ᠴᠢᠪᠠᠭ᠎ᠠ ᠮᠣᠩᠭᠤᠯ ᠦᠨᠳᠦᠰᠦᠲᠡᠨ ᠤ ᠲᠤᠷᠰᠢᠯᠲᠠ ᠶᠢᠨ ᠪᠠᠭ᠎ᠠ ᠰᠤᠷᠭᠠᠭᠤᠯᠢ ᠨᠢ ᠬᠢᠵᠢᠭ ᠤᠨ ᠬᠤᠭᠤᠴᠠᠭᠠᠨ  ᠳᠠᠬᠢ ᠰᠤᠷᠭᠠᠭᠤᠯᠢ ᠡᠬᠢᠯᠡᠬᠦ ᠪᠡᠯᠡᠳᠭᠡᠯ ᠠᠵᠢᠯ ᠤᠨ ᠪᠠᠶᠢᠴᠠᠭᠠᠯᠲᠠ ᠶᠢ ᠬᠦᠯᠢᠶᠡᠪᠡ
ᠨᠡᠶᠢᠲᠡᠯᠡᠭᠰᠡᠨ ᠴᠠᠭ᠄
2020/4/30
         4 ᠰᠠᠷ᠎ᠠ ᠶᠢᠨ 28 ᠤ ᠡᠳᠦᠷ ᠤᠨ ᠦᠳᠡ ᠶᠢᠨ ᠬᠤᠶᠢᠨ᠎ᠠ ᠴᠢᠪᠠᠭ᠎ᠠ ᠮᠣᠩᠭᠤᠯ ᠦᠨᠳᠦᠰᠦᠲᠡᠨ ᠤ ᠲᠤᠷᠰᠢᠯᠲᠠ ᠶᠢᠨ ᠪᠠᠭ᠎ᠠ ᠰᠤᠷᠭᠠᠭᠤᠯᠢ ᠨᠢ ᠰᠤᠷᠭᠠᠨ ᠬᠦᠮᠦᠵᠢᠯ ᠤᠨ ᠲᠣᠪᠴᠢᠶ᠎ᠡ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠦᠪᠯᠡᠯ᠂ ᠡᠪᠡᠳᠴᠢᠨ ᠡᠮᠭᠡᠭ ᠢ ᠬᠢᠵᠠᠭᠠᠷᠯᠠᠬᠤ ᠲᠦᠪ ᠵᠢᠴᠢ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠡ ᠵᠡᠷᠭᠡ ᠳᠦᠷᠪᠡᠨ ᠶᠡᠭᠡ ᠪᠠᠶᠢᠭᠤᠯᠭ᠎ᠠ ᠶᠢᠨ ᠳᠠᠷᠤᠭ᠎ᠠ ᠤᠳᠤᠷᠢᠳᠤᠯᠭ᠎ᠠ ᠪᠠᠷ ᠪᠦᠷᠢᠯᠳᠦᠭᠰᠡᠨ ᠬᠢᠵᠢᠭ ᠤᠨ ᠬᠤᠭᠤᠴᠠᠭᠠᠨ ᠳᠠᠬᠢ ᠰᠤᠷᠭᠠᠭᠤᠯᠢ ᠡᠬᠢᠯᠡᠬᠦ ᠠᠴᠠ ᠡᠮᠦᠨᠡᠬᠢ ᠪᠡᠯᠡᠳᠭᠡᠯ ᠠᠵᠢᠯ ᠢ ᠪᠠᠶᠢᠴᠠᠭᠠᠨ ᠦᠨᠡᠯᠡᠬᠦ ᠲᠣᠭᠤᠶᠢᠯᠠᠩ ᠤᠨ ᠪᠠᠶᠢᠴᠠᠭᠠᠯᠲᠠ ᠶᠢ ᠠᠮᠵᠢᠯᠲᠠ ᠲᠠᠢ ᠬᠦᠯᠢᠶᠡᠵᠦ᠂ ᠪᠠᠶᠢᠴᠠᠭᠠᠬᠤ ᠪᠦᠯᠬᠦᠮ ᠤᠨ ᠤᠳᠤᠷᠢᠳᠤᠯᠭ᠎ᠠ ᠶᠢᠨ ᠦᠨᠳᠦᠷ ᠦᠨᠡᠯᠡᠭᠡ ᠶᠢ ᠣᠯᠵᠤ᠂ ᠰᠤᠷᠭᠠᠭᠤᠯᠢ ᠴᠤᠭᠯᠠᠬᠤ ᠪᠦᠷᠢᠨ ᠪᠡᠯᠡᠳᠭᠡᠯ  ᠲᠠᠢ ᠪᠣᠯᠤᠭᠰᠠᠨ ᠪᠠᠶᠢᠨ᠎ᠠ᠃
       ᠣᠶᠢᠷ᠎ᠠ ᠶᠢᠨ ᠡᠳᠦᠷ ᠴᠢᠪᠠᠭ᠎ᠠ ᠮᠣᠩᠭᠤᠯ ᠦᠨᠳᠦᠰᠦᠲᠡᠨ ᠤ ᠲᠤᠷᠰᠢᠯᠲᠠ ᠶᠢᠨ ᠪᠠᠭ᠎ᠠ ᠰᠤᠷᠭᠠᠭᠤᠯᠢ ᠶᠢᠨ ᠤᠳᠤᠷᠢᠳᠬᠤ ᠪᠠᠭ ᠤᠨ ᠨᠦᠬᠦᠳ ᠨᠢ ᠳᠡᠭᠡᠳᠦ ᠱᠠᠲᠤᠨ ᠤ ᠵᠢᠭᠠᠪᠤᠷᠢ᠂ ᠵᠢᠯᠤᠭᠤᠳᠤᠯᠭ᠎ᠠ ᠶᠣᠰᠤᠭᠠᠷ᠂ ᠰᠤᠷᠭᠠᠭᠤᠯᠢ ᠶᠢᠨ ᠵᠠᠬᠢᠷᠤᠯ ᠤᠨ ᠨᠠᠷᠢᠨ ᠬᠢᠨᠠᠮᠠᠭᠠᠢ ᠤᠳᠤᠷᠢᠳᠤᠯᠭ᠎ᠠ ᠪᠠᠷ ᠪᠦᠬᠦ ᠪᠠᠭᠰᠢ ᠠᠵᠢᠯᠲᠠᠨ ᠢᠶᠠᠨ ᠵᠣᠬᠢᠶᠠᠨ ᠪᠠᠶᠢᠭᠤᠯᠵᠤ᠂ ᠰᠤᠷᠭᠠᠭᠤᠯᠢ ᠡᠬᠢᠯᠡᠬᠦ ᠠᠴᠠ ᠡᠮᠦᠨᠡᠬᠢ ᠪᠦᠬᠦ ᠲᠠᠯ᠎ᠠ ᠶᠢᠨ ᠠᠵᠢᠯ ᠢᠶᠠᠨ ᠡᠷᠴᠢᠮᠲᠡᠢ ᠰᠠᠶᠢᠨ ᠬᠢᠭᠰᠡᠨ ᠠᠴᠠ ᠲᠣᠰ ᠤᠳᠠᠭᠠᠨ ᠤ ᠪᠠᠶᠢᠴᠠᠭᠠᠯᠲᠠ ᠶᠢ ᠲᠡᠭᠦᠰ ᠠᠮᠵᠢᠯᠲᠠ ᠲᠠᠢ ᠬᠦᠯᠢᠶᠡᠵᠦ᠂ ᠰᠤᠷᠭᠠᠭᠤᠯᠢ ᠴᠤᠭᠯᠠᠬᠤ ᠪᠡᠯᠡᠳᠭᠡᠯ ᠪᠦᠷᠢᠨ ᠪᠣᠯᠪᠠ᠃ ︵ᠪᠠᠭᠠᠲᠣᠷ ᠰᠡᠭᠦᠳᠡᠷᠯᠡᠨ ᠮᠡᠳᠡᠭᠡᠯᠡᠪᠡ︶          
 
ᠢᠷᠡᠯᠲᠡ᠄ ᠠᠷᠣ ᠬᠤᠷᠴᠢᠨ ᠬᠤᠰᠢᠭᠤᠨ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号