ᠠᠷᠤ ᠬᠤᠷᠴᠢᠨ ᠬᠤᠰᠢᠭᠤᠨ ᠤ ᠬᠠᠨ ᠠᠭᠤᠯᠠ ᠪᠠᠭ᠎ᠠ ᠰᠤᠷᠭᠠᠭᠤᠯᠢ ᠨᠢ ︽ᠨᠤᠮ ᠪᠢᠳᠡ ᠬᠤᠶᠠᠷ︾ ᠨᠤᠮ ᠣᠩᠰᠢᠯᠭ᠎ᠠ ᠶᠢᠨ ᠠᠵᠢᠯᠯᠠᠭᠠᠨ ᠦᠷᠨᠢᠭᠦᠯᠪᠡ
ᠨᠡᠶᠢᠲᠡᠯᠡᠭᠰᠡᠨ ᠴᠠᠭ᠄
2020/4/30
       ᠨᠣᠮ ᠤᠩᠰᠢᠬᠤ ᠨᠢ ᠬᠦᠮᠦᠨ ᠤ ᠤᠬᠠᠭᠠᠨ ᠢ ᠰᠠᠷᠠᠭᠤᠯᠵᠢᠭᠤᠯᠵᠤ᠂ ᠪᠢᠯᠢᠭ ᠢ ᠬᠤᠷᠴᠠᠯᠠᠬᠤ ︽ᠡᠷᠳᠡᠨᠢ ᠶᠢᠨ ᠵᠡᠪᠰᠡᠭ︾ ᠤᠴᠢᠷ ᠠᠴᠠ ︽ᠨᠤᠮ ᠪᠢᠴᠢᠭ ᠨᠠᠳᠠ ᠳᠤ ᠬᠠᠭᠠᠨ ᠰᠢᠷᠡᠭᠡᠨ ᠠᠴᠠ ᠦᠨᠡᠲᠡᠢ︾᠂ ︽ᠮᠤᠩᠬᠠᠭ ᠤᠨ ᠴᠥᠯ ᠢ ᠮᠣᠷᠢ ᠪᠠᠷ ᠪᠢᠰᠢ ᠨᠣᠮ ᠢᠶᠠᠷ ᠲᠤᠭᠤᠯᠳᠠᠭ︾᠂ ︽ᠨᠣᠮ ᠪᠢᠴᠢᠭ ᠪᠣᠯ ᠣᠷᠣᠭᠰᠢ ᠳᠠᠪᠰᠢᠬᠤ ᠱᠠᠲᠤ ᠮᠦᠨ︾᠂ ︽ᠨᠤᠮ ᠪᠣᠯ ᠶᠢᠷᠲᠢᠨᠴᠦ ᠶᠢ ᠬᠠᠷᠠᠬᠤ ᠴᠣᠩᠬᠤ ᠮᠦᠨ︾ ᠁ ᠭᠡᠬᠦ ᠮᠡᠲᠦ ᠪᠠᠷ ᠨᠣᠮ ᠤᠩᠰᠢᠬᠤ ᠶᠢᠨ ᠴᠢᠬᠤᠯᠠ ᠴᠢᠨᠠᠷ᠂ ᠨᠤᠮ ᠤᠨ ᠡᠷᠬᠢᠮ ᠦᠨᠡᠲᠦ ᠲᠠᠯ᠎ᠠ ᠶᠢ ᠡᠷᠲᠡᠨ ᠠᠴᠠ ᠡᠳᠦᠭᠡ ᠪᠣᠯᠲᠠᠯ᠎ᠠ ᠦᠨᠡᠯᠡᠭᠰᠡᠭᠡᠷ ᠢᠷᠡᠵᠡᠢ᠃ ᠨᠤᠮ ᠪᠣᠯ ᠰᠣᠶᠣᠯ ᠤᠨ ᠬᠦᠭᠵᠢᠯ ᠤᠨ ᠡᠬᠢ ᠪᠤᠯᠠᠭ ᠮᠦᠨ᠂ ᠡᠶᠢᠮᠦ ᠠᠴᠠ ᠬᠦᠮᠦᠨ ᠪᠦᠬᠦᠨ ᠨᠤᠮ ᠲᠠᠢ ᠨᠦᠬᠦᠷᠯᠡᠵᠦ ᠨᠤᠮ ᠤᠨ ᠬᠠᠨᠢ ᠪᠣᠯᠬᠤ ᠬᠡᠷᠡᠭᠲᠡᠢ᠃ ᠠᠷᠤ ᠬᠤᠷᠴᠢᠨ ᠬᠤᠰᠢᠭᠤᠨ ᠤ ᠬᠠᠨ ᠠᠭᠤᠯᠠ ᠪᠠᠭ᠎ᠠ ᠰᠤᠷᠭᠠᠭᠤᠯᠢ ᠨᠢ ᠶᠡᠷᠦ ᠠᠴᠠ ᠪᠠᠭᠰᠢ ᠰᠤᠷᠤᠭᠴᠢ ᠶᠢᠨ ᠨᠤᠮ ᠤᠩᠰᠢᠯᠭ᠎ᠠ ᠶᠢ ᠴᠢᠬᠤᠯᠠᠴᠢᠯᠠᠨ ᠵᠣᠷᠢᠭᠵᠢᠭᠤᠯᠵᠤ᠂ ᠪᠠᠭᠰᠢ ᠰᠤᠷᠤᠭᠴᠢᠳ ᠤᠨ ᠨᠤᠮ ᠤᠩᠰᠢᠯᠭ᠎ᠠ ᠶᠢᠨ ᠤᠯᠤᠯᠲᠠ ᠲᠦᠷᠦᠭᠳᠡᠯ ᠪᠢᠴᠢᠬᠦ᠂ ᠬᠤᠷᠠᠮᠳᠤᠭᠤᠯᠤᠯ ᠤᠨ ᠲᠡᠮᠳᠡᠭᠯᠡᠯ ᠬᠢᠬᠦ᠂ ᠨᠤᠮ ᠲᠠᠨᠢᠯᠴᠠᠭᠤᠯᠭ᠎ᠠ ᠶᠢᠨ ᠤᠷᠤᠯᠳᠤᠭᠠᠨ ᠵᠡᠷᠭᠡ ᠶᠢ ᠵᠣᠬᠢᠶᠠᠨ ᠪᠠᠶᠢᠭᠤᠯᠵᠤ ᠂ ᠲᠡᠳᠡ ᠨᠠᠷ ᠤᠨ ᠨᠤᠮ ᠤᠩᠰᠢᠭᠰᠠᠨ ᠰᠣᠨᠢᠷᠬᠠᠯ ᠪᠠᠭ᠋ᠠᠷᠬᠠᠯ᠂ ᠤᠯᠤᠯᠲᠠ ᠲᠦᠷᠦᠭᠳᠡᠯ ᠢ ᠨᠢ ᠬᠠᠷᠢᠯᠴᠠᠨ ᠰᠤᠯᠢᠯᠴᠠᠭᠤᠯᠵᠤ᠂ ᠮᠡᠳᠡᠯᠭᠡ ᠶᠢᠨ ᠬᠦᠷᠢᠶ᠎ᠡ ᠬᠡᠪᠴᠢᠶ᠎ᠡ ᠶᠢ ᠨᠢ ᠲᠡᠯᠡᠵᠦ᠂ ᠡᠨᠡ ᠬᠦ ᠨᠠᠨᠳᠢᠨ ᠰᠤᠷᠲᠠᠯ ᠢᠶᠠᠨ ᠤᠯᠠᠮᠵᠢᠯᠠᠬᠤ ᠪᠠ ᠪᠠᠳᠠᠷᠠᠭᠤᠯᠵᠤ ᠶᠠᠪᠤᠬᠤ ᠶᠢ ᠡᠷᠬᠢᠮᠯᠡᠭᠰᠡᠭᠡᠷ ᠢᠷᠡᠵᠡᠢ᠃
       2020 ᠣᠨ ᠤ 4 ᠰᠠᠷ᠎ᠠ ᠶᠢᠨ 23 ᠤ ᠳᠡᠯᠡᠬᠡᠢ ᠶᠢᠨ ᠨᠣᠮ ᠤᠩᠰᠢᠬᠤ ᠡᠳᠦᠷ ᠬᠦᠷᠴᠦ ᠢᠷᠡᠬᠦ ᠶᠢ ᠲᠣᠬᠢᠶᠠᠯᠳᠤᠭᠤᠯᠤᠨ᠂ ᠮᠠᠨ ᠤ ᠰᠤᠷᠭᠠᠭᠤᠯᠢ ᠨᠢ ︽ᠨᠣᠮ ᠪᠢᠳᠡ ᠬᠤᠶᠠᠷ︾ ᠪᠠᠭᠰᠢ ᠰᠤᠷᠤᠭᠴᠢ ᠶᠢᠨ ᠨᠣᠮ ᠤᠩᠰᠢᠯᠭ᠎ᠠ ᠶᠢᠨ ᠠᠵᠢᠯᠯᠠᠭᠠᠨ ᠦᠷᠨᠢᠭᠦᠯᠵᠦ᠂ ᠡᠨᠡ ᠬᠦ ᠤᠨᠴᠠᠭᠠᠢ ᠴᠠᠭ ᠥᠶ᠎ᠡ ᠶᠢ ᠠᠰᠢᠭᠯᠠᠨ ᠨᠡᠩ ᠣᠯᠠᠨ ᠨᠣᠮ ᠤᠩᠰᠢᠬᠤ ᠰᠠᠶᠢᠬᠠᠨ ᠲᠤᠬᠢᠶᠠᠯᠳᠤᠯ ᠪᠣᠯᠭᠠᠨ ᠠᠰᠢᠭᠯᠠᠭᠰᠠᠨ ᠪᠠᠶᠢᠨ᠎ᠠ᠃ ᠠᠵᠢᠯᠯᠠᠭᠠᠨ ᠨᠢ ᠪᠠᠭᠰᠢ ᠨᠠᠷ ᠦᠪᠡᠷ ᠤᠨ ᠨᠣᠮ ᠣᠩᠰᠢᠭᠰᠠᠨ ᠪᠠᠶᠢᠳᠠᠯ ᠢᠶᠠᠨ ᠵᠢᠷᠤᠭᠯᠠᠵᠤ ᠲᠠᠨᠢᠯᠴᠠᠭᠤᠯᠬᠤ᠂ ᠰᠤᠷᠤᠭᠴᠢᠳ ᠤᠨ ᠨᠤᠮ ᠤᠩᠰᠢᠯᠭ᠎ᠠ ᠶᠢ ᠵᠢᠯᠤᠭᠤᠳᠬᠤ᠂ ᠰᠤᠷᠤᠭᠴᠢᠳ ᠠᠩᠭᠢ ᠪᠠᠷ ᠨᠢᠭᠡᠴᠢᠯᠡᠨ ᠠᠮᠠᠷᠠᠯᠲᠠ ᠶᠢᠨ ᠬᠤᠭᠤᠴᠠᠭᠠᠨ ᠳᠤ ᠣᠩᠰᠢᠭᠰᠠᠨ ᠨᠣᠮ ᠢᠶᠠᠨ ᠠᠩᠭᠢ ᠶᠢᠨ ᠪᠠᠭᠰᠢ᠂ ᠬᠢᠴᠢᠶᠡᠯ ᠤᠨ ᠪᠠᠭᠰᠢ᠂ ᠠᠩᠭᠢ ᠶᠢᠨ ᠨᠦᠬᠦᠳ ᠲᠤ ᠪᠠᠨ ᠲᠠᠨᠢᠯᠴᠠᠭᠤᠯᠬᠤ᠂ ᠣᠯᠤᠯᠲᠠ ᠲᠦᠷᠦᠭᠳᠡᠯ ᠪᠢᠴᠢᠬᠦ ᠵᠡᠷᠭᠡ ᠠᠯᠬᠤᠮ ᠢᠶᠠᠨ ᠶᠠᠪᠤᠭᠳᠠᠵᠤ᠂ ᠭᠡᠷ ᠤᠨ ᠠᠬᠠᠮᠠᠳ᠂ ᠪᠠᠭᠰᠢ ᠨᠠᠷ ᠤᠨ ᠸᠢᠴᠠᠲ ᠲᠠᠪᠴᠠᠩ ᠨᠢ ᠨᠤᠮ ᠤᠩᠰᠢᠯᠭ᠎ᠠ᠂ ᠨᠤᠮ ᠲᠠᠨᠢᠯᠴᠠᠭᠤᠯᠭ᠎ᠠ ᠪᠠᠷ ᠪᠢᠯᠬᠠᠵᠤ᠂ ᠳᠡᠯᠡᠬᠡᠢ ᠶᠢᠨ ᠨᠤᠮ ᠤᠩᠰᠢᠯᠭ᠎ᠠ ᠶᠢᠨ ᠡᠳᠦᠷ ᠢᠶᠠᠨ ᠶᠤᠰᠤᠲᠠᠢ ᠪᠠᠶᠠᠷ ᠵᠢᠷᠭᠠᠯ ᠲᠠᠢ᠂ ᠤᠳᠬ᠎ᠠ ᠠᠭᠤᠯᠭ᠎ᠠ ᠲᠠᠢ ᠦᠩᠭᠡᠷᠡᠭᠦᠯᠦᠭᠰᠡᠨ ᠪᠠᠶᠢᠨ᠎ᠠ᠃
       ᠬᠦᠮᠦᠨ ᠰᠤᠶᠤᠯ ᠢᠶᠠᠷ ᠠᠮᠢᠳᠤᠷᠠᠳᠠᠭ᠂ ᠰᠤᠶᠤᠯ ᠬᠦᠮᠦᠨ ᠳᠤ ᠤᠶᠤᠨ ᠤᠬᠠᠭᠠᠨ ᠲᠡᠵᠢᠭᠡᠯ ᠬᠠᠩᠭᠠᠳᠠᠭ ᠤᠨ ᠤᠴᠢᠷ ᠬᠦᠮᠦᠨ ᠪᠦᠬᠦᠨ ᠨᠤᠮ ᠲᠠᠢ ᠨᠦᠬᠦᠷᠯᠡᠵᠦ᠂ ᠨᠤᠮ ᠡᠷᠳᠡᠨᠢ ᠪᠠᠨ ᠤᠷᠤᠢ ᠶᠢᠨ ᠴᠢᠮᠡᠭ ᠪᠤᠯᠭᠠᠵᠤ ᠳᠡᠭᠡᠳᠦᠯᠡᠵᠦ ᠶᠠᠪᠤᠵᠠᠭᠠᠶ᠎ᠠ︕ ︵ᠵᠠᠯᠭᠠᠬᠦᠦ︶
 
ᠢᠷᠡᠯᠲᠡ᠄ ᠠᠷᠣ ᠬᠤᠷᠴᠢᠨ ᠬᠤᠰᠢᠭᠤᠨ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号