᠋ ᠤᠨ ᠵᠠᠰᠠᠭ ᠤᠨ ᠲᠣᠮᠣ ᠳ᠋ᠠᠶᠢᠲ᠋ᠠ ᠶᠢᠨ ᠬᠡᠷᠡᠭᠯᠡᠯᠲᠡ ᠪᠠ ᠡᠳ᠋ ᠤᠨ ᠵᠠᠰᠠᠭ ᠤᠨ ᠮᠡᠳᠡᠭᠡ ᠵᠠᠩᠭᠢᠵᠢᠯᠲᠠ ᠶᠢᠨ ᠬᠢᠷᠢ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠪᠠᠷ ᠳᠠᠮᠵᠢᠨ ᠡᠳ᠋ ᠤᠨ ᠵᠠᠰᠠᠭ ᠤᠨ ᠪᠡᠯᠡ ᠮᠥᠩᠭᠦ ᠶᠢᠨ ᠠᠵᠢᠯᠯᠠᠭᠠᠨ ᠤ ᠢᠯᠡ ᠲᠣᠳᠣ ᠶᠢᠨ ᠬᠡᠮᠵᠢᠶ᠎ᠡ ᠪᠠ ᠬᠢᠨᠠᠨ ᠬᠠᠮᠢᠶᠠᠷᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃        3. ᠲᠥᠰᠦᠪ ᠤᠨ ᠬᠠᠮᠢᠶᠠᠷᠤᠯᠲᠠ ᠶᠢ ᠴᠢᠩᠭᠠᠳᠬᠠᠵᠤ᠂ ᠲᠥᠰᠦᠪ ᠢ ᠬᠡᠷᠡᠭᠵᠢᠭᠦᠯᠬᠦ ᠪᠠ ᠬᠢᠨᠠᠯᠲᠠ ᠲᠠᠯᠪᠢᠬᠤ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ        ᠨᠢᠭᠡ ᠳᠤ ᠲᠥ᠊ᠰᠦ᠋ᠪ ᠢ ᠭᠦᠶᠴᠡᠳᠬᠡᠬᠦ ᠬᠢᠵᠠᠭᠠᠷᠯᠠᠯ ᠢ ᠴᠢᠩᠭᠠᠷᠠᠭᠤᠯᠤᠨ᠎ᠠ᠃ ᠡᠳ᠋ ᠤᠨ ᠵᠠᠰᠠᠭ ᠤᠨ ᠶᠠᠮᠤᠨ  ᠤ ︽ᠣᠷᠣᠨ ᠨᠤᠲᠤᠭ ᠤᠨ ᠲᠥᠰᠦᠪ ᠢ ᠭᠦᠶᠴᠡᠳᠬᠡᠬᠦ ᠪᠠ ᠡᠳ᠋ ᠤᠨ ᠵᠠᠰᠠᠭ ᠤᠨ ᠪᠡᠯᠡ ᠮᠦᠩᠬᠦ ᠶᠢᠨ ᠠᠶᠤᠯᠭᠦᠶ  ᠶᠢᠨ ᠬᠠᠮᠢᠶᠠᠷᠤᠯᠲᠠ ᠶᠢ ᠦᠨᠡᠨᠬᠦ ᠴᠢᠩᠭᠠᠳᠬᠠᠬᠤ ᠬᠤᠯᠪᠣᠭᠳᠠᠯ ᠪᠦᠬᠦᠢ ᠶᠠᠪᠤᠳᠠᠯ ᠤᠨ ᠲᠤᠬᠠᠶ ᠮᠡᠳᠡᠭᠳᠡᠯ︾ ᠢ ᠬᠢᠨᠠᠮᠠᠭᠠᠶ ᠨᠠᠶᠢᠳᠠᠪᠤᠷᠢᠵᠢᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ᠲᠥᠰᠦᠪ ᠤᠨ ᠭᠦᠢᠴᠡᠳᠭᠡᠯ ᠢ ᠴᠣᠬᠤᠯᠠᠪᠤᠷᠢᠯᠠᠬᠤ ᠶᠢ ᠴᠢᠩᠭ᠎ᠠ ᠬᠡᠷᠡᠭᠵᠢᠭᠦᠯᠵᠦ᠂ ᠲᠥᠰᠦᠪ ᠢ ᠲᠣᠬᠢᠷᠠᠭᠤᠯᠬᠤ ᠵᠦᠶᠯᠡᠰ ᠢ ᠴᠢᠩᠭ᠎ᠠ ᠬᠢᠵᠠᠭᠠᠷᠯᠠᠵᠤ᠂ ᠲᠥᠰᠦᠪ ᠤᠨ ᠬᠠᠮᠢᠶᠠᠷᠤᠯᠲᠠ ᠶᠢ ᠴᠢᠩᠭᠠᠳᠬᠠᠵᠤ᠂ ᠲᠥᠰᠦᠪ ᠤᠨ ᠬᠢᠵᠠᠭᠠᠷ ᠱᠤᠭᠤᠮ ᠢ ᠪᠠᠲᠤ ᠰᠠᠬᠢᠨ᠎ᠠ᠃ ᠬᠤᠶᠠᠷ ᠲᠤ ᠡᠳ᠋ ᠤᠨ ᠵᠠᠰᠠᠭ ᠤᠨ ᠦᠯᠡᠳᠡᠭᠡᠯ ᠪᠡᠯᠡ ᠮᠥᠩᠭᠦ ᠶᠢ ᠶᠡᠬᠡᠪᠡᠷ ᠠᠮᠢᠳᠤᠯᠢᠭᠵᠢᠭᠤᠯᠵᠤ᠂ ᠤᠷᠲᠤ ᠬᠤᠭᠤᠴᠠᠭ᠎ᠠ ᠳᠠᠷᠤᠭᠳᠠᠵᠦ ᠪᠠᠶᠢᠭᠰᠠᠨ ᠪᠡᠯᠡ ᠮᠥᠩᠭᠦ ᠶᠢ ᠴᠠᠭ ᠲᠤᠬᠠᠶ ᠳᠤᠨᠢ ᠬᠤᠷᠢᠶᠠᠨ ᠠᠪᠤᠨ᠎ᠠ᠃ ︽ᠬᠡᠷᠡᠭᠴᠡᠭᠡ ᠶᠢ ᠦᠨᠳᠦᠰᠦᠯᠡᠨ ᠴᠡᠭᠴᠡᠯᠡᠵᠦ᠂ ᠴᠡᠭᠴᠡᠯᠡᠪᠡᠰᠦ ᠵᠣᠬᠢᠬᠤ ᠶᠢ ᠨᠢ ᠪᠦᠬᠦᠨ ᠢ ᠴᠡᠭᠴᠡᠯᠡᠬᠦ︾ ᠶᠢ ᠪᠠᠷᠢᠮᠲᠠᠯᠠᠵᠦ᠂ ᠲᠠᠷᠢᠶᠠᠯᠠᠩ ᠳᠤ ᠬᠤᠯᠪᠣᠭᠳᠠᠬᠤ ᠪᠡᠯᠡ ᠮᠥᠩᠭᠦ ᠶᠢ ᠡᠮᠬᠢᠯᠡᠨ ᠨᠡᠶᠢᠯᠡᠭᠦᠯᠵᠦ ᠨᠢᠭᠡᠲᠦᠯᠲᠠᠢ ᠲᠦᠯᠦᠪᠯᠡᠬᠦ ᠡᠷᠴᠢᠮ ᠢ ᠤᠯᠠᠮ ᠨᠢᠭᠡ ᠠᠯᠬᠤᠮ ᠴᠢᠩᠭᠠᠷᠠᠭᠤᠯᠵᠤ᠂ ᠪᠡᠯᠡ ᠮᠥᠩᠭᠦ ᠶᠢ ᠲᠣᠬᠢᠷᠠᠭᠤᠯᠬᠤ ᠦᠷ᠎ᠡ ᠪᠦᠲᠦᠮᠵᠢ ᠪᠠ ᠲᠦᠷᠦᠯ ᠵᠦᠶᠯ ᠤᠨ ᠦᠷ᠎ᠡ ᠠᠰᠢᠭ ᠢ ᠳᠡᠭᠡᠭᠰᠢᠯᠡᠭᠦᠯᠦᠨ᠎ᠡ᠃ ᠭᠤᠷᠪᠠ ᠳᠤ ᠲᠤᠬᠠᠶᠢᠯᠠᠭᠰᠠᠨ ᠠᠵᠢᠯ ᠤᠨ ᠮᠡᠳᠡᠯᠭᠡ  ᠶᠢᠨ ᠪᠣᠯᠪᠠᠰᠤᠷᠠᠭᠤᠯᠤᠯ ᠢ ᠴᠢᠩᠭᠠᠳᠬᠠᠨ᠎ᠠ᠃ ᠨᠢᠭᠲᠠᠯᠠᠨ ᠪᠣᠳᠣᠬᠤ ᠲᠤᠰᠬᠠᠶ ᠮᠡᠷᠭᠡᠵᠢᠯ ᠤᠨ ᠪᠣᠯᠪᠠᠰᠤᠷᠠᠭᠤᠯᠤᠯ ᠤᠨ ᠰᠠᠭᠤᠷᠢᠨ ᠭᠠᠵᠠᠷ ᠢ ᠪᠠᠶᠢᠭᠤᠯᠵᠤ᠂ ᠲᠣᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠢ ᠴᠠᠭ ᠲᠤᠨᠢ ᠲᠤᠬᠢᠷᠠᠭᠤᠯᠤᠨ ᠵᠣᠬᠢᠶᠠᠨ ᠪᠠᠶᠢᠭᠤᠯᠵᠤ᠂ ᠡᠯ᠎ᠡ ᠨᠢᠭᠡᠴᠢ ᠶᠢᠨ ᠡᠳ᠋ ᠤᠨ ᠶᠠᠪᠤᠳᠠᠯ ᠤᠨ ᠠᠵᠢᠯᠲᠠᠨ ᠳᠤ ︽ᠴᠠᠬᠢᠯᠭᠠᠨ ᠴᠡᠨᠡᠭᠯᠡᠵᠦ︾᠂ ᠡᠳ᠋ ᠤᠨ ᠶᠠᠪᠤᠳᠠᠯ ᠤᠨ ᠬᠠᠮᠢᠶᠠᠷᠤᠯᠲᠠ ᠶᠢ ᠤᠯᠠᠮ ᠨᠢᠭᠡ ᠠᠯᠬᠤᠮ ᠵᠢᠷᠤᠮᠵᠢᠭᠤᠯᠤᠨ᠎ᠠ᠃ ᠡᠯ᠎ᠡ ᠲᠦᠷᠦᠯ ᠤᠨ ᠲᠤᠰᠬᠠᠢ ᠪᠡᠯᠡ ᠮᠦᠩᠬᠦ ᠬᠠᠮᠢᠶᠠᠷᠬᠤ ᠠᠷᠭ᠎ᠠ ᠶᠢ ᠲᠦᠪᠯᠡᠷᠡᠭᠦᠯᠦᠨ ᠰᠤᠷᠤᠯᠴᠠᠵᠦ ᠪᠣᠯᠪᠠᠰᠤᠷᠠᠭᠤᠯᠬᠤ ᠶᠢ ᠵᠣᠬᠢᠶᠠᠨ ᠪᠠᠶᠢᠭᠤᠯᠵᠤ᠂ ᠲᠤᠰᠬᠠᠢ ᠲᠦᠷᠦᠯ ᠤᠨ ᠪᠡᠯᠡ ᠮᠦᠩᠬᠦ ᠶᠢ ᠬᠠᠮᠢᠶᠠᠷᠬᠤ ᠳᠡᠰ ᠳᠠᠷᠠᠭ᠎ᠠ᠂ ᠬᠠᠮᠢᠶᠠᠷᠬᠤ ᠬᠠᠷᠢᠭᠤᠴᠠᠯᠭ᠎ᠠ᠂ ᠬᠠᠮᠢᠶᠠᠷᠬᠤ ᠠᠷᠭ᠎ᠠ ᠪᠠᠷᠢᠯ ᠢ ᠪᠦᠬᠦ ᠲᠠᠯ᠎ᠠ ᠪᠠᠷ ᠰᠢᠯᠤᠭᠤᠳᠬᠠᠵᠦ᠂ ᠲᠤᠰᠬᠠᠢ ᠪᠡᠯᠡ ᠮᠦᠩᠬᠦ ᠶᠢᠨ ᠬᠠᠮᠢᠶᠠᠷᠤᠯᠲᠠ  ᠶᠢᠨ ᠬᠢᠷᠢ ᠲᠦᠪᠰᠢᠨ ᠪᠠ ᠬᠠᠮᠢᠶᠠᠷᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠲᠦᠷᠪᠡ ᠳᠤ ᠡᠳ᠋ ᠤᠨ ᠵᠠᠰᠠᠭ  ᠤᠨ ᠬᠢᠨᠠᠨ ᠲᠣᠭᠲᠠᠭᠠᠬᠤ ᠪᠠ ᠡᠳ᠋ ᠤᠨ ᠵᠠᠰᠠᠭ ᠤᠨ ᠬᠢᠨᠠᠯᠲᠠ ᠲᠠᠯᠪᠢᠬᠤ ᠡᠭᠦᠷᠭᠡ ᠴᠢᠳᠠᠪᠤᠷᠢ ᠶᠢ ᠭᠦᠶᠴᠡᠳ ᠪᠠᠳᠠᠷᠠᠭᠤᠯᠤᠨ᠎ᠠ᠃ ᠪᠡᠯᠡ ᠮᠥᠩᠭᠦ ᠪᠣᠯᠤᠨ ᠲᠥᠷᠥᠯ ᠵᠦᠶᠯ ᠤᠨ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠡᠳ᠋ ᠤᠨ ᠵᠠᠰᠠᠭ ᠤᠨ ᠬᠢᠨᠠᠨ ᠲᠣᠭᠲᠠᠭᠠᠬᠤ ᠨᠡᠪᠲᠡᠷᠡᠴᠡ ᠶᠢ ᠳᠡᠭᠡᠭᠰᠢᠯᠡᠭᠦᠯᠦᠨ᠂ ᠠᠩᠬ᠎ᠠ ᠬᠢᠨᠠᠬᠤ᠂ ᠳᠠᠬᠢᠨ ᠬᠢᠨᠠᠬᠤ᠂ ᠮᠥᠷᠳᠡᠨ ᠬᠢᠨᠠᠬᠤ ᠴᠤᠪᠤᠷᠠᠯ ᠢ ᠪᠠᠶᠢᠭᠤᠯᠵᠤ᠂ ᠲᠥᠷᠥᠯ ᠵᠦᠢᠯ ᠤᠨ ᠠᠵᠢᠯ ᠤᠨ ᠡᠮᠦᠨᠡᠬᠢ᠂ ᠠᠵᠢᠯ  ᠤᠨ ᠳᠣᠮᠳᠠᠬᠢ᠂ ᠠᠵᠢᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢᠨ ᠳᠦᠷᠢᠮ ᠢ ᠪᠦᠷᠢᠨᠰᠢᠭᠦᠯᠦᠨ᠎ᠡ᠃ ᠡᠳ᠋ ᠤᠨ ᠵᠠᠰᠠᠭ ᠤᠨ ᠬᠢᠨᠠᠯᠲᠠ ᠲᠠᠯᠪᠢᠬᠤ ᠡᠭᠦᠷᠭᠡ ᠴᠢᠳᠠᠪᠤᠷᠢ ᠪᠠᠨ ᠪᠦᠬᠦ ᠲᠠᠯ᠎ᠠ ᠪᠠᠷ ᠭᠦᠶᠴᠡᠳᠬᠡᠵᠦ᠂ ᠠᠷᠠᠳ ᠤᠨ ᠠᠮᠢᠳᠤᠷᠠᠯ ᠤᠨ ᠬᠦᠷᠢᠶ᠎ᠡ ᠴᠠᠷᠠᠭ᠎ᠠ᠂ ᠴᠢᠬᠤᠯᠠ ᠶᠡᠭᠡ ᠲᠥᠷᠥᠯ ᠵᠦᠶᠯ ᠳᠤ ᠡᠳ᠋ ᠤᠨ ᠵᠠᠰᠠᠭ ᠤᠨ ᠬᠢᠨᠠᠯᠲᠠ ᠲᠠᠯᠪᠢᠬᠤ  ᠶᠢ ᠴᠢᠩᠭᠠᠳᠬᠠᠵᠦ᠂ ᠡᠳ᠋ ᠤᠨ ᠵᠠᠰᠠᠭ ᠤᠨ ᠬᠠᠯᠠᠮᠰᠢᠯ ᠴᠡᠭ᠂ ᠬᠦᠴᠡᠷᠳᠡᠯᠭᠡ ᠳᠤ ᠬᠤᠯᠪᠤᠭᠳᠠᠬᠤ ᠵᠡᠷᠭᠡ ᠬᠤᠷᠴᠠ ᠰᠡᠷᠭᠡᠭ ᠠᠰᠠᠭᠤᠳᠠᠯ ᠳᠤ ᠤᠷᠲᠤᠳᠬᠠᠨ ᠬᠢᠨᠠᠯᠲᠠ ᠲᠠᠯᠪᠢᠬᠤ ᠶᠢ ᠥᠷᠨᠢᠭᠦᠯᠵᠦ᠂ ᠡᠳ᠋ ᠤᠨ ᠵᠠᠰᠠᠭ   ᠤᠨ ᠬᠢᠨᠠᠯᠲᠠ ᠲᠠᠯᠪᠢᠬᠤ ᠪᠦᠬᠦ ᠲᠠᠯ᠎ᠠ ᠶᠢᠨ᠂ ᠭᠦᠨᠴᠡ ᠲᠠᠢ ᠰᠢᠨ᠎ᠡ ᠪᠠᠶᠢᠷᠢᠰᠢᠯ ᠢ ᠴᠣᠭᠴᠠᠯᠠᠨ ᠪᠠᠶᠢᠭᠤᠯᠤᠨ᠎ᠠ᠃ ᠲᠠᠪᠤ ᠳᠤ ᠬᠤᠰᠢᠭᠤ ᠰᠣᠮᠤ ᠰᠢᠶᠠᠩ ᠬᠤᠶᠠᠷ ᠱᠠᠲᠤᠨ ᠤ ᠡᠳ᠋ ᠤᠨ ᠵᠠᠰᠠᠭ ᠤᠨ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠎ᠠ᠃ ᠲᠤᠯᠭᠠᠭᠤᠷᠢ ᠬᠦᠴᠦᠨ ᠢ ᠬᠥᠮᠦᠵᠢᠭᠦᠯᠵᠦ᠂ ᠳᠣᠲᠣᠭᠠᠳᠤ ᠬᠥᠳᠡᠯᠭᠡᠬᠦ ᠬᠦᠴᠦᠨ ᠢ ᠬᠥᠭᠵᠢᠭᠡᠵᠦ᠂ ᠡᠩᠨᠡᠭᠡᠨ ᠤ ᠪᠠᠶᠢᠭᠤᠯᠤᠯᠲᠠ ᠶᠢ ᠠᠳᠬᠤᠬᠤ ᠪᠠᠷ ᠡᠳ᠋ ᠤᠨ ᠵᠠᠰᠠᠭ ᠤᠨ ᠪᠠᠶᠢᠭᠤᠯᠭ᠎ᠠ ᠶᠢᠨ ᠪᠦᠬᠦᠯᠢ ᠴᠣᠭᠴᠠ ᠶᠢᠨ ᠬᠡᠪ ᠴᠢᠨᠠᠷ ᠪᠠ ᠲᠤᠬᠠᠶᠢᠯᠠᠭᠰᠠᠨ ᠠᠵᠢᠯ ᠤᠨ ᠴᠢᠳᠠᠪᠤᠷᠢ᠂ ᠡᠳ᠋ ᠤᠨ ᠶᠠᠪᠤᠳᠠᠯ ᠢ ᠬᠠᠮᠢᠶᠠᠷᠬᠤ ᠬᠢᠷᠢ ᠬᠡᠮᠵᠢᠶ᠎ᠡ ᠶᠢᠨ ᠳᠡᠭᠡᠭᠰᠢᠯᠡᠯᠲᠡ ᠶᠢ ᠠᠬᠢᠭᠤᠯᠤᠨ᠎ᠠ᠃        4. ᠡᠳ᠋ ᠤᠨ ᠵᠠᠰᠠᠭ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠡᠳ᠋ ᠤᠨ ᠵᠠᠰᠠᠭ ᠤᠨ ᠣᠳᠣᠬᠢᠴᠢᠯᠠᠭᠰᠠᠨ ᠵᠠᠰᠯᠲᠠ ᠪᠠ ᠴᠢᠨᠠᠷ ᠰᠠᠶᠢᠲᠠᠶ ᠬᠥᠭᠵᠢᠯᠲᠡ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ        ᠨᠢᠭᠡ ᠳᠤ ᠤᠯᠤᠰ ᠤᠨ ᠥᠮᠴᠢᠯᠡᠯ ᠤᠨ ᠭᠤᠤᠯᠳᠠᠯᠭ᠎ᠠ ᠲᠠᠢ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠠᠯᠬᠤᠴᠠ ᠶᠢ ᠲᠦᠷᠭᠡᠳᠭᠡᠵᠦ᠂ ᠥᠭᠡᠷᠡᠴᠢᠯᠡᠯᠲᠡ ᠶᠢᠨ ᠬᠠᠷᠠᠯᠲᠠ ᠪᠠᠨ ᠴᠠᠭ ᠲᠠᠭᠠᠨ ᠪᠡᠶᠡᠯᠡᠭᠦᠯᠬᠦ ᠶᠢ ᠦᠨᠡᠨᠬᠦ ᠪᠠᠲᠤᠯᠠᠨ᠎ᠠ᠃ ᠬᠤᠶᠠᠷ ᠲᠤ ᠳᠡᠭᠡᠳᠦ ᠱᠠᠲᠤᠨ ᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ ᠡᠩ ᠤᠨ ᠴᠢᠨᠠᠷᠲᠠᠶ ᠵᠠᠷᠤᠯᠭ᠎ᠠ ᠪᠠ ᠴᠢᠬᠤᠯᠠ ᠪᠤᠰᠤ ᠬᠡᠷᠡᠭᠴᠡᠭᠡ ᠪᠦᠬᠦᠢ ᠲᠥᠷᠥᠯ ᠵᠦᠶᠯ ᠤᠨ ᠵᠠᠷᠤᠯᠭ᠎ᠠ ᠶᠢ ᠪᠠᠭᠠᠰᠬᠠᠵᠤ᠂ ᠡᠳ᠋ ᠤᠨ ᠬᠦᠴᠦᠨ ᠤ ᠣᠷᠣᠨ ᠵᠠᠶ ᠶᠢ ᠰᠤᠯᠠᠯᠠᠨ ᠭᠠᠷᠭᠠᠵᠤ ᠪᠠᠶᠢᠭᠠᠳ ︽ᠭᠤᠷᠪᠠ ᠶᠢ ᠪᠠᠲᠤᠯᠠᠬᠤ︾᠂ ᠬᠤᠰᠢᠭᠤᠨ ᠱᠠᠲᠤᠨ ᠤ ᠢᠵᠢ ᠪᠦᠷᠢᠳᠦᠭᠦᠯᠬᠦ ᠶᠠᠳᠠᠭᠤ ᠶᠢ ᠲᠡᠳᠬᠦᠬᠦ ᠪᠡᠯᠡ ᠮᠥᠩᠭᠦ ᠪᠠ ᠵᠠᠰᠠᠭ ᠤᠨ ᠣᠷᠳᠣᠨ ᠤ ᠥᠷᠢ ᠰᠢᠷᠢ ᠶᠢᠨ ᠡᠬᠡ ᠬᠦᠦ ᠶᠢ ᠪᠤᠴᠠᠭᠠᠬᠤ ᠶᠢ ᠭᠦᠶᠴᠡᠳ ᠲᠤᠭ᠎ᠠ  ᠪᠠᠷ ᠨᠢ ᠵᠢᠯ ᠤᠨ ᠡᠬᠢᠨ ᠤ ᠲᠥᠰᠦᠪ ᠲᠤ ᠣᠷᠤᠭᠤᠯᠤᠨ᠎ᠠ᠃ ᠭᠤᠷᠪᠠ ᠳᠤ ᠣᠳᠣᠬᠠᠨ ᠤ ᠰᠣᠮᠤ ᠰᠢᠶᠠᠩ ᠤᠨ ᠱᠠᠲᠤᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠱᠠᠭᠠᠷᠳᠠᠯᠭ᠎ᠠ ᠶᠣᠰᠣᠭᠠᠷ᠂ ᠰᠣᠮᠤ ᠰᠢᠶᠠᠩ ᠤᠨ ᠱᠠᠲᠤᠨ ᠤ ᠤᠯᠤᠰ ᠤᠨ ᠬᠥᠮᠥᠷᠭᠡ ᠪᠠᠶᠢᠭᠤᠯᠵᠤ᠂ ᠰᠣᠮᠤ ᠰᠢᠶᠠᠩ ᠤᠨ ᠱᠠᠲᠤᠨ ᠤ ᠲᠥᠰᠦᠪ ᠤᠨ ᠪᠠᠶᠢᠭᠤᠯᠤᠯ ᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠦᠨᠳᠦᠰᠦᠨ ᠱᠠᠲᠤᠨ ᠤ ᠵᠠᠰᠠᠭ ᠤᠨ ᠣᠷᠳᠣᠨ ᠤ ᠡᠳ᠋ ᠤᠨ ᠶᠠᠪᠤᠳᠠᠯ ᠢ ᠬᠥᠭᠵᠢᠭᠦᠯᠦᠨ ᠡᠳ᠋ ᠬᠦᠷᠦᠩᠭᠡ ᠬᠠᠮᠢᠶᠠᠷᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠲᠦᠷᠪᠡ ᠳᠤ ︽ᠢᠯᠡ ᠪᠣᠯᠭᠠᠬᠤ ᠪᠣᠯ ᠬᠡᠪ ᠤᠨ ᠪᠠᠶᠢᠳᠠᠯ᠂ ᠢᠯᠡ ᠪᠣᠯᠭᠠᠬᠤ ᠦᠭᠡᠢ ᠪᠣᠯ ᠣᠨᠴᠠᠭᠠᠶ ᠪᠠᠶᠢᠳᠠᠯ ᠮᠥᠨ︾ ᠭᠡᠬᠦ ᠵᠠᠷᠴᠢᠮ ᠢ ᠪᠠᠷᠢᠮᠲᠠᠯᠠᠵᠤ᠂ ᠲᠥᠰᠦᠪ ᠪᠠ ᠲᠥᠰᠦᠪ ᠤᠨ ᠭᠦᠶᠴᠡᠳᠬᠡᠯ ᠢ ᠢᠯᠡ ᠪᠣᠯᠭᠠᠬᠤ ᠪᠠᠷ ᠵᠠᠰᠠᠭ ᠤᠨ ᠣᠷᠳᠣᠨ ᠤ ᠰᠠᠯᠠᠭ᠎ᠠ ᠮᠥᠴᠢᠷ ᠲᠤ ᠬᠢᠨᠠᠯᠲᠠ ᠲᠠᠯᠪᠢᠬᠤ ᠪᠠ ᠬᠢᠵᠠᠭᠠᠷᠯᠠᠬᠤ ᠦᠶᠯᠡᠳᠦᠯ ᠢ ᠪᠠᠳᠠᠷᠠᠭᠤᠯᠵᠤ᠂ ᠡᠯ᠎ᠡ ᠵᠦᠶᠯ ᠤᠨ ᠡᠳ᠋ ᠤᠨ ᠵᠠᠰᠠᠭ ᠤᠨ ᠲᠦᠷᠢᠮ᠂ ᠡᠳ᠋ ᠤᠨ ᠵᠠᠰᠠᠭ ᠤᠨ ᠪᠡᠯᠡ ᠮᠥᠩᠭᠦ ᠶᠢᠨ ᠬᠡᠷᠡᠭᠯᠡᠯᠲᠡ ᠶᠢ ᠢᠯᠡ ᠪᠠᠶᠢᠯᠭᠠᠨ᠎ᠠ᠃ ᠲᠠᠪᠤ ᠳᠤ ᠠᠯᠪᠠᠨ ᠶᠠᠪᠤᠳᠠᠯ ᠤᠨ ᠺᠠᠷᠲ ᠢᠶᠠᠷ ᠳ᠋ᠦᠩᠨᠡᠨ ᠪᠣᠳᠣᠬᠤ ᠳᠦᠷᠢᠮ ᠢ ᠲᠦᠭᠡᠮᠡᠯᠵᠢᠭᠦᠯᠦᠨ ᠲᠡᠭᠦᠯᠳᠡᠷᠵᠢᠭᠦᠯᠵᠦ᠂ ᠪᠡᠯᠡ ᠮᠥᠩᠭᠦ ᠥᠭᠬᠦ ᠦᠷ᠎ᠡ ᠪᠦᠲᠦᠮᠵᠢ ᠪᠣᠯᠤᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠡᠳ᠋ ᠤᠨ ᠵᠠᠰᠠᠭ ᠤᠨ ᠪᠡᠯᠡ ᠮᠥᠩᠭᠦ ᠶᠢᠨ ᠬᠡᠷᠡᠭᠯᠡᠯᠲᠡ ᠶᠢᠨ ᠵᠢᠷᠤᠮᠵᠢᠯ ᠪᠣᠯᠤᠨ ᠠᠶᠤᠯ ᠦᠭᠡᠢ ᠴᠢᠨᠠᠷ ᠢ ᠳᠡᠭᠡᠭᠰᠢᠯᠡᠭᠦᠯᠦᠨ᠎ᠡ᠃ ᠡᠳ᠋ ᠤᠨ ᠵᠠᠰᠠᠭ ᠤᠨ ᠭᠤᠣᠯᠯᠠᠬᠤ ᠲᠤᠬᠠᠶᠢᠯᠠᠭᠰᠠᠨ ᠠᠵᠢᠯ ᠤᠨ ᠨᠢᠭᠡ ᠴᠣᠭᠴᠠᠵᠢᠭᠤᠯᠤᠭᠰᠠᠨ ᠬᠠᠮᠢᠶᠠᠷᠤᠯᠲᠠ ᠶᠢᠨ ᠰᠢᠰᠲ᠋ᠧᠮ  ᠤᠨ ᠥᠭᠡᠷᠡᠴᠢᠯᠡᠯᠲᠡ ᠶᠢ ᠲᠦᠷᠭᠡᠳᠬᠡᠨ ᠠᠬᠢᠭᠤᠯᠵᠤ᠂ ᠡᠳ᠋ ᠤᠨ ᠵᠠᠰᠠᠭ ᠡᠳ᠋ ᠤᠨ ᠶᠠᠪᠤᠳᠠᠯ ᠤᠨ ᠠᠵᠢᠯ ᠤᠨ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠵᠢᠷᠭᠤᠭ᠎ᠠ ᠳᠤ ᠵᠠᠰᠠᠭ ᠤᠨ ᠣᠷᠳᠣᠨ ᠤ ᠬᠤᠳᠠᠯᠳᠤᠨ ᠠᠪᠬᠤ ᠶᠢ ᠬᠢᠨᠠᠨ ᠵᠥᠪᠰᠢᠶᠡᠷᠡᠬᠦ ᠳᠦᠷᠢᠮ ᠤᠨ ᠬᠠᠮᠢᠶᠠᠷᠤᠯᠲᠠ ᠠᠴᠠ ᠳᠠᠩᠰᠠᠯᠠᠭᠤᠯᠬᠤ ᠳᠦᠷᠢᠮ ᠤᠨ ᠵᠠᠭᠪᠤᠷ ᠲᠡᠰᠢ ᠬᠤᠪᠢᠷᠠᠭᠤᠯᠬᠤ ᠶᠢ ᠲᠦᠷᠭᠡᠳᠬᠡᠨ ᠬᠡᠷᠡᠭᠵᠢᠭᠦᠯᠵᠦ᠂ ᠡᠯᠧᠺᠲᠷᠣᠨᠴᠢᠯᠠᠬᠤ ᠪᠦᠲᠦᠭᠡᠨ ᠪᠠᠶᠢᠭᠤᠯᠤᠯᠲᠠ ᠪᠠᠷ ᠳᠠᠮᠵᠢᠨ᠂ ᠬᠤᠳᠠᠯᠳᠤᠨ ᠠᠪᠬᠤ ᠶᠢ ᠬᠡᠷᠡᠭᠵᠢᠭᠦᠯᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠵᠠᠰᠠᠭ ᠤᠨ ᠣᠷᠳᠣᠨ ᠤ ᠬᠤᠳᠠᠯᠳᠤᠨ ᠠᠪᠬᠤ ᠰᠦᠯᠵᠢᠶᠡᠨ ᠳᠡᠭᠡᠷᠡᠬᠢ ᠬᠤᠳᠠᠯᠳᠤᠭ᠎ᠠ ᠶᠢᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠵᠠᠰᠠᠭ ᠤᠨ ᠣᠷᠳᠣᠨ ᠤ ᠬᠤᠳᠠᠯᠳᠤᠨ ᠠᠪᠬᠤ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠡᠷᠬᠡ ᠲᠡᠭᠰᠢ ᠪᠠᠷ ᠥᠷᠢᠰᠦᠯᠳᠦᠬᠦ ᠶᠢ ᠠᠬᠢᠭᠤᠯᠤᠨ᠎ᠠ᠃        ᠲᠥᠯᠥᠭᠡᠯᠡᠭᠴᠢᠳ ᠡ᠂ 2020 ᠣᠨ ᠳᠤ᠂ ᠰᠢᠨ᠎ᠡ ᠴᠠᠭ ᠦᠶ᠎ᠡ᠂ ᠰᠢᠨ᠎ᠡ ᠪᠠᠶᠢᠳᠠᠯ ᠳᠣᠤᠷᠠᠬᠢ ᠡᠳ᠋ ᠤᠨ ᠵᠠᠰᠠᠭ ᠤᠨ ᠠᠵᠢᠯ ᠢ ᠰᠠᠶᠢᠲᠤᠷ ᠬᠢᠬᠦ ᠡᠭᠦᠷᠭᠡ ᠬᠠᠳᠠᠭᠤᠵᠢᠯᠲᠠᠢ ᠮᠦᠷᠲᠡᠭᠡᠨ ᠢᠷᠠᠭᠤ ᠠᠯᠳᠠᠷᠲᠠᠢ᠂ ᠬᠠᠷᠢᠭᠤᠴᠠᠯᠭ᠎ᠠ ᠬᠦᠨᠳᠦ ᠶᠡᠭᠡ᠂ ᠡᠨᠡᠬᠦ ᠤᠷᠢᠳ ᠡᠮᠦᠨ᠎ᠡ ᠪᠠᠶᠢᠭ᠎ᠠ ᠥᠬᠡᠶ ᠥᠷᠢᠰᠥᠯᠳᠦᠭᠡᠨ ᠪᠠ ᠠᠵᠠ ᠲᠣᠬᠢᠶᠠᠯ ᠤᠨ ᠡᠮᠦᠨ᠎ᠡ᠂ ᠪᠢᠳᠡ ᠬᠤᠰᠢᠭᠤᠨ ᠨᠠᠮ ᠤᠨ ᠬᠤᠷᠢᠶᠠᠨ ᠤ ᠵᠥᠪ ᠣᠨᠣᠪᠴᠢᠲᠠᠶ ᠤᠳᠤᠷᠢᠳᠤᠯᠭ᠎ᠠ ᠪᠠ ᠠᠷᠠᠳ ᠤᠨ ᠲᠥᠯᠥᠭᠡᠯᠡᠭᠴᠢᠳ  ᠤᠨ ᠶᠡᠭᠡ ᠬᠤᠷᠠᠯ ᠤᠨ ᠬᠦᠴᠦᠲᠠᠢ ᠬᠢᠨᠠᠯᠲᠠ ᠳᠣᠤᠷ᠎ᠠ᠂ ᠲᠣᠯᠭᠤᠷ ᠵᠣᠷᠢᠯᠲᠠ ᠪᠠᠨ ᠥᠯᠥ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠨ᠂ ᠬᠦᠴᠢᠷ ᠢ ᠰᠦᠷᠦᠨ ᠤᠷᠤᠭᠰᠢᠯᠠᠵᠤ᠂ ᠵᠣᠷᠢᠭᠲᠠᠢ ᠪᠠᠷ ᠲᠡᠮᠡᠴᠡᠵᠦ᠂ ᠵᠣᠷᠢᠭᠲᠠᠶ ᠪᠠᠷ ᠢᠯᠠᠨ ᠳᠠᠪᠠᠵᠦ᠂ ᠰᠢᠨ᠎ᠡ ᠴᠠᠭ ᠦᠶ᠎ᠡ ᠶᠢᠨ ᠠᠷᠤ ᠬᠤᠷᠴᠢᠨ ᠬᠤᠰᠢᠭᠤᠨ ᠤ ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠬᠦ ᠳᠤ ᠡᠳ᠋ ᠤᠨ ᠵᠠᠰᠠᠭ ᠤᠨ ᠬᠦᠴᠦᠨ ᠴᠢᠳᠠᠯ ᠢᠶᠠᠨ ᠨᠡᠮᠡᠷᠢᠯᠡᠶ᠎ᠡ︕
 
ᠢᠷᠡᠯᠲᠡ᠄ ᠠᠷᠣ ᠬᠤᠷᠴᠢᠨ ᠬᠤᠰᠢᠭᠤᠨ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号