ᠬᠢᠵᠢᠭ ᠤᠨ ᠬᠤᠭᠤᠴᠠᠭᠠᠨ ᠳᠤ ᠰᠤᠷᠭᠠᠭᠤᠯᠢ ᠴᠤᠭᠯᠠᠬᠤ ᠳᠡᠭᠡᠳᠦ ᠱᠠᠲᠤᠨ ᠤ ᠡᠯ᠎ᠡ ᠡᠭᠦᠳᠡᠨ ᠤ | ᠰᠤᠷᠭᠠᠭᠤᠯᠢ ᠡᠬᠢᠯᠡᠬᠦ ᠠᠴᠠ ᠡᠮᠦᠨᠡᠬᠢ ᠪᠠᠶᠢᠴᠠᠭᠠᠯᠲᠠ ᠶᠢ ᠠᠮᠵᠢᠯᠲᠠ ᠲᠠᠢ ᠦᠩᠭᠡᠷᠡᠭᠡᠵᠦ᠂ ᠳᠡᠭᠡᠳᠦ ᠱᠠᠲᠤᠨ ᠤ | ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠪᠠᠷ ᠴᠢᠪᠠᠭ᠎ᠠ ᠮᠣᠩᠭᠤᠯ ᠦᠨᠳᠦᠰᠦᠲᠡᠨ ᠤ ᠲᠤᠷᠰᠢᠯᠲᠠ ᠶᠢᠨ ᠪᠠᠭ᠎ᠠ | ᠰᠤᠷᠭᠠᠭᠤᠯᠢ ᠨᠢ 5 ᠰᠠᠷ᠎ᠠ ᠶᠢᠨ 6 ᠤ ᠡᠳᠦᠷ ᠪᠦᠬᠦ ᠪᠠᠭᠰᠢ ᠠᠵᠢᠯᠲᠠᠨ ᠵᠤᠷᠰᠢᠯ ᠶᠤᠰᠤᠭᠠᠷ ᠠᠵᠢᠯᠯᠠᠵᠤ᠂ ᠪᠦᠬᠦ | ᠪᠠᠭᠰᠢ ᠠᠵᠢᠯᠲᠠᠨ ᠤ ᠬᠤᠷᠠᠯ ᠬᠢᠵᠦ ᠰᠢᠨ᠎ᠡ ᠰᠤᠷᠤᠯᠭ᠎ᠠ ᠶᠢᠨ ᠬᠤᠭᠤᠴᠠᠭᠠᠨ ᠤ ᠪᠦᠬᠦ ᠲᠠᠯ᠎ᠠ ᠶᠢᠨ ᠠᠵᠢᠯ ᠳᠤ ᠪᠠᠨ | ᠨᠡᠩ ᠨᠠᠷᠢᠯᠢᠭ ᠨᠠᠶᠢᠳᠠᠪᠤᠷᠢᠵᠢᠭᠤᠯᠤᠯᠲᠠ ᠬᠢᠵᠦ᠂ 4 — 6 ᠣᠨ ᠤ ᠠᠩᠬᠢ ᠡᠷᠬᠢᠯᠡᠭᠴᠢ᠂ ᠬᠢᠴᠢᠶᠡᠯᠯᠡᠭᠴᠢ ᠪᠠᠭᠰᠢ | ᠵᠢᠴᠢ ᠭᠠᠷᠠᠭ ᠳᠠᠭᠠᠭᠠᠯᠲᠠ ᠶᠢᠨ ᠬᠤᠷᠠᠯ ᠬᠤᠷᠠᠯᠳᠤᠵᠤ᠂ ᠰᠤᠷᠤᠭᠴᠢ ᠲᠣᠰᠬᠤ ᠠᠵᠢᠯ ᠢᠶᠠᠨ ᠰᠠᠶᠢᠲᠤᠷ | ᠪᠠᠶᠢᠷᠢᠯᠠᠭᠤᠯᠤᠭᠰᠠᠨ ᠪᠠᠶᠢᠨ᠎ᠠ᠃ | | | | | | | | 5 ᠰᠠᠷ᠎ᠠ ᠶᠢᠨ 7 ᠤ ᠦᠷᠯᠦᠭᠡ 4-6 ᠣᠨ ᠤ ᠰᠤᠷᠤᠭᠴᠢᠳ ᠢᠶᠠᠨ ᠲᠤᠰᠴᠤ᠂ ᠰᠤᠷᠭᠠᠭᠤᠯᠢ ᠡᠬᠢᠯᠡᠬᠦ | ᠠᠩᠬᠠᠨ ᠤ ᠬᠢᠴᠢᠶᠡᠯ ᠢᠶᠠᠨ ᠣᠷᠤᠵᠤ᠂ ᠪᠠᠭᠰᠢ ᠨᠠᠷ ᠰᠤᠷᠤᠭᠴᠢᠳ ᠤᠨ ᠢᠶᠠᠨ ᠪᠠᠶ᠎ᠡ ᠰᠡᠳᠬᠢᠴᠡ ᠶᠢᠨ ᠪᠠᠶᠢᠳᠠᠯ᠂ | ᠬᠢᠴᠢᠶᠡᠯ ᠰᠤᠷᠤᠯᠭ᠎ᠠ ᠶᠢᠨ ᠪᠠᠶᠢᠳᠠᠯ ᠢ ᠤᠶᠢᠯᠠᠭᠠᠨ᠂ ᠰᠤᠷᠤᠭᠴᠢᠳ ᠲᠤ ᠪᠠᠨ ᠡᠳᠦᠷ ᠲᠣᠳᠤᠮ ᠤᠨ ᠠᠮᠢᠳᠤᠷᠠᠯ | ᠰᠤᠷᠤᠯᠴᠠᠯᠭ᠎ᠠ ᠶᠢᠨ ᠳᠤᠮᠳᠠᠬᠢ ᠳᠠᠳᠬᠠᠯ ᠤᠨ ᠬᠦᠮᠦᠵᠢᠯ ᠵᠢᠴᠢ ᠬᠠᠯᠳᠠᠪᠤᠷᠢᠲᠤ ᠡᠪᠡᠳᠴᠢᠨ ᠢ ᠬᠡᠷᠬᠢᠨ ᠰᠡᠷᠭᠡᠶᠢᠯᠡᠨ | ᠬᠢᠵᠠᠭᠠᠷᠯᠠᠬᠤ ᠲᠤᠬᠠᠢ ᠬᠦᠮᠦᠵᠢᠯ ᠬᠦᠷᠲᠡᠭᠡᠨ᠂ ᠰᠢᠨ᠎ᠡ ᠰᠤᠷᠤᠯᠭ᠎ᠠ ᠶᠢᠨ ᠬᠤᠭᠤᠴᠠᠭᠠᠨ ᠤ ᠲᠠᠩᠬᠢᠮ ᠤᠨ | ᠬᠢᠴᠢᠶᠡᠯᠯᠡᠭᠡ ᠪᠠᠨ ᠣᠳᠬ᠎ᠠ ᠲᠡᠭᠦᠯᠳᠡᠷ ᠡᠬᠢᠯᠡᠬᠦᠯᠵᠦ ᠪᠠᠶᠢᠨ᠎ᠠ᠃ | | | | | | | | | | | | ᠴᠢᠪᠠᠭ᠎ᠠ ᠮᠣᠩᠭᠤᠯ ᠦᠨᠳᠦᠰᠦᠲᠡᠨ ᠤ ᠲᠤᠷᠰᠢᠯᠲᠠ ᠶᠢᠨ | ᠪᠠᠭ᠎ᠠ ᠰᠤᠷᠭᠠᠭᠤᠯᠢ ᠶᠢᠨ ᠪᠠᠭᠠᠲᠤᠷ ᠮᠡᠳᠡᠭᠡᠯᠡᠪᠡ | |