2019 ᠣᠨ ᠤ ᠤᠯᠤᠰ ᠠᠷᠠᠳ ᠤᠨ ᠠᠵᠤ ᠠᠬᠤᠢ ᠪᠣᠯᠣᠨ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ  ᠶᠢ ᠬᠡᠷᠡᠭᠵᠢᠭᠦᠯᠦᠭᠰᠡᠨ ᠪᠠᠶᠢᠳᠠᠯ  ᠵᠢᠴᠢ 2020 ᠣᠨ ᠤ ᠤᠯᠤᠰ ᠠᠷᠠᠳ ᠤᠨ ᠠᠵᠤ ᠠᠬᠤᠢ ᠪᠣᠯᠣᠨ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ  ︵ᠲᠥᠰᠥᠯ︶ ᠶᠢᠨ ᠲᠤᠬᠠᠢ ᠮᠡᠳᠡᠭᠦᠯᠦᠯᠲᠡ
ᠨᠡᠶᠢᠲᠡᠯᠡᠭᠰᠡᠨ ᠴᠠᠭ᠄
2020/4/23
     ᠬᠤᠶᠠᠷ᠂ 2020 ᠣᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢᠨ ᠬᠠᠷᠠᠯᠲᠠ ᠪᠠ ᠭᠤᠤᠯ ᠡᠭᠦᠷᠭᠡ      2020 ᠣᠨ ᠪᠣᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠪᠠ ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢ ᠬᠡᠷᠡᠭᠵᠢᠭᠦᠯᠬᠦ ᠲᠡᠭᠦᠰᠭᠡᠯ ᠤᠨ ᠵᠢᠯ ᠮᠥᠨ᠂ ᠪᠠᠰᠠ ᠴᠤ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠵᠠᠩᠭᠢᠯᠠᠭ᠎ᠠ ᠶᠢᠨ ᠵᠢᠯ ᠮᠥᠨ᠃ ᠭᠤᠤᠯ ᠠᠵᠢᠯ ᠤᠨ ᠰᠡᠳᠬᠢᠮᠵᠢ ᠪᠣᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠪᠣᠯᠤᠨ ᠠᠷᠪᠠᠨ ᠳᠥᠷᠪᠡᠳᠦᠭᠡᠷ ᠬᠤᠭᠤᠴᠠᠭᠠᠨ ᠤ ᠬᠤᠰᠢᠭᠤᠨ ᠨᠠᠮ ᠤᠨ ᠬᠤᠷᠢᠶᠠᠨ ᠤ ᠠᠷᠪᠠᠨ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠣᠣᠱᠯᠠᠭᠤᠯᠤᠨ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠠᠷᠢᠮᠲᠠᠯᠠᠵᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠪᠠᠷ ᠭᠤᠣᠯ ᠰᠢᠵᠢᠮ ᠪᠣᠯᠭᠠᠬᠤ ᠶᠢ ᠪᠠᠷᠢᠮᠲᠠᠯᠠᠵᠤ᠂ ᠥᠭᠡᠷᠡᠴᠢᠯᠡᠯᠲᠡ ᠨᠡᠭᠡᠭᠡᠯᠲᠡ ᠪᠠᠷ ᠬᠥᠳᠡᠯᠭᠡᠬᠦ ᠬᠦᠴᠦᠨ ᠪᠣᠯᠭᠠᠬᠤ ᠶᠢ ᠪᠠᠷᠢᠮᠲᠠᠯᠠᠵᠤ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ ᠨᠡᠮᠡᠭᠳᠡᠯ ᠢ ᠲᠣᠭᠲᠠᠪᠤᠷᠢᠵᠢᠭᠤᠯᠬᠤ᠂ ᠥᠭᠡᠷᠡᠴᠢᠯᠡᠯᠲᠡ ᠶᠢ ᠠᠬᠢᠭᠤᠯᠬᠤ᠂ ᠪᠦᠲᠦᠴᠡ ᠶᠢ ᠲᠣᠬᠢᠷᠠᠭᠤᠯᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠠᠶᠤᠯ ᠲᠦᠭᠰᠢᠭᠦᠷᠢ ᠶᠢ ᠰᠡᠷᠭᠡᠶᠢᠯᠡᠬᠦ᠂ ᠲᠣᠭᠲᠠᠭᠤᠨ ᠪᠠᠶᠢᠳᠠᠯ ᠢ ᠪᠠᠲᠤᠯᠠᠬᠤ ᠠᠵᠢᠯ ᠢ ᠨᠢᠭᠡᠳᠦᠯᠲᠡᠢ ᠲᠥᠯᠥᠪᠵᠢᠭᠦᠯᠦᠨ᠂ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠤᠨ᠎ᠠ᠃      ᠰᠢᠨ᠎ᠡ ᠲᠢᠲᠡᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠮᠠᠨ ᠤ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠵᠣᠬᠢᠬᠤ ᠨᠥᠯᠥᠭᠡ ᠠᠪᠴᠢᠷᠠᠵᠤ᠂ ᠬᠢᠵᠢᠭ ᠤᠨ ᠪᠠᠶᠢᠳᠠᠯ ᠤᠨ ᠠᠵᠤ ᠠᠬᠤᠢ ᠶᠢᠨ ᠠᠵᠢᠯᠯᠠᠭᠠᠨ ᠳᠤ ᠠᠪᠴᠢᠷᠠᠭᠰᠠᠨ ᠳᠠᠭᠠᠷᠢᠯᠲᠠ ᠪᠠ ᠥᠷᠢᠰᠥᠯᠳᠦᠭᠡᠨ ᠳᠤ ᠠᠩᠬᠠᠷᠤᠯ ᠢᠶᠠᠨ ᠲᠥᠪᠯᠡᠷᠡᠭᠦᠯᠦᠨ᠂ ᠪᠢᠳᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠬᠤ ᠳᠤᠮᠳᠠ ᠦᠢᠯᠡᠳᠪᠦᠷᠢᠯᠡᠯ ᠠᠮᠢᠳᠤᠷᠠᠯ ᠤᠨ ᠡᠮᠬᠢ ᠳᠢᠭᠯᠢᠮ ᠢ ᠪᠦᠬᠦ ᠲᠠᠯ᠎ᠠ ᠪᠠᠷ ᠰᠡᠷᠭᠦᠭᠡᠬᠦ ᠶᠢ ᠲᠦᠷᠭᠡᠳᠬᠡᠨ ᠠᠬᠢᠭᠤᠯᠬᠤ ᠶᠢ ᠪᠠᠷᠢᠮᠲᠠᠯᠠᠨ᠂ ᠬᠢᠵᠢᠭ ᠤᠨ ᠪᠠᠶᠢᠳᠠᠯ ᠠᠴᠠ ᠪᠣᠯᠤᠭᠰᠠᠨ ᠬᠤᠬᠢᠷᠠᠯ ᠢ ᠬᠠᠮᠤᠭ ᠤᠨ ᠳᠣᠣᠷ᠎ᠠ ᠬᠡᠮᠵᠢᠶᠡᠨ ᠳᠤ ᠬᠦᠷᠲᠡᠯ᠎ᠡ ᠪᠠᠭᠤᠷᠠᠭᠤᠯᠬᠤ ᠪᠠᠷ ᠴᠢᠷᠮᠠᠶᠢᠵᠤ᠂ ᠪᠦᠬᠦ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠠᠷᠠᠯᠲᠠ ᠡᠭᠦᠷᠭᠡ ᠪᠠᠨ ᠪᠡᠶᠡᠯᠡᠭᠦᠯᠬᠦ ᠶᠢ ᠦᠨᠡᠨ ᠬᠦ ᠪᠠᠲᠤᠯᠠᠨ᠎ᠠ᠃      2020 ᠣᠨ ᠤ ᠭᠤᠣᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 6.5% ᠣᠷᠴᠢᠮ ᠨᠡᠮᠡᠭᠳᠡᠭᠦᠯᠦᠨ᠂ ᠣᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠦᠪ ᠤᠨ ᠣᠷᠣᠯᠭ᠎ᠠ ᠶᠢ 5% ᠣᠷᠴᠢᠮ ᠨᠡᠮᠡᠭᠳᠡᠭᠦᠯᠵᠦ᠂ ᠬᠡᠪᠴᠢᠶᠡᠵᠢᠯ ᠠᠴᠠ ᠳᠡᠭᠡᠭᠰᠢᠬᠢ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 7% ᠣᠷᠴᠢᠮ ᠢᠶᠠᠷ ᠨᠡᠮᠡᠭᠳᠡᠭᠦᠯᠦᠨ᠂ ᠪᠦᠬᠦ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠶᠡᠷᠦᠩᠬᠡᠶ ᠲᠤᠭ᠎ᠠ ᠶᠢ 8% ᠣᠷᠴᠢᠮ ᠨᠡᠮᠡᠭᠳᠡᠭᠦᠯᠵᠦ᠂ ᠬᠤᠲᠠ ᠪᠠᠯᠭᠠᠰᠤ ᠪᠠ ᠮᠠᠯᠵᠢᠬᠤ ᠲᠠᠷᠢᠶᠠᠯᠠᠬᠤ ᠣᠷᠣᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ ᠲᠣᠰ ᠲᠣᠰ 8% ᠪᠠ 8.5% ᠣᠷᠴᠢᠮ ᠨᠡᠮᠡᠭᠳᠡᠭᠦᠯᠦᠨ᠎ᠡ᠃ ᠳᠡᠭᠡᠷ᠎ᠡ ᠳᠤᠷᠠᠳᠤᠭᠰᠠᠨ ᠬᠠᠷᠠᠯᠲᠠ ᠶᠢᠨ ᠲᠣᠭᠤᠷᠢᠨ ᠳᠤ᠂ ᠳᠣᠣᠷᠠᠬᠢ ᠬᠡᠳᠦᠨ ᠵᠦᠢᠯ ᠤᠨ ᠠᠵᠢᠯ ᠢ ᠭᠤᠣᠯᠳᠠᠯᠭ᠎ᠠ ᠲᠠᠢ ᠠᠳᠬᠤᠵᠤ ᠬᠢᠨ᠎ᠡ᠄      ︵ᠨᠢᠭᠡ︶ ᠶᠠᠳᠠᠭᠤ ᠠᠴᠠ ᠠᠩᠭᠢᠵᠢᠷᠠᠭᠤᠯᠬᠤ ᠪᠡᠷᠬᠡ ᠶᠢ ᠲᠤᠭᠤᠯᠬᠤ ᠠᠵᠢᠯ ᠤᠨ ᠦᠷ᠎ᠡ ᠪᠦᠲᠦᠭᠡᠯ ᠢ ᠪᠠᠬᠢᠵᠢᠭᠦᠯᠬᠦ ᠪᠠᠷ ᠭᠤᠣᠯᠳᠠᠯᠭ᠎ᠠ ᠪᠣᠯᠭᠠᠵᠤ᠂ ︽ᠭᠤᠷᠪᠠᠨ ᠶᠡᠭᠡ ᠪᠡᠷᠬᠡ ᠶᠢ ᠲᠤᠭᠤᠯᠬᠤ︾ ᠠᠵᠢᠯ ᠤᠨ ᠢᠯᠡᠳᠲᠡ ᠦᠷ᠎ᠡ ᠪᠦᠲᠦᠮᠵᠢ ᠤᠯᠬᠤ ᠶᠢ ᠠᠬᠢᠭᠤᠯᠤᠨ᠎ᠠ      ᠨᠢᠭᠡ ᠳᠤ ᠶᠠᠳᠠᠭᠤ ᠠᠴᠠ ᠠᠩᠭᠢᠵᠢᠷᠠᠭᠤᠯᠬᠤ ᠪᠡᠷᠬᠡ ᠢ ᠲᠤᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ᠎ᠡ᠃ ᠣᠲᠣ ᠶᠢᠨ ᠬᠡᠷᠡᠭᠵᠢᠭᠦᠯᠵᠦ ᠪᠠᠶᠢᠭ᠎ᠠ ᠶᠠᠳᠠᠭᠤ ᠠᠴᠠ ᠠᠩᠭᠢᠵᠢᠷᠠᠭᠤᠯᠬᠤ ᠪᠠᠷᠢᠮᠵᠢᠶ᠎ᠠ ᠶᠢᠨ ᠲᠣᠭᠤᠷᠢᠨ ᠳᠤ᠂ ︽ᠬᠤᠶᠠᠷ ᠲᠤ ᠵᠣᠪᠠᠭ᠋ᠤ ᠥᠬᠡᠶ᠂ ᠭᠤᠷᠪᠠ ᠶᠢ ᠪᠠᠲᠤᠯᠠᠬᠤ︾ ᠳᠤ ᠠᠩᠬᠠᠷᠤᠯ ᠢᠶᠠᠨ ᠲᠥᠪᠯᠡᠷᠡᠭᠦᠯᠵᠦ᠂ ᠲᠥᠪ ᠬᠤᠷᠢᠶ᠎ᠠ ᠶᠢᠨ ᠲᠤᠰᠬᠠᠢ ᠲᠥᠷᠥᠯ ᠤᠨ ᠲᠣᠭᠤᠷᠢᠨ ᠪᠠᠶᠢᠴᠠᠭᠠᠯᠲᠠ᠂ ᠤᠯᠤᠰ ᠤᠨ ᠦᠷ᠎ᠡ ᠪᠦᠲᠦᠮᠵᠢ ᠶᠢᠨ ᠲᠤᠬᠠᠢ ᠬᠢᠨᠠᠨ ᠰᠢᠯᠭᠠᠯᠲᠠ᠂ ᠭᠤᠷᠪᠠᠳᠠᠬᠢ ᠡᠲᠡᠭᠡᠳ ᠤᠨ ᠬᠢᠨᠠᠨ ᠲᠡᠭᠰᠢᠳᠬᠡᠵᠦ ᠦᠨᠡᠯᠡᠨ ᠵᠢᠱᠢᠬᠦ ᠪᠠ ᠮᠤᠵᠢ ᠶᠢᠨ ᠬᠤᠭᠤᠷᠣᠨᠳᠣᠬᠢ ᠰᠣᠯᠪᠢᠴᠠᠭᠤᠯᠤᠨ ᠬᠢᠨᠠᠵᠤ ᠰᠢᠯᠭᠠᠭᠠᠳ ᠬᠠᠷᠢᠭᠤ ᠲᠤᠰᠬᠠᠭᠰᠠᠨ ᠠᠰᠠᠭᠤᠳᠠᠯ ᠵᠢᠴᠢ ︽ᠪᠦᠬᠦᠨ ᠢ ᠶᠠᠳᠠᠭᠤ ᠠᠴᠠ ᠠᠩᠭᠢᠵᠢᠷᠠᠭᠤᠯᠤᠨ ᠪᠠᠷᠢᠮᠵᠢᠶ᠎ᠠ ᠳᠤ ᠬᠦᠷᠭᠡᠬᠦ︾ ᠲᠤᠰᠬᠠᠶ ᠠᠵᠢᠯᠯᠠᠭ᠎ᠠ ᠲᠠᠢ ᠤᠶᠠᠯᠳᠤᠭᠤᠯᠤᠨ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠭᠦᠨᠵᠡᠭᠡᠶ ᠠᠬᠢᠭᠤᠯᠵᠤ᠂ ᠪᠣᠶ ᠪᠥᠬᠦᠶ ᠠᠰᠠᠭᠤᠳᠠᠯ ᠢ ᠴᠡᠪᠡᠷ ᠲᠣᠲᠣᠷᠬᠠᠢ ᠲᠤᠶᠢᠯᠪᠦᠷᠢᠲᠡᠢ ᠰᠢᠢᠳᠪᠦᠷᠢᠯᠡᠵᠦ᠂ ᠶᠠᠳᠠᠭᠤᠷᠠᠯ ᠤᠨ ᠪᠠᠶᠢᠳᠠᠯ ᠢ ᠳᠠᠬᠢᠨ ᠬᠦᠨᠳᠦᠷᠡᠭᠦᠯᠬᠦ ᠦᠭᠡᠢ ᠪᠠᠶᠢᠬᠤ ᠶᠢ ᠦᠨᠡᠨ ᠬᠦ ᠪᠠᠲᠤᠯᠠᠨ᠎ᠠ᠃ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ ᠦᠯᠡᠳᠡᠭᠰᠡᠨ 530 ᠡᠷᠦᠬᠡ ᠶᠢᠨ 1122 ᠶᠠᠳᠠᠭᠤ ᠬᠦᠴᠢᠷᠳᠡᠯᠲᠡᠢ ᠬᠥᠮᠦᠨ ᠠᠮᠠ ᠶᠢ ᠶᠠᠳᠠᠭᠤ ᠠᠴᠠ ᠠᠩᠭᠢᠵᠢᠷᠠᠭᠤᠯᠬᠤ ᠡᠭᠦᠷᠭᠡ ᠶᠢ ᠪᠡᠶᠡᠯᠡᠭᠦᠯᠦᠨ᠎ᠡ︔ ᠶᠠᠳᠠᠭᠤ ᠠᠴᠠ ᠠᠩᠭᠢᠵᠢᠷᠠᠭᠰᠠᠨ ᠤ ᠳᠠᠷᠠᠭ᠎ᠠ ︽ᠬᠠᠷᠢᠭᠤᠴᠠᠯᠭ᠎ᠠ ᠪᠠᠨ ᠲᠦᠯᠬᠢᠬᠦ ᠦᠭᠡᠢ᠂ ᠲᠥᠷᠥ ᠶᠢᠨ ᠪᠣᠳᠣᠯᠭ᠎ᠠ ᠪᠠᠨ ᠪᠤᠴᠠᠭᠠᠬᠤ ᠦᠭᠡᠢ᠂ ᠲᠡᠳᠬᠦᠵᠦ ᠳᠡᠮᠵᠢᠬᠦ ᠪᠠᠨ ᠪᠣᠯᠢᠬᠤ ᠦᠭᠡᠢ᠂ ᠬᠢᠨᠠᠵᠤ ᠬᠠᠮᠢᠶᠠᠷᠬᠤ ᠪᠠᠨ ᠬᠠᠶᠠᠬᠤ ᠦᠭᠡᠢ︾ ᠪᠠᠶᠢᠬᠤ ᠶᠢ ᠪᠠᠷᠢᠮᠲᠠᠯᠠᠵᠤ᠂ ︽ᠦᠨᠡᠬᠡᠷ ᠬᠦᠴᠢᠷᠳᠡᠯᠲᠡᠢ ᠶᠢ ᠨᠢ ᠥᠷᠭᠦᠯᠵᠢᠯᠡᠨ ᠲᠡᠳᠬᠦᠨ ᠳᠡᠮᠵᠢᠬᠦ︾ ᠶᠠᠳᠠᠭᠤ ᠠᠴᠠ ᠠᠩᠭᠢᠵᠢᠷᠠᠭᠤᠯᠤᠭᠰᠠᠨ ᠤ ᠳᠠᠷᠠᠭᠠᠬᠢ ᠲᠡᠳᠬᠦᠨ ᠳᠡᠮᠵᠢᠬᠦ ᠲᠣᠭᠲᠠᠴᠠ ᠶᠢ ᠲᠡᠭᠦᠯᠳᠡᠷᠵᠢᠭᠦᠯᠦᠨ᠂ ᠡᠭᠦᠳᠦᠨ ᠪᠦᠲᠦᠭᠡᠬᠦ ᠴᠢᠳᠠᠮᠵᠢ ᠶᠢ ᠲᠠᠰᠤᠷᠠᠯᠲᠠ ᠥᠬᠡᠶ ᠴᠢᠩᠭᠠᠳᠬᠠᠵᠤ᠂ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ︽ᠠᠮᠢᠳᠤᠷᠠᠯ ᠲᠣᠭᠲᠠᠭᠤᠨᠵᠢᠵᠤ᠂ ᠲᠠᠬᠢᠨ ᠶᠠᠳᠠᠭᠤᠷᠠᠬᠤ ᠦᠭᠡᠢ ᠪᠠᠶᠢᠬᠤ︾ ᠶᠢ ᠦᠨᠡᠨᠬᠦ ᠪᠠᠲᠤᠯᠠᠨ᠎ᠠ᠃ ᠬᠤᠶᠠᠷ ᠲᠤ ᠬᠦᠨᠳᠦ ᠶᠡᠭᠡ ᠠᠶᠤᠯ ᠲᠦᠭᠰᠢᠭᠦᠷᠢ ᠶᠢ ᠯᠠᠪᠳᠠᠭᠤᠨ ᠢᠶᠠᠷ ᠰᠡᠷᠭᠡᠶᠢᠯᠡᠨ ᠠᠷᠢᠯᠭᠠᠨ᠎ᠠ᠃ ᠵᠠᠰᠠᠭ ᠤᠨ ᠣᠷᠳᠣᠨ ᠤ ᠥᠷᠢ ᠥᠭᠴᠡᠭᠡ ᠶᠢ ᠠᠷᠢᠯᠭᠠᠬᠤ᠂ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠵᠡᠷᠭᠡ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠠᠵᠢᠯ ᠢ ᠨᠢᠭᠡᠳᠦᠯᠲᠡᠢ ᠲᠥᠯᠥᠪᠯᠡᠨ ᠠᠬᠢᠭᠤᠯᠵᠤ᠂ ᠰᠢᠰᠲ᠋ᠧᠮ ᠤᠨ ᠴᠢᠨᠠᠷᠲᠠᠢ ᠣᠷᠣᠨ ᠪᠦᠰᠡ ᠶᠢᠨ ᠴᠢᠨᠠᠷᠲᠠᠢ ᠠᠶᠤᠯ ᠲᠦᠭᠰᠢᠭᠦᠷᠢ ᠦᠯᠦ ᠭᠠᠷᠭᠠᠬᠤ ᠬᠤᠷᠢᠭ᠎ᠠ ᠱᠤᠭᠤᠮ ᠢ ᠪᠠᠲᠤ ᠰᠠᠬᠢᠵᠤ᠂ ᠥᠷᠢ ᠥᠭᠴᠡᠭᠡ ᠶᠢ ᠣᠯᠠᠨ ᠡᠰᠢᠵᠢᠭᠦᠯᠦᠨ ᠰᠢᠢᠳᠪᠦᠷᠢᠯᠡᠵᠦ᠂ ᠡᠳ᠋ ᠭᠠᠶᠢᠯᠢ ᠶᠢᠨ ᠢᠷᠡᠯᠲᠡ ᠶᠢ ᠥᠷᠭᠡᠳᠬᠡᠬᠦ᠂ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢ ᠠᠮᠢᠳᠤᠯᠢᠭ ᠪᠣᠯᠭᠠᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠨ᠂ ᠵᠠᠰᠠᠭ ᠤᠨ ᠣᠷᠳᠣᠨ ᠤ ᠳᠠᠯᠳᠠ ᠴᠢᠨᠠᠷᠲᠠᠢ ᠥᠷᠢ ᠥᠭᠴᠡᠭᠡ ᠶᠢ 8 ᠳ᠋ᠦᠩᠰᠢᠭᠤᠷ ᠲᠥᠭᠦᠷᠢᠭ ᠠᠴᠠ ᠳᠡᠭᠡᠭᠰᠢ ᠠᠷᠢᠯᠭᠠᠬᠤ ᠪᠠᠷ ᠴᠢᠷᠮᠠᠶᠢᠨ᠎ᠠ᠃ ᠭᠤᠷᠪᠠ ᠳᠤ᠂ ᠪᠣᠬᠢᠷᠲᠤᠯ ᠢ ᠰᠡᠷᠭᠡᠶᠢᠯᠡᠨ ᠵᠠᠰᠠᠬᠤ ᠪᠡᠷᠬᠡ ᠶᠢ ᠲᠤᠭᠤᠯᠬᠤ ᠠᠵᠢᠯ ᠢ ᠰᠠᠶᠢᠲᠤᠷ ᠬᠢᠨ᠎ᠡ᠃ ᠲᠥᠪ᠂ ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠪᠠᠳᠠᠨ ᠪᠠᠶᠢᠴᠠᠭᠠᠬᠤ ᠵᠡᠷᠭᠡ ᠲᠤᠰᠬᠠᠶ ᠲᠥᠷᠥᠯ ᠤᠨ ᠠᠵᠢᠯᠯᠠᠭ᠎ᠠ ᠶᠢᠨ ᠬᠠᠷᠢᠭᠤ ᠲᠤᠰᠬᠠᠭᠰᠠᠨ ᠰᠠᠨᠠᠯ ᠲᠠᠢ ᠤᠶᠠᠯᠳᠤᠭᠤᠯᠤᠨ᠂ ᠨᠢᠭᠡᠳᠦᠯᠲᠡᠶ ᠲᠥᠯᠥᠪᠯᠡᠨ ᠳᠣᠭᠢᠷᠠᠭᠤᠯᠵᠤ᠂ ᠠᠮᠢ ᠠᠬᠤᠶ ᠣᠷᠴᠢᠨ ᠲᠣᠭᠤᠷᠢᠨ ᠤ ᠲᠣᠪᠤᠶᠢᠮ᠎ᠠ ᠠᠰᠠᠭᠤᠳᠠᠯ ᠢ ᠰᠢᠰᠲ᠋ᠧᠮ ᠲᠠᠢ ᠪᠠᠷ ᠴᠡᠭᠴᠡᠯᠡᠨ ᠰᠠᠶᠢᠵᠢᠷᠠᠭᠤᠯᠤᠨ᠎ᠠ᠃ ᠠᠭᠠᠷ ᠮᠠᠨᠳᠠᠯ᠂ ᠤᠰᠤ᠂ ᠬᠥᠷᠥᠰᠥ ᠰᠢᠷᠣᠶ ᠶᠢᠨ ᠪᠣᠬᠢᠷᠲᠤᠯ ᠢ ᠰᠡᠷᠭᠡᠶᠢᠯᠡᠨ ᠬᠤᠷᠢᠭᠯᠠᠬᠤ ᠠᠵᠢᠯᠯᠠᠭᠠᠨ ᠤ ᠲᠥᠯᠥᠪᠯᠡᠭᠡ ᠶᠢ ᠭᠦᠨᠵᠡᠭᠡᠶ ᠬᠡᠷᠡᠭᠵᠢᠭᠦᠯᠵᠦ᠂ ᠬᠤᠲᠠ ᠶᠢᠨ ᠠᠭᠠᠷ ᠤᠨ ᠴᠢᠨᠠᠷ ᠴᠢᠨᠰᠠᠭ᠎ᠠ ᠶᠢᠨ ᠰᠢᠯᠢᠳᠡᠭ ᠤᠨ ᠨᠣᠷᠮ᠎ᠠ ᠶᠢ 90% ᠠᠴᠠ ᠳᠠᠪᠠᠭᠤᠯᠬᠤ ᠶᠢ ᠦᠨᠡᠨᠬᠦ ᠪᠠᠲᠤᠯᠠᠨ᠎ᠠ᠃      ︵ᠬᠤᠶᠠᠷ︶ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠥᠭᠡᠷᠡᠴᠢᠯᠡᠯᠲᠡ ᠪᠠᠷ ᠭᠤᠤᠯ ᠰᠢᠵᠢᠮ ᠪᠣᠯᠭᠠᠵᠤ᠂ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠤᠨ᠎ᠠ      ᠨᠢᠭᠡ ᠳᠤ ᠲᠠᠷᠢᠶᠠᠯᠠᠩ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃ ᠡᠪᠡᠰᠦ ᠪᠡᠯᠴᠢᠭᠡᠷ᠂ ᠮᠠᠯ ᠠᠵᠤ ᠠᠬᠤᠶ᠂ ᠠᠮᠤ ᠪᠤᠳᠠᠭ᠎ᠠ ᠵᠡᠷᠭᠡ ᠭᠤᠤᠯᠯᠠᠬᠤ ᠠᠵᠤ ᠦᠢᠯᠡᠰ ᠤᠨ ᠲᠣᠭᠤᠷᠢᠨ ᠳᠤ᠂ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠪᠦᠲᠦᠴᠡ ᠶᠢ ᠢᠳᠡᠪᠬᠢᠲᠡᠶ ᠪᠠᠷ ᠲᠣᠬᠢᠷᠠᠭᠤᠯᠤᠨ᠎ᠠ᠃ ᠲᠠᠷᠢᠮᠠᠯ ᠤᠨ ᠪᠦᠲᠦᠴᠡ ᠶᠢ ᠰᠢᠯᠢᠳᠡᠭᠵᠢᠭᠦᠯᠵᠦ᠂ 5 ᠲᠦᠮᠡᠨ ᠮᠦ ᠶᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠭᠠᠷᠭᠠᠵᠤ᠂ 15 ᠲᠦᠮᠡᠨ ᠮᠦ ᠰᠢᠬᠢᠷ ᠯᠤᠤᠪᠠᠩ᠂ 10 ᠲᠦᠮᠡᠨ ᠮᠦ ᠨᠡᠷᠡᠨ ᠬᠤᠸᠠᠷ᠂ 2 ᠲᠦᠮᠡᠨ ᠮᠦ ᠬᠢᠲᠠᠳ ᠡᠪᠡᠰᠦᠨ ᠡᠮ᠂ 70 ᠲᠦᠮᠡᠨ ᠮᠦ ᠲᠡᠵᠢᠭᠡᠯ ᠪᠣᠷᠳᠣᠭᠠᠨ ᠤ ᠲᠠᠷᠢᠮᠠᠯ ᠲᠠᠷᠢᠨ᠂ 2000 ᠲᠦᠮᠡᠨ ᠮᠦ ᠲᠥᠬᠦᠭᠡᠷᠦᠮᠵᠢᠲᠦ ᠲᠠᠷᠢᠶᠠᠯᠠᠩ ᠢ ᠰᠢᠨ᠎ᠡ ᠪᠠᠷ ᠨᠡᠮᠡᠭᠳᠡᠭᠦᠯᠵᠦ᠂ 15 ᠲᠦᠮᠡᠨ ᠮᠦ ᠲᠠᠷᠢᠶᠠᠯᠠᠩ ᠤᠨ ᠮᠠᠰᠢᠨ ᠢᠶᠠᠷ ᠠᠵᠢᠯᠯᠠᠬᠤ ᠨᠡᠶᠢᠭᠡᠮᠴᠢᠯᠡᠭᠰᠡᠨ ᠦᠢᠯᠡᠴᠢᠯᠡᠭᠡᠨ ᠤ ᠲᠠᠯᠠᠪᠠᠢ ᠶᠢ ᠳᠡᠯᠭᠡᠷᠡᠭᠦᠯᠵᠦ᠂ 10 ᠳ᠋ᠦᠩᠰᠢᠭᠤᠷ ᠵᠢᠩ ᠠᠴᠠ ᠳᠡᠭᠡᠭᠰᠢᠬᠢ ᠠᠮᠤ ᠪᠤᠳᠠᠭᠠᠨ ᠤ ᠤᠨᠠᠯᠲᠠ ᠶᠢ ᠦᠨᠡᠨ ᠬᠦ ᠪᠠᠲᠤᠯᠠᠨ᠎ᠠ︔ ᠰᠢᠮᠡᠯᠢᠭ ᠡᠪᠡᠰᠦᠨ ᠤ ᠠᠵᠤ ᠦᠢᠯᠡᠰ ᠢ ᠪᠠᠬᠢᠵᠢᠭᠦᠯᠦᠨ ᠳᠡᠭᠡᠭᠰᠢᠯᠡᠭᠦᠯᠵᠦ᠂ ᠳᠤᠮᠳᠠᠳᠤ ᠤᠯᠤᠰ ᠪᠣᠯᠣᠨ ᠠᠷᠠᠪ ᠤᠨ ᠬᠤᠯᠪᠣᠭᠠᠲᠤ ᠠᠬᠠᠮᠠᠳᠲᠤ ᠤᠯᠤᠰ ᠤᠨ ︽ᠨᠢᠭᠡ ᠪᠦᠰᠡ ᠨᠢᠭᠡ ᠵᠠᠮ︾ ᠤᠨ ᠮᠠᠯ ᠪᠡᠯᠴᠢᠭᠡᠷ ᠢ ᠨᠢᠭᠡ ᠴᠣᠭᠴᠠᠵᠢᠭᠤᠯᠬᠤ ᠠᠵᠤ ᠦᠢᠯᠡᠰ ᠤᠨ ᠵᠢᠱᠢᠶ᠎ᠡ ᠦᠵᠡᠭᠦᠯᠬᠦ ᠲᠥᠷᠥᠯ ᠵᠦᠢᠯ ᠤᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠰᠢᠮᠡᠯᠢᠭ ᠡᠪᠡᠰᠦᠨ ᠤ ᠪᠥᠬᠦ ᠠᠵᠤ ᠦᠢᠯᠡᠰ ᠤᠨ ᠬᠡᠯᠬᠢᠶ᠎ᠡ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ ᠰᠠᠭᠤᠷᠢ ᠶᠢ ᠪᠠᠬᠢᠵᠢᠭᠦᠯᠦᠨ᠎ᠡ᠃ ᠲᠡᠵᠢᠭᠡᠨ ᠦᠷᠡᠵᠢᠭᠦᠯᠬᠦ ᠦᠢᠯᠡᠰ ᠢ ᠲᠥᠪᠯᠡᠷᠡᠭᠦᠯᠦᠨ ᠡᠷᠴᠢᠮᠵᠢᠭᠦᠯᠵᠦ ᠬᠥᠭᠵᠢᠭᠦᠯᠦᠨ᠎ᠡ᠃ ᠠᠯᠠᠰᠢᠨ ᠦᠬᠡᠷ ᠤᠨ ᠭᠤᠣᠯᠯᠠᠬᠤ ᠠᠵᠤ ᠦᠢᠯᠡᠰ ᠢ ᠭᠤᠣᠯᠳᠠᠯᠭ᠎ᠠ ᠲᠠᠢ ᠬᠥᠭᠵᠢᠭᠦᠯᠵᠦ᠂ ᠸᠧᠵᠢᠨ ᠲᠠᠷᠢᠶᠠᠯᠠᠩ᠂ ᠮᠦ ᠭᠥᠸᠧ ᠦᠬᠡᠷ ᠲᠡᠵᠢᠭᠡᠬᠦ ᠦᠢᠯᠡᠰ᠂ ᠶᠤᠸᠠᠨ ᠶᠧ ᠪᠦᠯᠦᠭᠯᠡᠯ ᠵᠡᠷᠭᠡ ᠲᠠᠭᠠᠭᠤᠯᠤᠭᠴᠢ ᠠᠵᠤ ᠠᠬᠤᠶᠢᠯᠠᠯ ᠳᠤ ᠲᠦᠰᠢᠭᠯᠡᠨ᠂ 5 ᠰᠠᠭᠤᠷᠢ ᠲᠦᠮᠡᠨ ᠲᠣᠯᠣᠭᠠᠢ ᠠᠯᠠᠰᠢᠨ ᠦᠬᠡᠷ ᠲᠡᠵᠢᠭᠡᠨ ᠦᠷᠡᠵᠢᠭᠦᠯᠬᠦ ᠲᠠᠯᠠᠪᠠᠢ ᠶᠢ ᠪᠠᠶᠢᠭᠤᠯᠵᠤ᠂ 9 ᠲᠡᠵᠢᠭᠡᠨ ᠦᠷᠡᠵᠢᠭᠦᠯᠬᠦ ᠵᠢᠱᠢᠶ᠎ᠡ ᠦᠵᠡᠭᠦᠯᠬᠦ ᠭᠠᠴᠠᠭ᠎ᠠ ᠲᠣᠰᠬᠤᠨ᠂ 100 ᠵᠢᠱᠢᠶ᠎ᠡ ᠦᠵᠡᠭᠦᠯᠬᠦ ᠲᠠᠯᠠᠪᠠᠢ ᠶᠢ ᠬᠥᠭᠵᠢᠭᠦᠯᠦᠨ᠎ᠡ᠃ ᠠᠯᠠᠰᠢᠨ ᠦᠬᠡᠷ ᠤᠨ ᠰᠠᠶᠢᠨ ᠡᠭᠦᠯᠳᠡᠷ ᠢ ᠲᠡᠵᠢᠭᠡᠨ ᠦᠷᠡᠵᠢᠭᠦᠯᠬᠦ ᠰᠢᠰᠲ᠋ᠧᠮ ᠢ ᠪᠠᠶᠢᠭᠤᠯᠵᠤ᠂ ᠰᠠᠭᠤᠷᠢ ᠡᠬᠡ ᠮᠠᠯ ᠤᠨ ᠰᠦᠷᠦᠭ ᠢ ᠥᠷᠭᠡᠳᠬᠡᠬᠦ ᠢᠨᠵᠧᠨᠧᠷᠢᠩ ᠢ ᠬᠡᠷᠡᠭᠵᠢᠭᠦᠯᠦᠨ᠂ ᠰᠢᠮᠧᠨ᠋ᠳᠡᠷ ᠠᠯᠠᠰᠢᠨ ᠦᠬᠡᠷ᠂ ᠵᠤᠤ ᠤᠳᠠ ᠠᠯᠠᠰᠢᠨ ᠦᠬᠡᠷ ᠤᠨ ᠭᠤᠣᠯᠳᠠᠯᠭ᠎ᠠ ᠲᠠᠢ ᠡᠭᠦᠯᠳᠡᠷ ᠤᠨ ᠰᠦᠷᠦᠭ ᠢ ᠠᠯᠬᠤᠮ ᠠᠯᠬᠤᠮ ᠢᠶᠠᠷ ᠬᠥᠭᠵᠢᠭᠦᠯᠵᠦ᠂ ᠤᠯᠤᠰ ᠤᠨ ᠰᠢᠯᠢᠳᠡᠭ ᠡᠭᠦᠯᠳᠡᠷ ᠤᠨ ᠠᠯᠠᠰᠢᠨ ᠦᠬᠡᠷ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠢ ᠴᠢᠷᠮᠠᠶᠢᠨ ᠪᠠᠶᠢᠭᠤᠯᠤᠨ᠎ᠠ︔ ᠠᠯᠠᠰᠢᠨ ᠬᠤᠨᠢ ᠶᠢ ᠴᠥᠭᠡᠳᠬᠡᠨ ᠶᠠᠰᠤ ᠴᠢᠨᠠᠷ ᠢ ᠨᠢ ᠳᠡᠭᠡᠭᠰᠢᠯᠡᠭᠦᠯᠬᠦ ᠶᠢ ᠠᠬᠢᠭᠤᠯᠵᠤ᠂ ︽ᠮᠣᠩᠭᠤᠯ ᠬᠤᠨᠢᠨ︾ ᠤ ᠴᠡᠪᠡᠷ ᠡᠭᠦᠯᠳᠡᠷ ᠶᠢ ᠦᠷᠡᠵᠢᠭᠦᠯᠦᠨ ᠪᠤᠵᠠᠭᠠᠶᠢᠷᠠᠭᠤᠯᠬᠤ ᠶᠢ ᠰᠠᠶᠢᠲᠤᠷ ᠠᠳᠬᠤᠵᠤ᠂ ᠮᠣᠩᠭᠤᠯ ᠬᠤᠨᠢᠨ ᠤ ᠣᠷᠭᠠᠨᠢᠭ ᠳᠡᠭᠡᠳᠦ ᠲᠡᠰ ᠤᠨ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠢ ᠪᠠᠶᠢᠭᠤᠯᠤᠨ᠎ᠠ᠃ ᠵᠢᠱᠢᠯᠲᠡ ᠪᠠᠷ 6 ᠰᠠᠷ᠎ᠠ ᠶᠢᠨ ᠡᠴᠦᠰ ᠪᠣᠯᠬᠤ ᠳᠤ᠂ ᠪᠣᠳᠠ ᠪᠣᠭ ᠮᠠᠯ ᠤᠨ ᠵᠣᠭᠰᠤᠭ᠎ᠠ ᠲᠤᠭ᠎ᠠ ᠶᠢ 275 ᠲᠦᠮᠡ ᠣᠷᠴᠢᠮ ᠳᠤ ᠬᠦᠷᠦᠭᠦᠯᠦᠨ᠎ᠡ᠃ᠬᠤᠶᠠᠷ ᠲᠤ ᠠᠵᠤ ᠦᠢᠯᠡᠳᠪᠦᠷᠢᠵᠢᠯᠲᠡ ᠶᠢᠨ ᠠᠬᠢᠴᠠ ᠶᠢ ᠲᠦᠷᠭᠡᠳᠬᠡᠨ ᠠᠬᠢᠭᠤᠯᠤᠨ᠎ᠠ᠃ ᠠᠮᠢᠳᠤ ᠪᠣᠳᠠᠰ ᠤᠨ ᠮᠠᠰ ᠡᠨᠧᠷᠭᠢ᠂ ᠰᠠᠯᠬᠢᠨ ᠡᠨᠧᠷᠭᠢ᠂ ᠨᠡᠷᠡᠨ ᠡᠨᠧᠷᠭᠢ ᠵᠡᠷᠭᠡ ᠠᠷᠢᠭᠤᠨ ᠴᠡᠪᠡᠷ ᠵᠢᠴᠢ ᠰᠢᠨᠡᠳᠴᠦ ᠪᠣᠯᠬᠤ ᠡᠨᠧᠷᠭᠢ ᠶᠢᠨ ᠠᠵᠤ ᠦᠢᠯᠡᠰᠵᠢᠯᠲᠡ ᠶᠢ ᠦᠷᠭᠦᠯᠵᠢᠯᠡᠨ ᠠᠬᠢᠭᠤᠯᠵᠤ᠂ ᠬᠤᠭ ᠨᠣᠪᠰᠢ ᠰᠢᠲᠠᠭᠠᠵᠤ ᠴᠠᠬᠢᠯᠭᠠᠨ ᠭᠠᠷᠭᠠᠬᠤ ᠪᠠ ᠡᠰᠢ ᠰᠦᠷᠡᠯ ᠤᠨ ᠠᠮᠢᠳᠤ ᠪᠣᠳᠠᠰ ᠤᠨ ᠮᠠᠰ ᠢᠶᠠᠷ ᠴᠠᠬᠢᠯᠭᠠᠨ ᠭᠠᠷᠭᠠᠬᠤ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠡᠬᠢᠯᠡᠭᠦᠯᠦᠨ᠎ᠡ᠃ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠠᠵᠤ ᠦᠢᠯᠡᠳᠪᠦᠷᠢᠵᠢᠯᠲᠡ ᠶᠢ ᠠᠬᠢᠭᠤᠯᠵᠤ᠂ ᠲᠠᠢ ᠵᠢᠢ ᠪᠦᠯᠦᠭᠯᠡᠯ ᠤᠨ 10 ᠲᠦᠮᠡᠨ ᠲᠣᠯᠣᠭᠠᠢ ᠠᠯᠠᠰᠢᠨ ᠦᠬᠡᠷ ᠨᠢᠲᠤᠯᠬᠤ ᠦᠢᠯᠡᠳᠪᠦᠷᠢᠯᠡᠯ ᠤᠨ ᠱᠤᠭᠤᠮ ᠤᠨ ᠥᠭᠡᠷᠡᠴᠢᠯᠡᠯᠲᠡ᠂ ᠴᠢᠪᠠᠭ᠎ᠠ ᠯᠢᠦᠢ ᠮᠤᠤ ᠠᠷᠢᠬᠢᠨ ᠤ ᠦᠢᠯᠡᠰ ᠤᠨ 500 ᠲᠣᠨ ᠬᠠᠷ᠎ᠠ ᠠᠷᠢᠬᠢᠨ ᠤ ᠦᠢᠯᠡᠳᠪᠦᠷᠢᠯᠡᠯ ᠤᠨ ᠱᠤᠭᠤᠮ ᠢ ᠰᠢᠨ᠎ᠡ ᠪᠠᠷ ᠪᠠᠶᠢᠭᠤᠯᠬᠤ ᠵᠡᠷᠭᠡ ᠢᠨᠵᠧᠨᠧᠷᠢᠩ ᠢ ᠲᠣᠪᠣᠶᠢᠮ᠎ᠠ ᠠᠳᠬᠤᠨ᠎ᠠ᠃ ᠠᠭᠤᠷᠬᠠᠢ ᠶᠢᠨ ᠦᠢᠯᠡᠰ ᠤᠨ ᠠᠵᠤ ᠠᠬᠤᠢ ᠶᠢᠨ ᠳᠡᠰ ᠳᠡᠪᠰᠢᠬᠦ ᠥᠭᠡᠷᠡᠴᠢᠯᠡᠯᠲᠡ᠂ ᠪᠣᠬᠢᠷᠲᠤᠯ ᠦᠭᠡᠢ ᠬᠥᠭᠵᠢᠯᠲᠡ ᠶᠢ ᠠᠬᠢᠭᠤᠯᠵᠤ᠂ ᠪᠦᠲᠦᠭᠡᠭᠳᠡᠬᠦᠨ ᠤ ᠰᠢᠨᠵᠢᠯᠡᠬᠦ ᠤᠬᠠᠭᠠᠨ ᠮᠡᠷᠭᠡᠵᠢᠯ ᠤᠨ ᠠᠭᠤᠯᠤᠭᠳᠠᠴᠠ ᠪᠠ ᠨᠡᠮᠡᠯᠲᠡ ᠥᠷᠲᠡᠭ ᠢ ᠳᠡᠭᠡᠭᠰᠢᠯᠡᠭᠦᠯᠦᠨ᠂ ᠣᠯᠠᠨᠬᠤᠸᠠ ᠵᠡᠰ ᠮᠣᠯᠢᠪᠳᠧᠨ ᠤ ᠠᠭᠤᠷᠬᠠᠢ ᠶᠢᠨ ᠦᠢᠯᠡᠰ ᠤᠨ ᠠᠴᠢᠶ᠎ᠠ ᠳᠦᠭᠦᠷᠡᠩ ᠦᠢᠯᠡᠳᠪᠦᠷᠢᠯᠡᠯ ᠢ ᠪᠠᠲᠤᠯᠠᠵᠤ᠂ ᠡᠮᠦᠨᠡᠲᠦ ᠬᠡᠰᠡᠭ ᠤᠨ ᠯᠣᠣ ᠵᠢᠶᠠ ᠭᠧᠦ ᠮᠤᠯᠢᠪᠳᠧᠨ ᠲᠤᠭᠤᠯᠭ᠎ᠠ ᠴᠠᠶᠢᠷ ᠤᠨ ᠠᠭᠤᠷᠬᠠᠢ᠂ ᠤᠮᠠᠷᠠᠲᠤ ᠬᠡᠰᠡᠭ ᠤᠨ ᠪᠠᠶᠠᠨᠪᠤᠯᠠᠭ ᠮᠥᠩᠭᠦ ᠲᠤᠭᠤᠯᠭ᠎ᠠ ᠴᠠᠶᠢᠷ ᠤᠨ ᠠᠭᠤᠷᠬᠠᠢ ᠶᠢᠨ ᠬᠠᠶᠢᠨ ᠰᠢᠨᠵᠢᠯᠡᠵᠦ ᠮᠠᠯᠲᠠᠬᠤ ᠠᠬᠢᠴᠠ ᠶᠢ ᠲᠦᠷᠭᠡᠳᠬᠡᠨ᠂ ᠬᠤᠩ ᠭᠠᠩ ᠬᠠᠷ᠎ᠠ ᠲᠤᠭᠤᠯᠭ᠎ᠠ ᠴᠠᠶᠢᠷ ᠤᠨ ᠠᠭᠤᠷᠬᠠᠢ ᠶᠢᠨ 500 ᠲᠣᠨ ᠤ ᠬᠦᠳᠡᠷ ᠰᠢᠯᠢᠬᠦ ᠦᠢᠯᠡᠳᠪᠦᠷᠢ ᠶᠢᠨ ᠦᠢᠯᠡᠳᠪᠦᠷᠢᠯᠡᠯ ᠢᠶᠠᠨ ᠰᠡᠷᠭᠦᠭᠡᠬᠦ ᠶᠢ ᠠᠬᠢᠭᠤᠯᠵᠤ᠂ ᠬᠤᠶᠠᠳᠤᠭᠠᠷ ᠬᠤᠭᠤᠴᠠᠭᠠᠨ ᠤ 1000 ᠲᠣᠨ ᠤ ᠬᠦᠳᠡᠷ ᠰᠢᠯᠢᠬᠦ ᠦᠢᠯᠡᠳᠪᠦᠷᠢ ᠶᠢᠨ ᠪᠦᠲᠦᠭᠡᠨ ᠪᠠᠶᠢᠭᠤᠯᠤᠯᠲᠠ ᠶᠢ ᠵᠡᠷᠭᠡᠪᠡᠷ ᠡᠬᠢᠯᠡᠭᠦᠯᠦᠨ᠎ᠡ᠃ ᠭᠤᠷᠪᠠ ᠳᠤ ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠢ ᠶᠡᠬᠡᠪᠡᠷ ᠬᠥᠭᠵᠢᠭᠦᠯᠦᠨ᠎ᠡ᠃ ᠵᠢᠭᠤᠯᠴᠢᠯᠠᠯ ᠤᠨ ᠠᠵᠤ ᠦᠢᠯᠡᠰ ᠢ ᠪᠦᠬᠦ ᠬᠦᠴᠦᠨ ᠢᠶᠠᠷ ᠠᠬᠢᠭᠤᠯᠤᠨ᠂ ᠳᠡᠪᠡᠭᠡ ᠤᠰᠤ ᠶᠢᠨ ᠬᠦᠳᠡᠭᠡ ᠨᠤᠳᠤᠭ ᠤᠨ ᠦᠵᠡᠮᠵᠢ ᠵᠡᠷᠭᠡ ᠵᠠᠩᠭᠢᠯᠠᠭ᠎ᠠ ᠶᠢᠨ ᠴᠡᠭ ᠤᠨ ᠢᠨᠵᠧᠨᠧᠷᠢᠩ ᠢ ᠰᠠᠶᠢᠲᠤᠷ ᠠᠳᠬᠤᠵᠤ᠂ ᠬᠥᠳᠡᠭᠡ ᠲᠣᠰᠬᠤᠨ ᠤ ᠵᠢᠭᠤᠯᠴᠢᠯᠠᠯ ᠤᠨ ᠵᠢᠱᠢᠶ᠎ᠡ ᠦᠵᠡᠭᠦᠯᠬᠦ ᠪᠦᠰᠡ ᠶᠢ ᠪᠠᠬᠢᠵᠢᠭᠦᠯᠵᠦ ᠳᠡᠭᠡᠭᠰᠢᠯᠡᠭᠦᠯᠦᠨ᠎ᠡ᠃ ᠴᠠᠬᠢᠮ ᠬᠤᠳᠠᠯᠳᠤᠭᠠᠨ ᠤ ᠲᠠᠪᠴᠠᠩ᠂ ᠪᠠᠷᠠᠭ᠎ᠠ ᠶᠢᠨ ᠭᠦᠢᠯᠭᠡᠭᠡᠨ ᠤ ᠲᠤᠬᠢᠷᠠᠭᠤᠯᠤᠨ ᠬᠦᠷᠭᠡᠬᠦ᠂ ᠮᠥᠩᠭᠦᠨ ᠭᠦᠢᠯᠭᠡᠭᠡ ᠳᠠᠭᠠᠳᠬᠠᠯ᠂ ᠬᠤᠲᠠ ᠬᠥᠳᠡᠭᠡ ᠶᠢᠨ ᠨᠠᠰᠤᠵᠢᠯ ᠤᠨ ᠠᠰᠠᠷᠠᠮᠵᠢ᠂ ᠭᠡᠷ ᠠᠬᠤᠢ ᠶᠢᠨ ᠦᠢᠯᠡᠴᠢᠯᠡᠭᠡ᠂ ᠲᠦᠷᠭᠡᠨ ᠬᠦᠷᠭᠡᠬᠦ ᠦᠢᠯᠡᠴᠢᠯᠡᠭᠡ᠂ ᠵᠠᠭᠤᠴᠢ ᠦᠢᠯᠡᠴᠢᠯᠡᠭᠡ ᠶᠢ ᠬᠦᠴᠦᠲᠡᠢ ᠳᠠᠮᠵᠢᠵᠤ᠂ ᠦᠢᠯᠡᠴᠢᠯᠡᠭᠡᠨ ᠤ ᠶᠠᠰᠤ ᠴᠢᠨᠠᠷ ᠪᠠ ᠦᠢᠯᠡᠴᠢᠯᠡᠭᠡᠨ ᠤ ᠬᠢᠷᠢ ᠲᠥᠪᠰᠢᠨ ᠢ ᠳᠡᠭᠡᠭᠰᠢᠯᠡᠭᠦᠯᠦᠨ᠎ᠡ᠃ ᠴᠠᠬᠢᠮ ᠬᠤᠳᠠᠯᠳᠤᠭᠠᠨ ᠤ ᠶᠠᠪᠤᠳᠠᠯ ᠢ ᠬᠥᠳᠡᠭᠡ ᠲᠣᠰᠬᠤᠨ ᠳᠤ ᠣᠷᠣᠭᠤᠯᠬᠤ ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠪᠡᠶᠡᠯᠡᠭᠦᠯᠦᠨ᠎ᠡ᠃ ᠡᠯ᠎ᠡ ᠲᠥᠷᠥᠯ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠮᠠᠨ ᠤ ᠬᠤᠰᠢᠭᠤᠨ ᠳᠤ ᠰᠠᠯᠪᠤᠷᠢ ᠪᠠᠶᠢᠭᠤᠯᠤᠮᠵᠢ ᠪᠠᠶᠢᠭᠤᠯᠬᠤ ᠶᠢ ᠢᠳᠡᠪᠬᠢᠲᠡᠢ ᠵᠣᠷᠢᠭᠵᠢᠭᠤᠯᠵᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃      ︵ᠭᠤᠷᠪᠠ︶ ᠪᠦᠲᠦᠮᠵᠢᠲᠡᠶ ᠪᠡᠯᠡ ᠣᠷᠣᠭᠤᠯᠤᠯᠲᠠ ᠶᠢ ᠴᠢᠩᠭᠠᠳᠬᠠᠬᠤ ᠪᠠᠷ ᠪᠠᠲᠤᠯᠠᠭ᠎ᠠ ᠪᠣᠯᠭᠠᠵᠤ᠂ ᠭᠤᠤᠯᠳᠠᠯᠭ᠎ᠠ ᠲᠠᠢ ᠲᠥᠷᠥᠯ ᠵᠦᠢᠯ ᠤᠨ ᠡᠮᠬᠢ ᠵᠢᠷᠤᠮ ᠲᠠᠢ ᠬᠡᠷᠡᠭᠵᠢᠭᠦᠯᠦᠭᠳᠡᠬᠦ ᠶᠢ ᠠᠬᠢᠭᠤᠯᠤᠨ᠎ᠠ      ᠨᠢᠭᠡ ᠳᠤ᠂ ᠳᠡᠭᠡᠳᠦ ᠱᠠᠲᠤᠨ ᠤ ᠪᠡᠯᠡ ᠮᠥᠩᠭᠦ ᠶᠢ ᠢᠳᠡᠪᠬᠢᠲᠡᠢ ᠲᠡᠮᠡᠴᠡᠨ ᠣᠯᠤᠨ᠎ᠠ᠃ ᠬᠤᠷᠸ᠎ᠠ ᠲᠦᠷᠦ ᠶᠢᠨ ᠪᠤᠳᠤᠯᠭ᠎ᠠ ᠶᠢ ᠭᠦᠨᠵᠡᠭᠡᠶ ᠰᠤᠳᠤᠯᠵᠤ᠂ ᠳᠡᠭᠡᠳᠦ ᠭᠤᠷᠪᠠᠨ ᠱᠠᠲᠤᠨ ᠤ ᠪᠡᠯᠡ ᠮᠥᠩᠭᠦ ᠶᠢᠨ ᠬᠠᠨᠳᠤᠰᠢ ᠶᠢ ᠣᠨᠣᠪᠴᠢᠲᠠᠶ ᠡᠵᠡᠮᠰᠢᠨ᠎ᠡ᠃ ᠮᠠᠨ ᠤ ᠬᠤᠰᠢᠭᠤᠨ ᠤ ᠳᠠᠪᠠᠭᠤᠯᠢᠭ ᠡᠬᠢ ᠪᠠᠶᠠᠯᠢᠭ ᠲᠤ ᠲᠦᠰᠢᠭᠯᠡᠨ᠂ ᠤᠷᠢᠳᠴᠢᠯᠠᠨ ᠰᠦᠪᠡᠭᠴᠢᠯᠡᠨ ᠲᠥᠰᠦᠪᠯᠡᠵᠦ᠂ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠲᠥᠷᠥᠯ ᠵᠦᠢᠯ ᠤᠨ ᠨᠥᠭᠡᠴᠡ ᠪᠣᠯᠤᠨ ᠪᠡᠯᠡ ᠮᠥᠩᠭᠦ ᠣᠯᠬᠤ ᠬᠦᠴᠦᠯᠡᠴᠡ ᠪᠠᠨ ᠲᠠᠰᠤᠷᠠᠯᠲᠠ ᠦᠭᠡᠢ ᠨᠡᠮᠡᠭᠳᠡᠭᠦᠯᠵᠦ᠂ ᠨᠢᠭᠡ ᠪᠦᠯᠦᠭ ᠪᠡᠯᠡ ᠣᠷᠣᠭᠤᠯᠤᠯᠲᠠ ᠶᠢᠨ ᠬᠡᠪᠴᠢᠶ᠎ᠡ ᠪᠠᠷ ᠶᠡᠭᠡ᠂ ᠳᠠᠭᠠᠭᠤᠯᠬᠤ ᠴᠢᠳᠠᠪᠤᠷᠢ ᠪᠠᠷ ᠴᠢᠩᠭ᠎ᠠ᠂ ᠳᠠᠶᠢᠴᠢᠯᠠᠬᠤ ᠦᠢᠯᠡᠳᠦᠯ ᠨᠢ ᠢᠯᠡᠷᠬᠡᠢ ᠲᠥᠷᠥᠯ ᠵᠦᠢᠯ ᠢ ᠰᠦᠪᠡᠭᠴᠢᠯᠡᠨ᠎ᠡ᠃ ᠬᠤᠶᠠᠷ ᠲᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢ ᠢᠳᠡᠪᠬᠢᠲᠡᠶ ᠠᠬᠢᠭᠤᠯᠤᠨ᠎ᠠ᠃ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ ᠡᠳ᠋ᠰᠢᠭᠦᠯᠬᠦ᠂ ᠡᠪᠡᠰᠦᠨ ᠤ ᠠᠵᠤ ᠦᠢᠯᠡᠰ ᠢ ᠬᠥᠭᠵᠢᠭᠦᠯᠬᠦ᠂ ᠵᠢᠭᠤᠯᠴᠢᠯᠠᠯ ᠢ ᠨᠡᠭᠡᠭᠡᠨ ᠬᠥᠭᠵᠢᠭᠦᠯᠬᠦ᠂ ᠠᠭᠤᠷᠬᠠᠢ ᠶᠢᠨ ᠦᠢᠯᠡᠰ ᠤᠨ ᠠᠵᠤ ᠠᠬᠤᠢ ᠵᠡᠷᠭᠡ ᠭᠤᠣᠯᠳᠠᠯᠭᠠᠲᠤ ᠬᠦᠷᠢᠶ᠎ᠡ ᠴᠠᠷᠠᠭ᠎ᠠ ᠶᠢᠨ ᠲᠣᠭᠤᠷᠢᠨ ᠳᠤ᠂ ᠪᠡᠭᠡᠵᠢᠩ ᠲᠢᠶᠠᠨᠵᠢᠨ ᠾᠧᠪᠧᠢ᠂ ᠪᠦᠸᠧᠬᠠᠢ ᠲᠠᠩᠭᠢᠰ ᠢ ᠲᠣᠭᠤᠷᠢᠭᠰᠠᠨ ᠠᠵᠤ ᠠᠬᠤᠢ ᠶᠢᠨ ᠲᠣᠭᠤᠷᠢᠭ᠂ ᠵᠢᠶᠠᠩᠰᠤ ᠵᠧᠵᠢᠶᠠᠩ᠂ ᠵᠡᠭᠦᠨ ᠬᠤᠶᠢᠲᠤ ᠣᠷᠣᠨ ᠵᠡᠷᠭᠡ ᠭᠤᠣᠯᠳᠠᠯᠭ᠎ᠠ ᠲᠠᠢ ᠣᠷᠣᠨ ᠪᠦᠰᠡ ᠶᠢ ᠴᠢᠩᠭ᠎ᠠ ᠠᠩᠬᠠᠷᠴᠤ᠂ ᠪᠦᠬᠦ ᠠᠷᠠᠳ ᠢᠶᠠᠷ ᠬᠤᠳᠠᠯᠳᠤᠭᠠᠴᠢᠨ ᠤᠷᠢᠬᠤ᠂ ᠬᠤᠳᠠᠯᠳᠤᠭᠠᠴᠢᠨ ᠢᠶᠠᠷ ᠬᠤᠳᠠᠯᠳᠤᠭᠠᠴᠢᠨ ᠤᠷᠢᠬᠤ᠂ ᠬᠦᠨᠳᠦ ᠱᠠᠩᠨᠠᠯ ᠢᠶᠠᠷ ᠬᠤᠳᠠᠯᠳᠤᠭᠠᠴᠢᠨ ᠤᠷᠢᠬᠤ ᠪᠠ ᠠᠵᠤ ᠦᠢᠯᠡᠰ ᠤᠨ ᠬᠡᠯᠬᠢᠶ᠎ᠡ ᠪᠠᠷ ᠬᠤᠳᠠᠯᠳᠤᠭᠠᠴᠢᠨ ᠤᠷᠢᠬᠤ ᠶᠢ ᠪᠠᠷᠢᠮᠲᠠᠯᠠᠵᠤ᠂ ᠰᠢᠨ᠎ᠡ ᠭᠡᠷ᠎ᠡ ᠲᠣᠭᠲᠠᠭᠰᠠᠨ ᠲᠥᠷᠥᠯ ᠵᠦᠢᠯ ᠢ 15 ᠠᠴᠠ ᠳᠡᠭᠡᠭᠰᠢ ᠴᠢᠷᠮᠠᠶᠢᠨ ᠪᠠᠶᠢᠭᠤᠯᠵᠤ᠂ ᠪᠡᠯᠡ ᠮᠥᠩᠭᠦ ᠶᠢ 30 ᠳ᠋ᠦᠩᠰᠢᠭᠤᠷ ᠲᠥᠭᠦᠷᠢᠭ ᠠᠴᠠ ᠳᠡᠭᠡᠭᠰᠢ ᠣᠷᠣᠭᠤᠯᠤᠨ ᠠᠪᠴᠢᠷᠠᠨ᠎ᠠ᠃ ᠭᠤᠷᠪᠠ ᠳᠤ ᠠᠷᠠᠳ ᠤᠨ ᠪᠡᠯᠡ ᠣᠷᠣᠭᠤᠯᠤᠯᠲᠠ ᠶᠢᠨ ᠠᠮᠢᠵᠢᠷᠠᠯ ᠤᠨ ᠬᠦᠴᠦᠨ ᠢ ᠬᠥᠭᠵᠢᠭᠡᠨ᠎ᠡ᠃ ᠤᠯᠤᠰ ᠪᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠡᠯᠡ ᠣᠷᠣᠭᠤᠯᠤᠯᠲᠠ ᠶᠢ ᠵᠣᠷᠢᠭᠵᠢᠭᠤᠯᠬᠤ ᠪᠠ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠪᠡᠯᠡ ᠣᠷᠣᠭᠤᠯᠵᠤ ᠪᠡᠯᠡ ᠲᠣᠬᠢᠷᠠᠭᠤᠯᠬᠤ ᠪᠠᠶᠢᠭᠤᠯᠤᠯ ᠲᠣᠭᠲᠠᠴᠠ ᠳᠤ ᠲᠠᠰᠤᠷᠠᠯᠲᠠ ᠦᠭᠡᠢ ᠰᠢᠨ᠎ᠡ ᠶᠢ ᠡᠭᠦᠳᠴᠦ᠂ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠪᠠᠷ ᠠᠷᠠᠳ ᠤᠨ ᠪᠡᠯᠡ ᠣᠷᠣᠭᠤᠯᠤᠯᠲᠠ ᠶᠢ ᠳᠠᠶᠢᠴᠢᠯᠠᠬᠤ ᠦᠢᠯᠡᠳᠦᠯ ᠢ ᠭᠦᠢᠴᠡᠳ ᠪᠠᠳᠠᠷᠠᠭᠤᠯᠤᠨ᠂ ᠠᠷᠠᠳ ᠤᠨ ᠪᠡᠯᠡ ᠣᠷᠣᠭᠤᠯᠤᠯᠲᠠ ᠶᠢᠨ ᠳᠠᠯᠳᠠ ᠬᠦᠴᠦᠨ ᠢ ᠴᠢᠨᠠᠭᠰᠢᠳᠠ ᠪᠠᠳᠠᠷᠠᠭᠤᠯᠤᠨ᠎ᠠ᠃ ᠲᠦᠷᠪᠡ ᠳᠤ ᠡᠳ᠋ ᠤᠨ ᠵᠠᠰᠠᠭ ᠮᠥᠩᠭᠦᠨ ᠭᠦᠢᠯᠭᠡᠭᠡᠨ ᠤ ᠳᠡᠮᠵᠢᠯᠭᠡ ᠶᠢᠨ ᠡᠷᠴᠢᠮ ᠢ ᠴᠢᠩᠭᠠᠷᠠᠭᠤᠯᠤᠨ᠎ᠠ᠃ ᠲᠥᠪ ᠤᠨ ᠲᠥᠰᠦᠪ ᠤᠨ ᠳᠣᠲᠣᠷᠠᠬᠢ ᠪᠡᠯᠡ ᠣᠷᠣᠭᠤᠯᠤᠯᠲᠠ᠂ ᠲᠤᠰᠬᠠᠶ ᠲᠥᠷᠥᠯ ᠤᠨ ᠪᠦᠳᠦᠭᠡᠨ ᠪᠠᠶᠢᠭᠤᠯᠤᠯᠲᠠ ᠶᠢᠨ ᠰᠠᠭᠤᠷᠢ ᠮᠥᠩᠭᠦ ᠶᠢᠨ ᠳᠠᠭᠠᠭᠤᠯᠤᠨ ᠵᠢᠯᠣᠭᠤᠳᠴᠤ ᠳᠠᠶᠢᠴᠢᠯᠠᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠣᠷᠣᠨ ᠨᠤᠲᠤᠭ ᠤᠨ ᠵᠠᠰᠠᠭ ᠤᠨ ᠣᠷᠳᠣᠨ ᠤ ᠲᠤᠰᠬᠠᠶ ᠲᠥᠷᠥᠯ ᠤᠨ ᠵᠢᠭᠡᠯᠡᠯᠭᠡ ᠶᠢᠨ ᠲᠡᠮᠳᠡᠭᠲᠦ ᠶᠢ ᠰᠠᠶᠢᠲᠤᠷ ᠬᠡᠷᠡᠭᠯᠡᠨ᠎ᠡ᠃ ᠪᠠᠯᠠ ᠣᠷᠣᠭᠤᠯᠤᠯᠲᠠ ᠪᠠᠯᠠ ᠲᠣᠬᠢᠷᠠᠭᠤᠯᠭ᠎ᠠ ᠶᠢᠨ ᠲᠣᠭᠲᠠᠴᠠ ᠶᠢ ᠰᠢᠨᠡᠳᠬᠡᠨ᠂ ᠨᠡᠶᠢᠭᠡᠮ ᠤᠨ ᠬᠥᠷᠥᠩᠭᠡ ᠶᠢ ᠳᠠᠭᠠᠭᠤᠯᠬᠤ ᠶᠢ ᠢᠳᠡᠪᠬᠢᠲᠡᠶ ᠪᠠᠷ ᠠᠬᠢᠭᠤᠯᠵᠤ᠂ ᠵᠠᠩᠭᠢᠯᠠᠭ᠎ᠠ ᠶᠢᠨ ᠬᠦᠷᠢᠶ᠎ᠡ ᠪᠠ ᠪᠠᠭᠤᠷᠠᠶ ᠭᠤᠭᠴᠤᠭ᠎ᠠ ᠶᠢ ᠪᠠᠲᠤ ᠠᠳᠬᠤᠨ᠂ ᠳᠤᠲᠠᠭᠤᠳᠠᠯ ᠢ ᠬᠦᠴᠦᠯᠡᠨ ᠨᠥᠬᠦᠪᠥᠷᠢᠯᠡᠵᠦ᠂ ᠪᠦᠲᠦᠮᠵᠢᠲᠡᠶ ᠪᠠᠯᠠ ᠣᠷᠣᠭᠤᠯᠤᠯᠲᠠ ᠶᠢ ᠥᠷᠭᠡᠳᠬᠡᠨ᠎ᠡ᠃ ᠲᠠᠪᠤ ᠳᠤ  ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠤᠨ ᠵᠣᠬᠢᠶᠠᠨ᠎ᠠ᠃ ᠪᠠᠶᠢᠳᠠᠯ ᠢ ᠰᠤᠳᠤᠯᠤᠨ ᠮᠠᠭᠠᠳᠯᠠᠵᠤ ᠂ ᠲᠥᠷᠥ ᠶᠢᠨ ᠪᠣᠳᠣᠯᠭ᠎ᠠ ᠶᠢ ᠵᠣᠯᠭᠠᠭᠤᠯᠤᠨ᠂ ᠶᠡᠷᠦᠩᠬᠡᠶ ᠲᠥᠯᠥᠪᠵᠢᠭᠦᠯᠭᠡ ᠵᠢᠴᠢ ᠡᠯ᠎ᠡ ᠲᠤᠰᠬᠠᠶ ᠲᠥᠯᠥᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠰᠠᠶᠢᠲᠤᠷ ᠨᠠᠶᠢᠷᠠᠭᠤᠯᠤᠨ ᠵᠣᠬᠢᠶᠠᠵᠤ᠂ ᠰᠤᠳᠤᠯᠤᠯ ᠢ ᠴᠢᠩᠭᠠᠳᠬᠠᠨ᠂ ᠰᠢᠰᠲ᠋ᠧᠮ ᠲᠠᠢ ᠲᠥᠯᠥᠪᠯᠡᠵᠦ᠂ ᠰᠢᠨᠵᠢᠯᠡᠬᠦ ᠤᠬᠠᠭᠠᠨᠴᠢ ᠪᠠᠷ ᠨᠤᠲᠠᠯᠠᠯᠲᠠ ᠬᠢᠵᠦ᠂ ᠲᠥᠯᠥᠪᠵᠢᠭᠦᠯᠭᠡ ᠶᠢ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠲᠠᠢ ᠨᠡᠶᠢᠴᠡᠭᠦᠯᠵᠦ᠂ ᠠᠷᠤ ᠬᠤᠷᠴᠢᠨ ᠬᠤᠰᠢᠭᠤᠨ ᠤ ᠪᠣᠳᠠᠲᠤ ᠪᠠᠶᠢᠳᠠᠯ ᠲᠠᠢ ᠨᠡᠶᠢᠴᠡᠭᠦᠯᠬᠦ ᠶᠢ ᠦᠨᠡᠨ ᠬᠦ ᠪᠠᠲᠤᠯᠠᠵᠤ᠂ ᠡᠯ᠎ᠡ ᠵᠦᠢᠯ ᠤᠨ ᠭᠦᠢᠴᠡᠳᠬᠡᠯ ᠲᠤᠭ᠎ᠠ ᠶᠢᠨ ᠲᠣᠬᠢᠷᠠᠭᠤᠯᠤᠯᠲᠠ ᠶᠢ ᠢᠳᠡᠪᠬᠢᠲᠡᠶ ᠪᠠᠷ ᠤᠷᠤᠭᠰᠢ ᠳᠠᠪᠰᠢᠭᠤᠯᠤᠨ᠂ ᠦᠨᠡᠨ ᠠᠴᠠ ᠵᠥᠪ ᠢ ᠡᠷᠢᠨ᠂ ᠦᠨᠡᠨ ᠬᠦ ᠶᠠᠪᠤᠭᠳᠠᠭᠤᠰᠢᠲᠠᠶ ᠪᠠᠶᠢᠯᠭᠠᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠴᠢᠨᠠᠷ ᠰᠠᠶᠢᠲᠠᠶ ᠪᠦᠭᠡᠳ ᠥᠨᠳᠥᠷ ᠬᠢᠷᠢ ᠲᠦᠪᠰᠢᠨ ᠢᠶᠠᠷ ᠨᠠᠶᠢᠷᠠᠭᠤᠯᠤᠨ ᠵᠣᠬᠢᠶᠠᠨ᠎ᠠ᠃      ︵ᠳᠥᠷᠪᠡ︶ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠪᠠᠷ ᠳᠠᠭᠠᠭᠤᠯᠤᠨ ᠵᠢᠯᠣᠭᠤᠳᠴᠤ᠂ ᠬᠤᠲᠠ ᠬᠥᠳᠡᠭᠡ ᠶᠢᠨ ᠰᠠᠭᠤᠷᠢ ᠲᠥᠬᠦᠭᠡᠷᠦᠮᠵᠢ ᠶᠢᠨ ᠡᠳᠦᠷ ᠢᠷᠡᠬᠦᠶ᠎ᠡ ᠲᠡᠭᠦᠯᠳᠡᠷᠵᠢᠬᠦ ᠶᠢ ᠠᠬᠢᠭᠤᠯᠤᠨ᠎ᠠ      ᠨᠢᠭᠡ ᠳᠤ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠬᠤ ᠣᠷᠴᠢᠨ ᠨᠥᠬᠦᠴᠡᠯ ᠢ ᠦᠷᠭᠦᠯᠵᠢᠯᠡᠨ ᠰᠠᠶᠢᠵᠢᠷᠠᠭᠤᠯᠤᠨ᠎ᠠ᠃ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠠᠮᠢᠳᠤᠷᠠᠬᠤ ᠣᠷᠴᠢᠨ ᠲᠣᠭᠤᠷᠢᠨ ᠤ ᠭᠤᠷᠪᠠᠨ ᠵᠢᠯ ᠤᠨ ᠴᠡᠭᠴᠡᠯᠡᠨ ᠵᠠᠰᠠᠬᠤ ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠬᠤᠭ ᠨᠣᠪᠰᠢ ᠶᠢ ᠴᠤᠭᠯᠠᠭᠤᠯᠤᠨ ᠰᠢᠢᠳᠪᠦᠷᠢᠯᠡᠬᠦ᠂ ᠪᠣᠬᠢᠷ ᠤᠰᠤ ᠶᠢ ᠰᠢᠢᠳᠪᠦᠷᠢᠯᠡᠬᠦ ᠰᠠᠭᠤᠷᠢ ᠲᠥᠬᠦᠭᠡᠷᠦᠮᠵᠢ ᠶᠢᠨ ᠪᠠᠶᠢᠭᠤᠯᠤᠯᠲᠠ ᠶᠢ ᠴᠢᠩᠭᠠᠳᠬᠠᠨ᠎ᠠ︔ ᠮᠠᠯ ᠵᠢᠭᠦᠷᠲᠡᠨ ᠤ ᠢᠯᠭᠠᠳᠠᠰᠤᠨ ᠤ ᠪᠣᠬᠢᠷᠲᠤᠯ ᠢ ᠡᠬᠢ ᠪᠠᠶᠠᠯᠢᠭᠵᠢᠭᠤᠯᠤᠨ ᠠᠰᠢᠭᠯᠠᠬᠤ᠂ ᠲᠠᠷᠢᠮᠠᠯ ᠤᠨ ᠡᠰᠢ ᠰᠦᠷᠡᠯ ᠢ ᠶᠡᠷᠦᠩᠬᠡᠶᠢᠯᠡᠨ ᠠᠰᠢᠭᠯᠠᠬᠤ᠂ ᠲᠠᠷᠢᠶᠠᠯᠠᠩ ᠤᠨ ᠰᠦᠯᠢᠶᠣᠣ ᠪᠦᠷᠬᠦᠪᠴᠢ ᠶᠢ ᠡᠭᠡᠭᠦᠯᠦᠨ ᠬᠤᠷᠢᠶᠠᠵᠤ ᠠᠰᠢᠭᠯᠠᠬᠤ ᠪᠠ ᠮᠠᠯᠵᠢᠬᠤ ᠲᠠᠷᠢᠶᠠᠯᠠᠬᠤ ᠣᠷᠣᠨ ᠤ ᠴᠡᠪᠡᠷ ᠡᠨᠧᠷᠭᠢ ᠶᠢ ᠨᠡᠭᠡᠭᠡᠨ ᠠᠰᠢᠭᠯᠠᠬᠤ ᠶᠢ ᠠᠬᠢᠭᠤᠯᠤᠨ᠎ᠠ︔ ︽ᠵᠣᠷᠯᠣᠩ ᠤᠨ ᠥᠭᠡᠷᠡᠴᠢᠯᠡᠯᠲᠡ︾᠂ ᠠᠶᠢᠯ ᠲᠣᠰᠬᠤᠨ ᠤ ᠨᠣᠭᠤᠭᠠᠷᠠᠭᠤᠯᠤᠯᠲᠠ ᠪᠠᠷ ᠭᠤᠤᠯᠳᠠᠯᠭ᠎ᠠ ᠪᠣᠯᠭᠠᠵᠤ᠂ ᠭᠠᠴᠠᠭ᠎ᠠ ᠲᠣᠰᠬᠤᠨ ᠤ ᠳᠦᠷᠰᠦ ᠪᠠᠶᠢᠳᠠᠯ ᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠠᠶᠢᠯ ᠲᠣᠰᠬᠤᠨ ᠤ ᠣᠯᠠᠨ ᠨᠡᠶᠢᠲᠡ ᠶᠢᠨ ᠣᠷᠴᠢᠨ ᠲᠣᠭᠤᠷᠢᠨ ᠢ ᠰᠠᠶᠢᠵᠢᠷᠠᠭᠤᠯᠤᠨ᠎ᠠ᠃ ᠬᠤᠶᠠᠷ ᠲᠤ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠲᠡᠭᠦᠯᠳᠡᠷᠵᠢᠭᠦᠯᠦᠨ᠎ᠡ᠃ ᠵᠠᠮ ᠬᠠᠷᠢᠯᠴᠠᠭᠠᠨ ᠤ ᠲᠠᠯ᠎ᠠ ᠪᠠᠷ᠂ ᠪᠣᠷᠣᠬᠤᠲᠠ ᠠᠴᠠ ᠴᠢᠪᠠᠭ᠎ᠠ ᠬᠥᠷᠬᠦ ᠣᠷᠣᠨ ᠨᠤᠲᠤᠭ ᠤᠨ ᠳᠡᠭᠡᠳᠦ ᠬᠤᠷᠳᠤ ᠶᠢᠨ ᠵᠠᠰᠠᠮᠠᠯ ᠵᠠᠮ᠂ ᠮᠤᠵᠢ ᠬᠤᠭᠤᠷᠣᠨᠳᠣᠬᠢ ᠨᠡᠪᠲᠡᠷᠡᠬᠦ ᠵᠠᠮ ᠢ ᠳᠡᠭᠡᠳᠦ ᠬᠤᠷᠳᠤ ᠶᠢᠨ ᠵᠠᠰᠠᠮᠠᠯ ᠵᠠᠮ ᠪᠣᠯᠭᠠᠨ ᠥᠭᠡᠷᠡᠴᠢᠯᠡᠬᠦ᠂ ᠮᠤᠵᠢ ᠶᠢᠨ ᠵᠠᠮ ᠤᠨ 210 ᠱᠤᠭᠤᠮ ᠤᠨ ᠪᠠᠯᠴᠢᠷᠣᠳ ᠠᠴᠠ ᠭᠤᠷᠣᠬᠠᠨ ᠬᠥᠷᠬᠦ ᠬᠡᠰᠡᠭ ᠤᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢ ᠲᠣᠪᠤᠶᠢᠮ᠎ᠠ ᠠᠳᠬᠤᠵᠤ᠂ ᠣᠣ ᠶᠠ ᠪᠦᠯᠦᠭᠯᠡᠯ ᠤᠨ ᠨᠠᠢᠮᠠᠳᠤᠭᠠᠷ ᠮᠠᠯᠵᠢᠯ ᠤᠨ ᠲᠠᠯᠠᠪᠠᠢ ᠶᠢ ᠵᠠᠯᠭᠠᠬᠤ ᠵᠠᠮ ᠤᠨ ᠪᠥᠲᠥᠭᠡᠨ ᠪᠠᠶᠢᠭᠤᠯᠤᠯᠲᠠ ᠶᠢ ᠰᠠᠶᠢᠲᠤᠷ ᠠᠳᠬᠤᠨ᠎ᠠ᠃ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ᠂ ᠴᠢᠪᠠᠭ᠎ᠠ ᠵᠡᠭᠡᠯᠢ᠂ ᠵᠡᠭᠦᠨ ᠭᠠᠷᠬᠤ ᠵᠠᠮ᠂ ᠲᠥᠯᠥᠪᠵᠢᠭᠦᠯᠭᠡ ᠶᠢᠨ ᠠᠷᠪᠠᠳᠤᠭᠠᠷ ᠵᠠᠮ᠂ ᠴᠢᠪᠠᠭ᠎ᠠ ᠵᠠᠮ ᠢ ᠤᠮᠠᠷᠠᠰᠢ ᠥᠷᠭᠡᠳᠬᠡᠬᠦ ᠵᠡᠷᠭᠡ 7 ᠵᠠᠮ ᠤᠨ ᠢᠨᠵᠧᠨᠧᠷᠢᠩ ᠢ ᠪᠡᠶᠡᠯᠡᠭᠦᠯᠦᠨ᠂ ᠲᠣᠭᠲᠠᠭᠰᠠᠨ ᠬᠤᠭᠤᠴᠠᠭᠠᠨ ᠳᠤ ᠪᠠᠶᠢᠭᠤᠯᠵᠤ ᠳᠠᠭᠤᠰᠬᠠᠭᠠᠳ ᠲᠡᠷᠭᠡ ᠨᠡᠪᠲᠡᠷᠡᠬᠦ ᠶᠢ ᠪᠠᠲᠤᠯᠠᠨ᠎ᠠ᠃ ᠬᠠᠨ ᠯᠢᠨ ᠵᠡᠭᠡᠯᠢ ᠠᠴᠠ ᠲᠢᠶᠠᠨ ᠶᠤᠸᠠᠨ ᠶᠡᠭᠡ ᠵᠡᠭᠡᠯᠢ ᠶᠢ ᠵᠠᠯᠭᠠᠬᠤ ᠵᠠᠮ ᠪᠣᠯᠤᠨ ᠬᠠᠨ ᠯᠢᠨ ᠵᠡᠭᠦᠨ ᠵᠡᠭᠡᠯᠢ᠂ ᠪᠠᠷᠠᠭᠤᠨ ᠵᠠᠬ᠎ᠠ ᠳᠡᠯᠭᠡᠭᠦᠷ ᠶᠢᠨ ᠵᠠᠮ ᠢ ᠥᠭᠡᠷᠡᠴᠢᠯᠡᠨ ᠳᠡᠭᠡᠭᠰᠢᠯᠡᠭᠦᠯᠬᠦ ᠲᠥᠷᠥᠯ ᠵᠦᠢᠯ ᠢ ᠡᠬᠢᠯᠡᠭᠦᠯᠦᠨ᠎ᠡ᠃ ᠬᠤᠲᠠ ᠶᠢᠨ ᠲᠣᠭᠤᠷᠢᠭ ᠤᠨ ᠤᠰᠤ ᠬᠠᠩᠭᠠᠬᠤ ᠬᠤᠭᠤᠯᠠᠶ ᠶᠢᠨ ᠲᠣᠤᠷ ᠢ ᠳᠡᠭᠡᠭᠰᠢᠯᠡᠭᠦᠯᠬᠦ᠂ ᠬᠤᠲᠠ ᠶᠢᠨ ︽ᠬᠤᠤᠰ ᠵᠠᠰᠠᠯᠲᠠ︾᠂ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢ ᠥᠷᠭᠡᠳᠬᠡᠨ ᠪᠠᠶᠢᠭᠤᠯᠬᠤ ᠵᠡᠷᠭᠡ ᠲᠥᠷᠥᠯ ᠵᠦᠢᠯ ᠢ ᠲᠥᠷᠭᠡᠳᠬᠡᠨ ᠠᠬᠢᠭᠤᠯᠵᠤ᠂ ᠬᠤᠲᠠ ᠶᠢᠨ ᠴᠢᠳᠠᠮᠵᠢ ᠶᠢ ᠲᠠᠰᠤᠷᠠᠯᠲᠠ ᠥᠬᠡᠶ ᠲᠡᠭᠦᠯᠳᠡᠷᠵᠢᠭᠦᠯᠦᠨ᠎ᠡ᠃ ᠴᠠᠬᠢᠯᠭᠠᠨ ᠬᠦᠴᠦᠨ ᠤ ᠲᠠᠯ᠎ᠠ ᠪᠠᠷ᠂ 10 ᠺᠢᠯᠣᠸᠠᠲ ᠵᠢᠴᠢ ᠲᠡᠭᠦᠨ ᠠᠴᠠ ᠳᠣᠷᠣᠭᠰᠢᠬᠢ ᠲᠠᠷᠢᠶᠠᠯᠠᠩ ᠴᠠᠬᠢᠯᠭᠠᠨ ᠤ ᠲᠣᠣᠷ ᠢ 84 ᠺᠢᠯᠣᠮᠧᠲᠷ ᠥᠭᠡᠷᠡᠴᠢᠯᠡᠨ ᠪᠠᠶᠢᠭᠤᠯᠤᠨ᠎ᠠ᠃ ᠤᠰᠤᠨ ᠠᠰᠢᠭᠯᠠᠯᠲᠠ ᠶᠢᠨ ᠲᠠᠯ᠎ᠠ ᠪᠠᠷ᠂ ᠤᠰᠤᠨ ᠤ ᠭᠠᠮᠰᠢᠭ ᠢ ᠰᠡᠷᠭᠡᠶᠢᠯᠡᠨ ᠵᠠᠰᠠᠬᠤ᠂ ᠤᠰᠤᠨ ᠤ ᠡᠬᠢ ᠪᠠᠶᠠᠯᠢᠭ ᠢ ᠠᠷᠪᠢᠯᠠᠬᠤ᠂ ᠤᠰᠤᠨ ᠤ ᠠᠮᠢ ᠠᠬᠤᠶ ᠶᠢ ᠬᠠᠮᠠᠭᠠᠯᠠᠬᠤ᠂ ᠤᠰᠤᠨ ᠤ ᠣᠷᠴᠢᠨ ᠠᠬᠤᠶ ᠶᠢ ᠵᠠᠰᠠᠬᠤ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠬᠢᠨ᠎ᠡ᠃ ᠲᠠᠪᠤᠨᠲᠣᠯᠣᠭᠠᠢ᠂ ᠰᠢᠨ ᠺᠠᠶ ᠾᠧ ᠶᠢᠨ ᠦᠶᠡᠷ ᠢ ᠰᠡᠷᠭᠡᠶᠢᠯᠡᠨ ᠵᠠᠰᠠᠬᠤ ᠰᠠᠭᠤᠷᠢᠨ ᠭᠠᠵᠠᠷ ᠤᠨ ᠤᠰᠤ ᠬᠠᠩᠭᠠᠬᠤ ᠢᠨᠵᠧᠨᠧᠷᠢᠩ ᠢ ᠪᠡᠶᠡᠯᠡᠭᠦᠯᠵᠦ᠂ ᠬᠠᠷᠠᠴᠢᠯᠠᠭᠤ ᠤᠰᠤᠨ ᠴᠥᠭᠦᠷᠥᠮ ᠠᠴᠠ ᠡᠪᠡᠰᠦᠨ ᠤ ᠦᠢᠯᠡᠰ ᠤᠨ ᠰᠠᠭᠤᠷᠢᠨ ᠭᠠᠵᠠᠷ ᠬᠦᠷᠬᠦ ᠤᠰᠤ ᠬᠠᠩᠭᠠᠬᠤ ᠢᠨᠵᠧᠨᠧᠷᠢᠩ ᠢ ᠡᠬᠢᠯᠡᠭᠦᠯᠦᠨ᠂ ᠰᠢᠮᠡᠯᠢᠭ ᠡᠪᠡᠰᠦᠨ ᠤ ᠠᠵᠤ ᠦᠢᠯᠡᠰ ᠤᠨ ᠬᠥᠭᠵᠢᠯᠲᠡ ᠳᠤ ᠬᠦᠴᠦᠨ ᠨᠡᠮᠡᠷᠢᠯᠡᠨ᠎ᠡ᠃ ᠭᠤᠷᠪᠠ ᠳᠤ ᠬᠤᠲᠠ ᠬᠥᠳᠡᠭᠡ ᠶᠢᠨ ᠠᠭᠤᠰᠤᠯᠴᠠᠨ ᠬᠥᠭᠵᠢᠬᠦ ᠶᠢ ᠲᠠᠰᠤᠷᠠᠯᠲᠠ ᠦᠭᠡᠢ ᠠᠬᠢᠭᠤᠯᠤᠨ᠎ᠠ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠲᠥᠯᠥᠪᠵᠢᠭᠦᠯᠭᠡ ᠶᠢᠨ ᠡᠯ᠎ᠡ ᠵᠦᠢᠯ ᠤᠨ ᠡᠭᠦᠷᠭᠡ ᠶᠢ ᠨᠠᠶᠢᠳᠠᠪᠤᠷᠢᠵᠢᠭᠤᠯᠬᠤ ᠶᠢ ᠢᠳᠡᠪᠬᠢᠲᠡᠶ ᠠᠬᠢᠭᠤᠯᠵᠤ᠂ ᠬᠤᠲᠠ ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ ᠪᠠᠶᠢᠭᠤᠯᠤᠮᠵᠢ ᠲᠣᠭᠲᠠᠴᠠ ᠪᠠ ᠲᠥᠷᠥ ᠶᠢᠨ ᠪᠣᠳᠣᠯᠭ᠎ᠠ ᠶᠢᠨ ᠰᠢᠰᠲ᠋ᠧᠮ ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠠᠷᠠᠳ ᠤᠨ ᠠᠮᠢᠳᠤᠷᠠᠯ ᠤᠨ ᠳᠤᠲᠠᠭᠤᠳᠠᠯ ᠢ ᠲᠦᠷᠭᠡᠳᠬᠡᠨ ᠨᠥᠬᠦᠪᠦᠷᠢᠯᠡᠵᠦ᠂ ᠣᠨᠴᠠᠯᠢᠭᠲᠤ ᠵᠢᠵᠢᠭ ᠪᠠᠯᠭᠠᠰᠤ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ 12 ᠵᠢᠱᠢᠶ᠎ᠡ ᠦᠵᠡᠭᠦᠯᠬᠦ ᠭᠠᠴᠠᠭ᠎ᠠ ᠲᠣᠰᠬᠤᠨ ᠤ ᠪᠥᠲᠥᠭᠡᠨ ᠪᠠᠶᠢᠭᠤᠯᠤᠯᠲᠠ ᠶᠢ ᠠᠬᠢᠭᠤᠯᠤᠨ᠎ᠠ᠃ ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠵᠤ᠂ ᠬᠤᠲᠠ ᠬᠥᠳᠡᠭᠡ ᠶᠢᠨ ᠠᠭᠤᠰᠤᠯᠴᠠᠨ ᠬᠥᠭᠵᠢᠬᠦ ᠳᠤ ᠵᠣᠬᠢᠴᠠᠭᠰᠠᠨ ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰ ᠤᠨ ᠰᠢᠰᠲ᠋ᠧᠮ᠂ ᠦᠢᠯᠡᠳᠪᠦᠷᠢᠯᠡᠯ ᠤᠨ ᠰᠢᠰᠲ᠋ᠧᠮ᠂ ᠡᠵᠡᠩᠨᠡᠯᠲᠡ ᠶᠢᠨ ᠰᠢᠰᠲ᠋ᠧᠮ ᠢ ᠪᠠᠶᠢᠭᠤᠯᠤᠨ᠂ ᠬᠤᠲᠠ ᠬᠥᠳᠡᠭᠡ ᠶᠢᠨ ᠠᠵᠤ ᠠᠬᠤᠶ ᠶᠢᠨ ᠠᠭᠤᠰᠤᠯᠴᠠᠯ ᠢ ᠳᠡᠭᠡᠭᠰᠢᠯᠡᠭᠦᠯᠦᠨ᠎ᠡ᠃ ᠶᠡᠭᠡ ᠰᠤᠷᠭᠠᠭᠤᠯᠢ ᠳᠤᠮᠳᠠ ᠵᠡᠷᠭᠡ ᠶᠢᠨ ᠲᠤᠰᠬᠠᠶ ᠮᠡᠷᠭᠡᠵᠢᠯ ᠤᠨ ᠰᠤᠷᠭᠠᠭᠤᠯᠢ ᠲᠡᠭᠦᠰᠦᠭᠰᠡᠳ ᠂ ᠨᠤᠲᠤᠭ ᠲᠤ ᠪᠠᠨ ᠪᠤᠴᠠᠨ ᠬᠤᠷᠰᠢᠶ᠎ᠠ ᠪᠠ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠢ ᠡᠷᠬᠢᠯᠡᠬᠦ ᠶᠢ ᠳᠠᠭᠠᠭᠤᠯᠤᠨ ᠵᠢᠯᠣᠭᠤᠳᠴᠤ ᠵᠣᠷᠢᠭᠵᠢᠭᠤᠯᠤᠨ᠂ ᠬᠤᠲᠠ ᠬᠥᠳᠡᠭᠡ ᠶᠢᠨ ᠠᠭᠤᠰᠤᠯᠴᠠᠨ ᠬᠥᠭᠵᠢᠬᠦ ᠳᠤ ᠬᠦᠴᠦᠷᠬᠡᠭ ᠶᠡᠭᠡ ᠠᠮᠢᠵᠢᠷᠠᠯ ᠤᠨ ᠬᠦᠴᠦᠨ ᠢ ᠨᠡᠮᠡᠷᠢᠯᠡᠨ᠎ᠡ᠃      ︵ᠲᠠᠪᠤ︶ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠤ ᠪᠠᠶᠢᠭᠤᠯᠤᠯᠲᠠ ᠶᠢ ᠰᠢᠯᠢᠳᠡᠭᠵᠢᠭᠦᠯᠬᠦ ᠪᠠᠷ ᠲᠦᠰᠢᠭ ᠪᠣᠯᠭᠠᠵᠤ᠂ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠥᠭᠡᠷᠡᠴᠢᠯᠡᠯᠲᠡ ᠶᠢ ᠪᠣᠳᠠᠲᠠᠶ ᠳᠤ  ᠨᠠᠶᠢᠳᠠᠪᠤᠷᠢᠵᠢᠭᠤᠯᠬᠤ ᠶᠢ ᠠᠬᠢᠭᠤᠯᠤᠨ᠎ᠠ      ᠨᠢᠭᠡ ᠳᠤ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠦᠨ᠎ᠡ᠃ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠤᠨ᠂ ᠵᠠᠬ᠎ᠠ ᠳᠡᠯᠭᠡᠭᠦᠷ ᠤᠨ ᠭᠤᠣᠯ ᠴᠣᠭᠴᠠ ᠬᠠᠨᠤᠮᠵᠢᠲᠠᠶ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠢᠰᠲ᠋ᠧᠮ ᠢ ᠴᠣᠭᠴᠠᠯᠠᠨ ᠪᠠᠶᠢᠭᠤᠯᠤᠨ᠎ᠠ᠃ ᠴᠠᠬᠢᠮ ᠡᠵᠡᠩᠨᠡᠯᠲᠡ ᠶᠢᠨ ᠪᠠᠲᠤᠯᠠᠪᠤᠷᠢ ᠶᠢ ᠪᠥᠬᠦ ᠲᠠᠯ᠎ᠠ ᠪᠠᠷ ᠠᠬᠢᠭᠤᠯᠵᠤ᠂ ᠨᠢᠭᠡ ᠴᠣᠭᠴᠠᠵᠢᠭᠤᠯᠤᠭᠰᠠᠨ ᠦᠢᠯᠡᠴᠢᠯᠡᠭᠡᠨ ᠤ ᠲᠠᠪᠴᠠᠩ ᠤᠨ ᠪᠠᠶᠢᠭᠤᠯᠤᠯᠲᠠ ᠶᠢ ᠪᠡᠶᠡᠯᠡᠭᠦᠯᠵᠦ᠂ 80% ᠶᠢᠨ ᠬᠤᠪᠢ ᠬᠥᠮᠦᠨ ᠤ ᠦᠢᠯᠡᠴᠢᠯᠡᠭᠡᠨ ᠤ ᠵᠦᠢᠯᠡᠰ ᠢ ᠰᠦᠯᠵᠢᠶᠡᠨ ᠳᠡᠭᠡᠷ᠎ᠡ ᠨᠡᠶᠢᠳᠡᠮ ᠭᠦᠢᠴᠡᠳᠬᠡᠬᠦ ᠶᠢ ᠪᠡᠶᠡᠯᠡᠭᠦᠯᠦᠨ᠎ᠡ︔ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ ᠦᠷ᠎ᠡ ᠪᠦᠲᠦᠮᠵᠢ ᠶᠢ ᠪᠠᠬᠢᠵᠢᠭᠦᠯᠦᠨ ᠥᠷᠭᠡᠳᠬᠡᠵᠦ᠂ ᠠᠵᠤ ᠠᠬᠤᠶᠢᠯᠠᠯ ᠤᠨ ᠴᠠᠬᠢᠯᠭᠠᠨ ᠬᠡᠷᠡᠭᠯᠡᠬᠦ᠂ ᠰᠢᠲᠠᠮᠠᠬᠠᠢ ᠬᠡᠢ ᠬᠡᠷᠡᠭᠯᠡᠬᠦ᠂ ᠪᠠᠷᠠᠭᠠᠨ ᠤ ᠭᠦᠢᠯᠭᠡᠭᠡ ᠵᠡᠷᠭᠡ ᠥᠪᠡᠷ ᠤᠨ ᠦᠷᠳᠡᠭ ᠢ ᠨᠢ ᠪᠠᠭᠤᠷᠠᠭᠤᠯᠤᠨ᠂ ︽ᠬᠦᠰᠢᠮᠡᠯ ᠠᠵᠤ ᠠᠬᠤᠶᠢᠯᠠᠯ︾ ᠢ ᠰᠢᠢᠳᠪᠦᠷᠢᠯᠡᠬᠦ ᠠᠵᠢᠯ ᠢ ᠡᠮᠬᠢ ᠵᠢᠷᠤᠮ ᠲᠠᠢ ᠪᠠᠷ ᠠᠬᠢᠭᠤᠯᠵᠤ᠂ ᠠᠵᠤ ᠠᠬᠤᠶᠢᠯᠠᠯ ᠳᠤ ᠬᠤᠯᠪᠣᠭᠳᠠᠭᠰᠠᠨ ᠰᠦᠢᠳᠬᠡᠯ ᠬᠤᠷᠢᠶᠠᠯᠲᠠ ᠶᠢ ᠴᠢᠨᠠᠭᠰᠢᠳᠠ ᠲᠣᠲᠣᠷᠠᠭᠤᠯᠤᠨ᠎ᠠ᠃ ᠬᠤᠶᠠᠷ ᠲᠤ ᠭᠤᠤᠯᠳᠠᠯᠭ᠎ᠠ ᠲᠠᠢ ᠬᠦᠷᠢᠶᠡᠨ ᠳᠠᠬᠢ ᠥᠭᠡᠷᠡᠴᠢᠯᠡᠯᠲᠡ ᠶᠢᠨ ᠡᠭᠦᠷᠭᠡ ᠶᠢ ᠯᠠᠪᠳᠠᠭᠤᠨ ᠪᠠᠲᠤᠲᠠᠶ ᠠᠬᠢᠭᠤᠯᠤᠨ᠎ᠠ᠃ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢ ᠴᠠᠭ ᠲᠤᠬᠠᠶ ᠳᠤᠨᠢ ᠪᠡᠶᠡᠯᠡᠭᠦᠯᠵᠦ᠂ ᠤᠯᠤᠰ ᠤᠨ ᠥᠮᠴᠢᠯᠡᠯ ᠤᠨ ᠡᠳ᠋ ᠬᠦᠷᠦᠩᠭᠡ ᠶᠢᠨ ᠦᠷᠳᠡᠭ ᠢ ᠪᠠᠲᠤᠯᠠᠵᠤ ᠦᠷᠳᠡᠭ ᠤᠨ ᠨᠡᠮᠡᠭᠳᠡᠯ ᠢ ᠠᠬᠢᠭᠤᠯᠤᠨ᠎ᠠ᠃ ᠦᠨ᠎ᠡ ᠬᠠᠩᠰᠢ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠠᠬᠢᠭᠤᠯᠵᠤ᠂ ᠢᠯᠴᠢ ᠬᠠᠩᠭᠠᠬᠤ᠂ ᠰᠤᠷᠭᠠᠨ ᠬᠥᠮᠥᠵᠢᠯ ᠵᠡᠷᠭᠡ ᠭᠤᠤᠯᠳᠠᠯᠭ᠎ᠠ ᠲᠠᠢ ᠬᠦᠷᠢᠶᠡᠨ ᠤ ᠨᠡᠶᠢᠲᠡ ᠶᠢᠨ ᠬᠡᠷᠡᠭᠯᠡᠭᠡᠨ ᠤ ᠦᠢᠯᠡᠰ᠂ ᠨᠡᠶᠢᠲᠡ ᠶᠢᠨ ᠠᠰᠠᠷᠠᠮᠵᠢ ᠶᠢᠨ ᠦᠢᠯᠡᠴᠢᠯᠡᠭᠡᠨ ᠤ ᠦᠨ᠎ᠡ ᠬᠠᠩᠰᠢ ᠶᠢᠨ ᠥᠭᠡᠷᠡᠴᠢᠯᠡᠯᠲᠡ ᠶᠢ ᠲᠦᠷᠭᠡᠳᠬᠡᠨ ᠠᠬᠢᠭᠤᠯᠵᠤ᠂ ᠰᠠᠭᠤᠭᠠᠯᠢ ᠠᠷᠠᠳ ᠤᠨ ᠪᠤᠰᠤ ᠬᠡᠷᠡᠭᠯᠡᠬᠦ ᠤᠰᠤᠨ ᠤ ᠲᠤᠭ᠎ᠠ ᠨᠤᠷᠮ᠎ᠠ ᠠᠴᠠ ᠳᠠᠪᠠᠭᠰᠠᠨ ᠢ ᠨᠢ ᠠᠬᠢᠭᠤᠯᠤᠨ ᠪᠤᠳᠤᠵᠤ ᠦᠨ᠎ᠡ ᠨᠡᠮᠡᠬᠦ ᠲᠦᠷᠢᠮ ᠢ ᠪᠦᠬᠦ ᠲᠠᠯ᠎ᠠ ᠪᠠᠷ ᠬᠡᠷᠡᠭᠵᠢᠭᠦᠯᠦᠨ᠎ᠡ᠃ ᠠᠵᠢᠯ ᠲᠦᠷᠦᠯ ᠤᠨ ᠨᠡᠶᠢᠭᠡᠮᠯᠢᠭ ᠬᠤᠳᠠᠯᠳᠤᠭᠠᠴᠢᠳ ᠤᠨ ᠡᠪᠯᠡᠯ ᠢ ᠵᠠᠰᠠᠭ ᠵᠠᠬᠢᠷᠭᠠᠨ ᠤ ᠪᠠᠶᠢᠭᠤᠯᠭ᠎ᠠ ᠠᠴᠠ ᠰᠠᠯᠭᠠᠬᠤ ᠥᠭᠡᠷᠡᠴᠢᠯᠡᠯᠲᠡ ᠶᠢ ᠪᠦᠬᠦ ᠲᠠᠯ᠎ᠠ ᠪᠠᠷ ᠲᠦᠯᠬᠢᠨ ᠠᠬᠢᠭᠤᠯᠤᠨ᠎ᠠ᠃      ︵ᠵᠢᠷᠭᠤᠭ᠎ᠠ︶ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯ ᠤᠨ ᠰᠢᠰᠲ᠋ᠧᠮ ᠢ ᠲᠡᠭᠦᠯᠳᠡᠷᠵᠢᠭᠦᠯᠬᠦ ᠪᠠᠷ ᠦᠨᠳᠦᠰᠦ ᠪᠣᠯᠭᠠᠵᠤ᠂ ᠠᠷᠢᠭᠤᠨ ᠲᠠᠭᠰᠢᠨ᠂ ᠪᠣᠬᠢᠷᠲᠤᠯ ᠥᠬᠡᠶ᠂ ᠦᠵᠡᠰᠬᠦᠯᠡᠩᠲᠦ ᠰᠠᠶᠢᠬᠠᠨ ᠠᠷᠤ ᠬᠤᠷᠴᠢᠨ ᠬᠤᠰᠢᠭᠤᠨ ᠤ ᠪᠥᠲᠥᠭᠡᠨ ᠪᠠᠶᠢᠭᠤᠯᠤᠯᠲᠠ ᠶᠢ ᠠᠬᠢᠭᠤᠯᠤᠨ᠎ᠠ      ︽ᠠᠷᠢᠭᠤᠨ ᠲᠠᠷᠬᠠᠨ ᠡᠬᠡ ᠪᠠᠶᠢᠭᠠᠯᠢ ᠪᠣᠯ ᠦᠨᠡᠯᠡᠰᠢ ᠦᠭᠡᠢ ᠥᠪ ᠡᠷᠳᠡᠨᠢ ᠮᠥᠨ︾ ᠭᠡᠬᠦ ᠣᠶᠢᠯᠠᠭᠠᠭᠳᠠᠬᠤᠨ ᠢ ᠭᠦᠨᠵᠡᠭᠡᠶ ᠦᠢᠯᠡᠳᠦᠯᠭᠡᠵᠢᠭᠦᠯᠵᠦ᠂ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠪᠠ ᠰᠡᠷᠭᠦᠭᠡᠯᠲᠡ ᠶᠢ ᠥᠷᠭᠦᠯᠵᠢᠯᠡᠨ ᠠᠬᠢᠭᠤᠯᠵᠤ᠂ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠦᠨ᠂ ᠠᠵᠤ ᠠᠬᠤᠶ ᠨᠡᠶᠢᠭᠡᠮ ᠤᠨ ᠥᠷᠭᠦᠯᠵᠢᠯᠡᠨ ᠥᠨᠢᠳᠡ ᠶᠢᠨ ᠬᠥᠭᠵᠢᠯᠲᠡ ᠶᠢ ᠠᠬᠢᠭᠤᠯᠤᠨ᠎ᠠ᠃      ᠨᠢᠭᠡ ᠳᠤ᠂ ᠣᠷᠴᠢᠨ ᠲᠣᠭᠤᠷᠢᠨ ᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠬᠦᠴᠦᠯᠡᠨ ᠰᠠᠶᠢᠲᠤᠷ ᠠᠳᠬᠤᠨ᠎ᠠ᠃ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠪᠠᠳᠠᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠬᠠᠯᠠᠨ ᠰᠠᠶᠢᠵᠢᠷᠠᠭᠤᠯᠵᠤ ᠴᠡᠭᠴᠡᠯᠡᠨ ᠵᠠᠰᠠᠬᠤ ᠶᠢ ᠡᠷᠡᠰ ᠪᠡᠶᠡᠯᠡᠭᠦᠯᠵᠦ᠂ ᠠᠰᠠᠭᠤᠳᠠᠯ ᠢ ᠴᠡᠭᠴᠡᠯᠡᠨ ᠵᠠᠰᠠᠬᠤ ᠠᠵᠢᠯ ᠤᠨ ︽ᠡᠷᠭᠢᠵᠦ ᠪᠠᠶᠢᠴᠠᠭᠠᠬᠤ︾ ᠶᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠵᠦ᠂ ᠬᠠᠯᠠᠨ ᠰᠠᠶᠢᠵᠢᠷᠠᠭᠤᠯᠵᠤ ᠴᠡᠭᠴᠡᠯᠡᠨ ᠵᠠᠰᠠᠬᠤ ᠦᠷ᠎ᠡ ᠪᠦᠲᠦᠮᠵᠢ ᠶᠢ ᠪᠠᠬᠢᠵᠢᠭᠦᠯᠦᠨ ᠳᠡᠭᠡᠭᠰᠢᠯᠡᠭᠦᠯᠵᠦ᠂ ᠭᠤᠤᠯ ᠴᠣᠭᠴᠠ ᠶᠢᠨ ᠴᠢᠳᠠᠮᠵᠢᠳᠤ ᠣᠷᠣᠨ ᠤ ᠠᠵᠤ ᠦᠢᠯᠡᠰ ᠤᠨ ᠣᠷᠣᠬᠤ ᠶᠢ ᠵᠥᠪᠰᠢᠶᠡᠷᠡᠬᠦ ᠨᠠᠵᠠᠭᠠᠶ ᠲᠠᠯ᠎ᠠ ᠶᠢᠨ ᠲᠣᠲᠣᠷᠬᠠᠢ ᠬᠠᠭᠤᠳᠠᠰᠤ ᠶᠢ ᠴᠢᠩᠭ᠎ᠠ ᠨᠠᠶᠢᠳᠠᠪᠤᠷᠢᠵᠢᠭᠤᠯᠤᠨ᠂ ᠭᠤᠤᠯ ᠴᠣᠭᠴᠠ ᠶᠢᠨ ᠴᠢᠳᠠᠮᠵᠢᠳᠤ ᠣᠷᠣᠨ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠴᠢᠳᠠᠮᠵᠢ ᠶᠢᠨ ᠪᠠᠶᠢᠷᠢ ᠲᠣᠭᠲᠠᠭᠠᠯᠲᠠ ᠳᠤ ᠥᠯᠥ ᠨᠡᠶᠢᠴᠡᠬᠦ ᠨᠡᠭᠡᠭᠡᠨ ᠬᠥᠭᠵᠢᠭᠦᠯᠵᠦ ᠪᠥᠲᠥᠭᠡᠨ ᠪᠠᠶᠢᠭᠤᠯᠬᠤ ᠠᠵᠢᠯᠯᠠᠭ᠎ᠠ ᠪᠦᠬᠦᠨ ᠢ ᠴᠠᠭᠠᠵᠠᠯᠠᠨ᠎ᠠ᠃ ᠬᠤᠶᠠᠷ ᠲᠤ᠂ ᠣᠷᠴᠢᠨ ᠲᠣᠭᠤᠷᠢᠨ ᠤ ᠵᠠᠰᠠᠯᠲᠠ ᠪᠠ ᠰᠡᠷᠭᠦᠭᠡᠯᠲᠡ ᠶᠢ ᠢᠳᠡᠪᠬᠢᠲᠡᠢ ᠥᠷᠨᠢᠭᠦᠯᠦᠨ᠎ᠡ᠃ ᠪᠡᠭᠡᠵᠢᠩ ᠲᠢᠶᠠᠨᠵᠢᠨ ᠤ ᠰᠠᠯᠬᠢ ᠡᠯᠡᠰᠦᠨ ᠤ ᠡᠬᠢ ᠶᠢ ᠵᠠᠰᠠᠬᠤ᠂ ᠪᠠᠶᠢᠭᠠᠯᠢ ᠶᠢᠨ ᠣᠢ ᠶᠢᠨ ᠡᠬᠢ ᠪᠠᠶᠠᠯᠢᠭ ᠢ ᠬᠠᠮᠠᠭᠠᠯᠠᠬᠤ᠂ ᠲᠠᠷᠢᠶᠠᠯᠠᠬᠤ ᠶᠢ ᠵᠣᠭᠰᠣᠭᠠᠵᠤ ᠣᠢ ᠮᠣᠳᠣ ᠡᠪᠡᠰᠦ ᠪᠡᠯᠴᠢᠭᠡᠷ ᠢ ᠰᠡᠷᠭᠦᠭᠡᠬᠦ ᠵᠡᠷᠭᠡ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠢ ᠰᠠᠶᠢᠲᠤᠷ ᠬᠡᠷᠡᠭᠵᠢᠭᠦᠯᠵᠦ᠂ 10 ᠲᠦᠮᠡᠨ ᠮᠦ ᠠᠴᠠ ᠳᠡᠭᠡᠭᠰᠢ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠦᠨ᠎ᠡ᠃ ᠪᠣᠬᠢᠷᠲᠤᠯ ᠦᠭᠡᠶ ᠠᠭᠤᠷᠬᠠᠶ ᠶᠢᠨ ᠪᠠᠶᠢᠭᠤᠯᠤᠯᠲᠠ ᠶᠢ ᠡᠮᠬᠢ ᠵᠢᠷᠤᠮ ᠲᠠᠢ ᠪᠠᠷ ᠠᠬᠢᠭᠤᠯᠵᠤ᠂ ᠠᠭᠤᠷᠬᠠᠶ ᠶᠢᠨ ᠠᠮᠢ ᠠᠬᠤᠶ ᠶᠢᠨ ᠣᠷᠴᠢᠨ ᠲᠣᠭᠤᠷᠢᠨ ᠢ ᠰᠡᠷᠭᠦᠭᠡᠨ ᠵᠠᠰᠠᠬᠤ ᠪᠠ ᠬᠤᠲᠠ ᠬᠥᠳᠡᠭᠡ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠠᠵᠢᠯ ᠢ ᠯᠠᠪᠳᠠᠭᠤᠨ ᠪᠠᠲᠤᠲᠠᠶ ᠥᠷᠨᠢᠭᠦᠯᠦᠨ᠂ ᠠᠵᠤ ᠦᠢᠯᠡᠳᠪᠦᠷᠢ ᠶᠢᠨ ᠪᠣᠬᠢᠷᠲᠤᠯ ᠤᠨ ᠡᠬᠢ᠂ ᠤᠰᠤ ᠳᠤ ᠬᠤᠯᠪᠣᠭᠳᠠᠬᠤ ᠠᠵᠤ ᠠᠬᠤᠶᠢᠯᠠᠯ᠂ ᠪᠣᠬᠢᠷ ᠤᠰᠤ ᠶᠢ ᠰᠢᠢᠳᠪᠦᠷᠢᠯᠡᠬᠦ ᠵᠡᠷᠭᠡ ᠭᠤᠣᠯᠳᠠᠯᠭᠠᠲᠤ ᠠᠵᠢᠯ ᠲᠥᠷᠥᠯ ᠤᠨ ᠪᠣᠬᠢᠷᠲᠤᠯ ᠪᠣᠳᠠᠰ ᠭᠠᠳᠠᠭᠰᠢᠯᠠᠭᠤᠯᠬᠤ ᠶᠢ ᠬᠠᠮᠢᠶᠠᠷᠤᠨ ᠡᠵᠡᠮᠳᠡᠬᠦ ᠶᠢ ᠴᠢᠩᠭ᠎ᠠ ᠠᠳᠬᠤᠨ᠎ᠠ᠃ ᠭᠤᠷᠪᠠ ᠳᠤ ᠤᠷᠲᠤ ᠬᠤᠭᠤᠴᠠᠭᠠᠨ ᠤ ᠪᠦᠲᠦᠮᠵᠢᠲᠡᠶ ᠬᠠᠮᠠᠭᠠᠯᠠᠬᠤ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠦᠨ᠎ᠡ᠃ ᠬᠠᠮᠤᠭ ᠤᠨ ᠲᠥᠪ ᠴᠢᠩᠭ᠎ᠠ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠦᠷᠢᠮ ᠢ ᠬᠡᠷᠡᠭᠵᠢᠭᠦᠯᠵᠦ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠬᠠᠷᠠᠯᠲᠠ ᠶᠢ ᠦᠨᠡᠯᠡᠵᠦ ᠬᠢᠨᠠᠨ ᠰᠢᠯᠭᠠᠬᠤ ᠠᠷᠭ᠎ᠠ ᠶᠢ ᠲᠡᠭᠦᠯᠳᠡᠷᠵᠢᠭᠦᠯᠦᠨ᠂ ᠠᠮᠢ ᠠᠬᠤᠶ ᠶᠢᠨ ᠣᠷᠴᠢᠨ ᠲᠣᠭᠤᠷᠢᠨ ᠢ ᠬᠤᠬᠢᠷᠠᠭᠤᠯᠤᠭᠰᠠᠨ ᠬᠠᠷᠢᠭᠤᠴᠠᠯᠭ᠎ᠠ ᠨᠡᠬᠡᠮᠵᠢᠯᠡᠬᠦ ᠲᠣᠭᠲᠠᠴᠠ ᠶᠢ ᠪᠦᠷᠢᠨᠰᠢᠬᠦᠯᠵᠦ᠂ ︽ᠭᠤᠤᠯ ᠮᠥᠷᠡᠨ ᠨᠠᠭᠤᠷ ᠴᠥᠭᠦᠷᠥᠮ ᠤᠨ ᠠᠵᠢᠯ ᠢ ᠬᠠᠷᠢᠭᠤᠴᠠᠬᠤ ᠳᠠᠷᠤᠭ᠎ᠠ ᠶᠢᠨ ᠲᠦᠷᠢᠮ︾ ᠢ ᠴᠢᠩᠭ᠎ᠠ ᠨᠠᠶᠢᠳᠠᠪᠤᠷᠢᠵᠢᠭᠤᠯᠤᠨ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠠᠬᠢᠭᠤᠯᠬᠤ ᠬᠡᠪᠰᠢᠭᠰᠡᠨ ᠲᠣᠭᠲᠠᠴᠠ ᠶᠢ ᠪᠦᠷᠢᠯᠳᠦᠭᠦᠯᠦᠨ᠎ᠡ᠃ ᠲᠩᠷᠢ ᠨᠠᠩ ᠴᠡᠯᠮᠡᠭ᠂ ᠤᠰᠤ ᠨᠠᠩ ᠲᠤᠩᠭᠠᠯᠠᠭ᠂ ᠠᠭᠠᠷ ᠨᠠᠩ ᠴᠡᠪᠡᠷ ᠪᠠᠶᠢᠬᠤ ᠶᠢ ᠬᠡᠪ ᠤᠨ ᠪᠠᠶᠢᠳᠠᠯ ᠪᠣᠯᠭᠠᠵᠤ᠂ ᠠᠷᠢᠭᠤᠨ ᠲᠠᠭᠰᠢᠨ᠂ ᠪᠣᠬᠢᠷᠲᠤᠯ ᠥᠬᠡᠶ᠂ ᠦᠵᠡᠰᠬᠦᠯᠡᠩᠲᠦ ᠰᠠᠶᠢᠬᠠᠨ ᠠᠷᠤ ᠬᠤᠷᠴᠢᠨ ᠬᠤᠰᠢᠭᠤᠨ ᠤ ᠪᠥᠲᠥᠭᠡᠨ ᠪᠠᠶᠢᠭᠤᠯᠤᠯᠲᠠ ᠶᠢ ᠪᠥᠬᠦ ᠬᠤᠰᠢᠭᠤᠨ ᠤ ᠠᠷᠠᠳ ᠲᠦᠮᠡᠨ ᠤ ᠠᠮᠢᠳᠤᠯᠢᠭ ᠦᠢᠯᠡᠳᠦᠯᠭᠡ ᠪᠣᠯᠭᠠᠨ ᠬᠤᠪᠢᠷᠠᠭᠤᠯᠤᠨ᠎ᠠ᠃      ︵ᠳᠣᠯᠤᠭ᠎ᠠ︶ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠨᠡᠮᠡᠭᠳᠡᠭᠦᠯᠬᠦ ᠪᠠᠷ ᠬᠠᠷᠠᠯᠲᠠ ᠪᠣᠯᠭᠠᠵᠤ᠂  ᠦᠨᠳᠦᠰᠦᠨ ᠦᠢᠯᠡᠴᠢᠯᠡᠭᠡ ᠶᠢ ᠠᠳᠠᠯᠢ ᠲᠡᠭᠰᠢ ᠪᠣᠯᠭᠠᠬᠤ ᠶᠢ ᠠᠬᠢᠭᠤᠯᠤᠨ᠎ᠠ      ᠨᠢᠭᠡ ᠳᠤ ᠰᠤᠷᠭᠠᠨ ᠬᠥᠮᠦᠵᠢᠯ ᠤᠨ ᠴᠢᠨᠠᠷ ᠰᠠᠶᠢᠲᠠᠶ ᠮᠥᠷᠲᠡᠭᠡᠨ ᠲᠡᠩᠴᠡᠭᠦᠷᠢᠲᠡᠶ ᠬᠥᠭᠵᠢᠯᠲᠡ ᠶᠢ ᠠᠬᠢᠭᠤᠯᠤᠨ᠎ᠠ᠃ ᠬᠡᠪ ᠴᠢᠨᠠᠷ ᠤᠨ ᠰᠤᠷᠭᠠᠨ ᠬᠥᠮᠦᠵᠢᠯ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠰᠤᠷᠭᠠᠨ ᠬᠥᠮᠦᠵᠢᠯ ᠤᠨ ᠴᠢᠨᠠᠷ ᠰᠠᠶᠢᠲᠠᠶ᠂ ᠲᠡᠩᠴᠡᠭᠦᠷᠢᠲᠡᠶ ᠪᠠ ᠲᠥᠪ ᠭᠤᠤᠯᠴᠢ ᠪᠠᠶᠢᠬᠤ ᠶᠢ ᠠᠬᠢᠭᠤᠯᠤᠨ᠎ᠠ᠃ ᠬᠤᠰᠢᠭᠤᠨ ᠬᠠᠷᠢᠶ᠎ᠠ ᠳᠥᠷᠪᠡᠳᠦᠭᠡᠷ ᠬᠡᠤᠬᠡᠳ ᠤᠨ ᠴᠡᠴᠡᠷᠯᠢᠭ᠂ ᠴᠢᠪᠠᠭ᠎ᠠ ᠬᠤᠶᠠᠳᠤᠭᠠᠷ ᠳᠤᠮᠳᠠᠳᠤ ᠰᠤᠷᠭᠠᠭᠤᠯᠢ ᠶᠢᠨ ᠵᠢᠭᠠᠨ  ᠰᠤᠷᠭᠠᠯᠲᠠ ᠶᠢᠨ ᠬᠠᠪᠰᠤᠷᠤᠨ ᠵᠢᠯᠣᠭᠤᠳᠬᠤ ᠠᠰᠠᠷ ᠤᠨ ᠲᠥᠷᠥᠯ ᠵᠦᠢᠯ ᠤᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ 38 ᠰᠤᠷᠭᠠᠭᠤᠯᠢ ᠶᠢᠨ ᠴᠢᠳᠠᠪᠤᠷᠢ ᠶᠢ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠦᠨ᠂ ᠰᠤᠷᠭᠠᠭᠤᠯᠢ ᠡᠷᠬᠢᠯᠡᠬᠦ ᠨᠥᠬᠦᠴᠡᠯ ᠢ ᠦᠷᠭᠦᠯᠵᠢᠯᠡᠨ ᠰᠠᠶᠢᠵᠢᠷᠠᠭᠤᠯᠤᠨ᠎ᠠ᠃ ᠬᠤᠶᠠᠷ ᠲᠤ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠬᠢᠷᠢ ᠲᠥᠪᠰᠢᠨ ᠢ ᠳᠡᠭᠡᠭᠰᠢᠯᠡᠭᠦᠯᠦᠨ᠎ᠡ᠃ ︽ᠡᠷᠡᠭᠦᠯ ᠡᠩᠬᠡ ᠠᠷᠤ ᠬᠤᠷᠴᠢᠨ ᠬᠤᠰᠢᠭᠤ︾ ᠶᠢᠨ ᠪᠠᠶᠢᠯᠳᠤᠬᠤ ᠪᠣᠳᠣᠯᠭ᠎ᠠ ᠶᠢ ᠲᠤᠤᠱᠯᠠᠭᠤᠯᠤᠨ ᠨᠠᠢᠳᠠᠪᠤᠷᠢᠵᠢᠭᠤᠯᠤᠨ᠎ᠠ᠃ ᠵᠢᠭᠠᠰᠤᠲᠠᠢ᠂ ᠴᠢᠶᠤᠤᠮᠠᠶᠢᠨᠲᠠᠯ᠎ᠠ ᠡᠷᠡᠭᠦᠯ ᠬᠠᠮᠠᠭᠠᠯᠠᠯ ᠤᠨ ᠬᠤᠷᠢᠶᠠᠨ ᠤ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠵᠦ᠂ ᠡᠪᠡᠳᠴᠢᠨ ᠡᠮᠬᠡᠭ ᠢ ᠬᠢᠵᠠᠭᠠᠷᠯᠠᠬᠤ ᠲᠥᠪ ᠤᠨ ᠶᠡᠷᠦᠩᠬᠡᠶᠢᠯᠡᠭᠰᠡᠨ ᠠᠰᠠᠷ᠂ ᠬᠤᠰᠢᠭᠤᠨ ᠡᠮᠨᠡᠯᠭᠡ ᠶᠢᠨ ᠬᠤᠷᠢᠶ᠎ᠠ ᠶᠢᠨ ᠬᠠᠯᠳᠠᠪᠤᠷᠢᠲᠤ ᠡᠪᠡᠳᠴᠢᠨ ᠤ ᠠᠰᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠢᠳᠡᠪᠬᠢᠲᠡᠢ ᠪᠡᠯᠡᠳᠬᠡᠨ ᠲᠥᠯᠥᠪᠯᠡᠵᠦ᠂ ᠬᠢᠲᠠᠳ ᠡᠮ ᠡᠮᠨᠡᠯᠭᠡ ᠶᠢᠨ ᠭᠤᠣᠯᠳᠠᠯᠭ᠎ᠠ ᠲᠠᠢ ᠲᠤᠰᠬᠠᠢ ᠮᠡᠷᠭᠡᠵᠢᠯ ᠤᠨ ᠲᠣᠮᠣ ᠠᠰᠠᠷ ᠤᠨ ᠪᠦᠲᠦᠭᠡᠨ ᠪᠠᠶᠢᠭᠤᠯᠤᠯᠲᠠ ᠶᠢ ᠡᠬᠢᠯᠡᠭᠦᠯᠦᠨ᠎ᠡ᠃ ︽ᠡᠮᠴᠢᠯᠡᠭᠡᠨ ᠤ ᠳᠠᠭᠠᠳᠬᠠᠯ᠂ ᠡᠮ ᠡᠮᠨᠡᠯᠭᠡ ᠡᠷᠡᠭᠦᠯ ᠬᠠᠮᠠᠭᠠᠯᠠᠯ᠂ ᠡᠮ ᠤᠨ ᠵᠦᠢᠯ ᠤᠨ ᠪᠠᠶᠢᠭᠤᠯᠤᠮᠵᠢ ᠬᠤᠯᠪᠣᠭᠠᠯᠠᠨ ᠬᠥᠳᠡᠯᠦᠯᠴᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠱᠠᠲᠤ ᠬᠤᠪᠢᠶᠠᠨ ᠣᠨᠣᠰᠢᠯᠠᠨ ᠡᠮᠨᠡᠬᠦ ᠦᠢᠯᠡᠴᠢᠯᠡᠭᠡᠨ ᠤ ᠰᠢᠰᠲ᠋ᠧᠮ᠂ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠰᠢᠰᠲ᠋ᠧᠮ ᠢ ᠲᠦᠷᠬᠡᠨ ᠲᠡᠭᠦᠯᠳᠡᠷᠵᠢᠭᠦᠯᠵᠦ᠂ ᠠᠯᠤᠰ ᠡᠵᠡᠮᠰᠢᠯᠲᠦ ᠦᠢᠯᠡᠴᠢᠯᠡᠭᠡᠨ ᠤ ᠰᠢᠰᠲ᠋ᠧᠮ ᠢ ᠲᠦᠷᠭᠡᠳᠬᠡᠨ ᠪᠠᠶᠢᠭᠤᠯᠵᠤ᠂ ︽ᠬᠤᠤᠰ ᠴᠢᠭᠯᠡᠯ ᠢᠶᠠᠷ ᠰᠢᠯᠵᠢᠭᠦᠯᠦᠨ ᠡᠮᠨᠡᠭᠦᠯᠬᠦ︾ ᠶᠢ ᠪᠡᠶᠡᠯᠡᠭᠦᠯᠦᠨ᠎ᠡ᠃ ᠡᠮᠴᠢᠯᠡᠬᠦ ᠪᠠ ᠰᠤᠪᠢᠯᠠᠬᠤ ᠶᠢ ᠤᠶᠠᠯᠳᠤᠭᠤᠯᠬᠤ ᠰᠢᠨ᠎ᠡ ᠵᠠᠭᠪᠤᠷ ᠢ ᠢᠳᠡᠪᠬᠢᠲᠡᠢ ᠰᠦᠪᠡᠭᠴᠢᠯᠡᠵᠦ᠂ ᠡᠮᠴᠢᠯᠡᠭᠡᠨ ᠤ ᠶᠠᠰᠤ ᠴᠢᠨᠠᠷ ᠪᠠ ᠦᠢᠯᠡᠴᠢᠯᠡᠭᠡᠨ ᠤ ᠬᠢᠷᠢ ᠲᠥᠪᠰᠢᠨ ᠢ ᠳᠡᠭᠡᠭᠰᠢᠯᠡᠭᠦᠯᠦᠨ᠎ᠡ᠃ ᠭᠤᠷᠪᠠ ᠳᠤ ᠠᠵᠢᠯ ᠣᠯᠭᠤᠬᠤ ᠠᠷᠭ᠎ᠠ ᠵᠠᠮ ᠢ ᠥᠷᠭᠡᠳᠬᠡᠨ᠎ᠡ᠃ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠬᠤᠭᠤᠴᠠᠭᠠᠨ ᠳᠤ ᠡᠯ᠎ᠡ ᠲᠥᠷᠥᠯ ᠤᠨ ᠠᠵᠤ ᠠᠬᠤᠶᠢᠯᠠᠯ ᠢ ᠲᠤᠰᠠᠯᠠᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠂ ᠠᠵᠢᠯ ᠣᠯᠭᠤᠯᠲᠠ ᠶᠢ ᠲᠡᠳᠬᠦᠨ ᠳᠡᠮᠵᠢᠬᠦ ᠡᠷᠴᠢᠮ ᠢᠶᠠᠨ ᠴᠢᠩᠭᠠᠷᠠᠭᠤᠯᠤᠨ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠢ ᠲᠦᠷᠭᠡᠳᠬᠡᠵᠦ᠂ ᠬᠠᠩᠭᠠᠯᠭ᠎ᠠ ᠬᠡᠷᠡᠭᠴᠡᠭᠡ ᠶᠢ ᠪᠦᠲᠦᠮᠵᠢᠲᠡᠶ ᠵᠣᠯᠭᠠᠭᠤᠯᠬᠤ ᠠᠵᠢᠯ ᠣᠯᠭᠤᠯᠲᠠ ᠶᠢᠨ ᠦᠢᠯᠡᠴᠢᠯᠡᠭᠡᠨ ᠤ ᠲᠠᠪᠴᠠᠩ ᠢ ᠪᠠᠶᠢᠭᠤᠯᠤᠨ᠎ᠠ᠃ ᠴᠡᠷᠢᠭ ᠠᠴᠠ ᠬᠠᠯᠠᠭᠳᠠᠭᠰᠠᠳ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ᠂ ᠠᠵᠢᠯ ᠤᠯᠬᠤ ᠳᠤ ᠬᠦᠴᠢᠷᠲᠡᠶ ᠬᠥᠮᠦᠰ᠂ ᠳᠠᠩᠰᠠᠯᠠᠭᠤᠯᠤᠭᠰᠠᠨ ᠠᠵᠢᠯ ᠠᠯᠳᠠᠭᠰᠠᠳ ᠪᠠ ᠮᠠᠯᠴᠢᠨ ᠲᠠᠷᠢᠶᠠᠴᠢᠨ ᠤ ᠬᠥᠳᠡᠯᠮᠦᠷᠢ ᠬᠦᠴᠦᠨ ᠤ ᠰᠢᠯᠵᠢᠯᠲᠡ ᠵᠡᠷᠭᠡ ᠭᠤᠤᠯᠳᠠᠯᠭ᠎ᠠ ᠲᠠᠢ ᠬᠥᠮᠥᠰ ᠲᠤ ᠠᠵᠢᠯ ᠣᠯᠭᠤᠬᠤ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠠᠳᠬᠤᠵᠤ᠂ ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠭᠰᠠᠳ ᠤᠨ ᠨᠣᠷᠮ᠎ᠠ ᠶᠢ 3.9% ᠶᠢᠨ ᠳᠣᠲᠣᠷ᠎ᠠ ᠬᠢᠵᠠᠭᠠᠷᠯᠠᠬᠤ ᠶᠢ ᠦᠨᠡᠨᠬᠦ ᠪᠠᠲᠤᠯᠠᠨ᠎ᠠ᠃ ᠳᠥᠷᠪᠡ ᠳᠤ ᠠᠷᠠᠳ ᠤᠨ ᠠᠮᠢᠳᠤᠷᠠᠯ ᠤᠨ ᠪᠠᠲᠤᠯᠠᠭ᠎ᠠ ᠶᠢ ᠴᠢᠩᠭᠠᠳᠬᠠᠨ᠎ᠠ᠃ ᠨᠡᠶᠢᠭᠡᠮ ᠤᠨ ᠳᠠᠭᠠᠳᠬᠠᠯ ᠤᠨ ᠬᠠᠮᠤᠷᠬᠤ ᠬᠡᠪᠴᠢᠶ᠎ᠡ ᠶᠢ ᠥᠷᠭᠡᠳᠬᠡᠵᠦ᠂ ᠪᠦᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠲᠥᠯᠥᠪᠯᠡᠭᠡ ᠶᠢ ᠪᠦᠬᠦ ᠲᠠᠯ᠎ᠠ ᠪᠠᠷ ᠬᠡᠷᠡᠭᠵᠢᠭᠦᠯᠬᠦ ᠶᠢ ᠠᠬᠢᠭᠤᠯᠵᠤ᠂ ᠨᠡᠶᠢᠭᠡᠮ ᠤᠨ ᠨᠠᠰᠤᠵᠢᠯ ᠤᠨ ᠳᠠᠭᠠᠳᠬᠠᠯ᠂ ᠪᠦᠬᠦ ᠠᠷᠠᠳ ᠤᠨ ᠡᠮᠴᠢᠯᠡᠭᠡᠨ ᠤ ᠳᠠᠭᠠᠳᠬᠠᠯ ᠵᠡᠷᠭᠡ ᠳᠦᠷᠢᠮ ᠢ ᠨᠠᠶᠢᠳᠠᠪᠤᠷᠢᠵᠢᠭᠤᠯᠤᠨ᠂ ᠬᠤᠲᠠ ᠬᠥᠳᠡᠭᠡ ᠶᠢᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠪᠠ ᠣᠨᠴᠠ ᠬᠦᠴᠢᠷᠳᠡᠭᠰᠡᠳ ᠢ ᠠᠰᠠᠷᠠᠨ ᠲᠡᠵᠢᠭᠡᠬᠦ ᠬᠢᠷᠢ ᠲᠥᠪᠰᠢᠨ ᠢ ᠳᠡᠭᠡᠭᠰᠢᠯᠡᠭᠦᠯᠦᠨ᠎ᠡ᠃ ᠵᠡᠮᠳᠡᠭᠴᠦᠳ ᠤᠨ ᠡᠷᠬᠡ ᠠᠰᠢᠭ ᠤᠨ ᠪᠠᠲᠤᠯᠠᠭ᠎ᠠ᠂ ᠨᠠᠰᠤᠲᠠᠨ ᠢ ᠠᠰᠠᠷᠠᠬᠤ ᠬᠦᠷᠢᠶᠡᠯᠡᠩ᠂ ᠬᠡᠤᠬᠡᠳ ᠤᠨ ᠠᠰᠠᠷᠠᠮᠵᠢ ᠬᠢᠭᠡᠳ ᠬᠠᠯᠠᠮᠵᠢᠯᠠᠨ ᠬᠠᠶᠢᠷᠠᠯᠠᠵᠤ ᠬᠠᠮᠠᠭᠠᠯᠠᠬᠤ ᠠᠵᠢᠯ ᠢ ᠨᠢᠭᠡᠳᠦᠯᠲᠡᠶ ᠲᠥᠯᠥᠪᠯᠡᠨ ᠠᠬᠢᠭᠤᠯᠵᠤ᠂ ᠬᠦᠴᠢᠷᠳᠡᠯᠲᠡᠶ ᠬᠥᠮᠥᠰ ᠤᠨ ᠦᠨᠳᠦᠰᠦᠨ ᠠᠮᠢᠳᠤᠷᠠᠯ ᠤᠨ ᠪᠠᠲᠤᠯᠠᠭ᠎ᠠ ᠶᠢᠨ ᠲᠣᠣᠷᠵᠢᠯ ᠢ ᠪᠠᠬᠢᠵᠢᠭᠦᠯᠦᠨ᠎ᠡ᠃ ᠲᠠᠪᠤ ᠳᠤ ᠨᠡᠶᠢᠭᠡᠮ ᠤᠨ ᠵᠠᠰᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠪᠦᠬᠦ ᠤᠯᠤᠰ ᠤᠨ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠰᠢᠭᠤ᠂ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠢᠳᠡᠪᠬᠢᠲᠡᠢ ᠡᠭᠦᠳᠴᠦ᠂ ᠤᠯᠤᠰ ᠤᠨ ᠪᠣᠯᠪᠠᠰᠤᠨ ᠬᠤᠲᠠ ᠶᠢ ᠴᠣᠭᠴᠠᠯᠠᠨ ᠪᠠᠶᠢᠭᠤᠯᠬᠤ ᠠᠵᠢᠯ ᠢ ᠡᠬᠢᠯᠡᠭᠦᠯᠦᠨ᠎ᠡ᠃ ᠢᠳᠡᠭᠡᠨ ᠪᠠ ᠡᠮ ᠤᠨ ᠵᠦᠢᠯ ᠤᠨ ᠠᠮᠤᠷ ᠲᠥᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠵᠤ᠂ ᠭᠡᠨᠡᠳᠲᠡ ᠡᠭᠦᠰᠦᠭᠰᠡᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠰᠢᠰᠲ᠋ᠧᠮ ᠢ ᠪᠦᠷᠢᠨᠰᠢᠭᠦᠯᠵᠦ᠂ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠠᠵᠢᠯ ᠢ ᠰᠠᠶᠢᠲᠤᠷ ᠬᠢᠨ᠎ᠡ᠃ ᠨᠡᠶᠢᠭᠡᠮ ᠤᠨ ᠠᠮᠤᠷ ᠲᠣᠭᠲᠠᠭᠤᠨ᠂ ᠦᠢᠯᠡᠳᠪᠦᠷᠢᠯᠡᠯ ᠤᠨ ᠠᠮᠤᠷ ᠲᠦᠪᠰᠢᠨ ᠵᠡᠷᠭᠡ ᠡᠯ᠎ᠡ ᠲᠥᠷᠥᠯ ᠤᠨ ᠨᠡᠶᠢᠭᠡᠮ ᠤᠨ ᠦᠢᠯᠡᠰ ᠤᠨ ᠬᠥᠭᠵᠢᠯᠲᠡ ᠶᠢ ᠪᠦᠬᠦ ᠬᠦᠴᠦᠨ ᠢᠶᠠᠷ ᠢᠶᠠᠨ ᠠᠬᠢᠭᠤᠯᠤᠨ᠎ᠠ᠃ ︽ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ︾ ᠲᠤᠰᠬᠠᠶ ᠲᠡᠮᠡᠴᠡᠯ ᠢ ᠯᠠᠪᠳᠠᠭᠤᠨ ᠪᠠᠲᠤᠲᠠᠶ ᠠᠬᠢᠭᠤᠯᠵᠤ᠂ ᠰᠢᠨ᠎ᠡ ᠴᠠᠭ ᠦᠶ᠎ᠡ ᠶᠢᠨ ︽ᠹᠧᠩ ᠴᠢᠶᠣᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ᠬᠠᠮᠲᠤᠪᠠᠷ ᠪᠠᠶᠢᠭᠤᠯᠵᠤ ᠬᠠᠮᠲᠤᠪᠠᠷ ᠵᠠᠰᠠᠵᠤ ᠬᠠᠮᠲᠤᠪᠠᠷ ᠡᠳ᠋ᠯᠡᠬᠦ ᠨᠡᠶᠢᠭᠡᠮ ᠤᠨ ᠵᠠᠰᠠᠯᠲᠠ ᠶᠢᠨ ᠪᠠᠶᠢᠷᠢᠰᠢᠯ ᠢ ᠲᠦᠷᠭᠡᠬᠡᠨ ᠴᠣᠭᠴᠠᠯᠠᠨ᠎ᠠ᠃      ᠲᠥᠯᠥᠭᠡᠯᠡᠭᠴᠢᠳ ᠡ᠂ 2020 ᠣᠨ ᠤ ᠠᠵᠢᠯ ᠤᠨ ᠡᠭᠦᠷᠭᠡ ᠬᠠᠲᠠᠭᠤ ᠪᠡᠷᠬᠡ᠂ ᠬᠠᠷᠢᠭᠤᠴᠠᠯᠭ᠎ᠠ ᠬᠦᠨᠳᠦ ᠶᠡᠭᠡ ᠪᠠᠶᠢᠨ᠎ᠠ᠂ ᠪᠢᠳᠡ ᠬᠤᠰᠢᠭᠤᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ ᠵᠠᠮ ᠨᠡᠭᠡᠭᠡᠨ ᠰᠢᠨ᠎ᠡ ᠶᠢ ᠡᠭᠦᠳᠴᠦ᠂ ᠦᠨᠡᠨ ᠬᠦ ᠠᠳᠬᠤᠨ ᠪᠣᠳᠠᠲᠠᠶ ᠪᠠᠷ ᠠᠵᠢᠯᠯᠠᠨ᠂ ᠬᠦᠴᠢᠷ ᠪᠡᠷᠬᠡᠰᠢᠶᠡᠯ ᠢ ᠢᠯᠠᠨ ᠳᠠᠪᠠᠵᠤ᠂ ᠰᠢᠷᠭᠠᠭᠤ ᠬᠠᠲᠠᠭᠤᠵᠢᠯᠲᠠᠶ ᠪᠠᠷ ᠮᠠᠬᠠᠷᠠᠨ ᠵᠢᠳᠬᠦᠵᠦ᠂ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠠᠷᠠᠯᠲᠠ ᠡᠭᠦᠷᠭᠡ ᠶᠢ ᠪᠡᠶᠡᠯᠡᠭᠦᠯᠵᠦ᠂ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠡᠶᠡᠯᠡᠭᠦᠯᠬᠦ ᠰᠢᠢᠳᠪᠦᠷᠢᠲᠦ ᠢᠯᠠᠯᠲᠠ ᠶᠢ ᠤᠯᠬᠤ ᠳᠤ ᠰᠢᠨ᠎ᠡ ᠬᠤᠪᠢ ᠨᠡᠮᠡᠷᠢ ᠦᠵᠡᠭᠦᠯᠵᠡᠭᠡᠶ᠎ᠡ︕
 
ᠢᠷᠡᠯᠲᠡ᠄ ᠠᠷᠣ ᠬᠤᠷᠴᠢᠨ ᠬᠤᠰᠢᠭᠤᠨ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号