5 ᠰᠠᠷ᠎ᠠ ᠶᠢᠨ 9 ᠤ ᠡᠳᠦᠷ ᠤᠨ ᠦᠳᠡ ᠶᠢᠨ ᠬᠤᠶᠢᠨ᠎ᠠ ᠬᠤᠰᠢᠭᠤᠨ ᠤ ᠡᠮᠡᠭᠳᠡᠶᠢᠴᠦᠳ ᠤᠨ ᠬᠤᠯᠪᠤᠭᠠᠲᠤ | ᠬᠤᠷᠠᠯ᠂ ᠰᠤᠷᠭᠠᠨ ᠬᠦᠮᠦᠵᠢᠯ ᠤᠨ ᠰᠢᠰᠲ᠋ᠧᠮ ᠤᠨ ᠨᠠᠮ ᠤᠨ ᠬᠤᠷᠢᠶ᠎ᠠ ᠠᠴᠠ ᠡᠷᠬᠢᠯᠡᠨ ᠶᠠᠪᠤᠭᠳᠠᠭᠤᠯᠤᠭᠰᠠᠨ ᠨᠠᠰᠤᠨ | ᠳᠤ ᠦᠯᠦ ᠬᠦᠷᠦᠭᠰᠡᠳ ᠤᠨ ᠠᠮᠤᠷ ᠲᠦᠪᠰᠢᠨ ᠢ ᠬᠠᠮᠠᠭᠠᠯᠠᠬᠤ ᠬᠦᠮᠦᠵᠢᠯ ᠤᠨ ᠲᠤᠰᠬᠠᠢ ᠰᠡᠳᠦᠪᠲᠦ ᠪᠣᠯᠪᠠᠰᠤᠷᠠᠯ | ᠴᠢᠪᠠᠭ᠎ᠠ ᠮᠤᠩᠭᠤᠯ ᠦᠨᠳᠦᠰᠦᠲᠡᠨ ᠤ ᠲᠤᠷᠰᠢᠯᠲᠠ ᠶᠢᠨ ᠪᠠᠭ᠎ᠠ ᠰᠤᠷᠭᠠᠭᠤᠯᠢ ᠳᠤ ᠶᠠᠪᠤᠭᠳᠠᠪᠠ᠃ | | | | | | | | | ᠪᠣᠯᠪᠠᠰᠤᠷᠠᠯ ᠳᠤ ᠰᠤᠷᠭᠠᠨ ᠬᠦᠮᠦᠵᠢᠯ ᠤᠨ ᠰᠢᠰᠲ᠋ᠧᠮ ᠤᠨ ᠨᠠᠮ ᠤᠨ ᠬᠤᠷᠢᠶ᠎ᠠ ᠶᠢᠨ ᠬᠠᠮᠢᠶ᠎ᠠ ᠲᠠᠢ | ᠬᠠᠷᠢᠭᠤᠴᠠᠯᠭᠠᠲᠠᠨ᠂ ᠴᠢᠪᠠᠭ᠎ᠠ ᠮᠤᠩᠭᠤᠯ ᠦᠨᠳᠦᠰᠦᠲᠡᠨ ᠤ ᠲᠤᠷᠰᠢᠯᠲᠠ ᠶᠢᠨ ᠪᠠᠭ᠎ᠠ ᠰᠤᠷᠭᠠᠭᠤᠯᠢ ᠶᠢᠨ ᠬᠠᠮᠢᠶ᠎ᠠ ᠲᠠᠢ | ᠬᠠᠷᠢᠭᠤᠴᠠᠯᠭᠠᠲᠠᠨ ᠪᠤᠯᠤᠨ ᠰᠤᠷᠤᠭᠴᠢᠳ ᠣᠷᠤᠯᠴᠠᠵᠤ᠂ ᠪᠣᠤ ᠢᠦᠢ ᠷᠦᠩ ᠳᠡᠳ᠋ ᠵᠠᠬᠢᠷᠤᠯ ᠠᠴᠠ ︽ᠨᠠᠰᠤᠨ ᠳᠤ | ᠦᠯᠦ ᠬᠦᠷᠦᠭᠰᠡᠳ ᠤᠨ ᠠᠮᠤᠷ ᠲᠦᠪᠰᠢᠨ ᠢ ᠬᠠᠮᠠᠭᠠᠯᠠᠬᠤ ᠬᠦᠮᠦᠵᠢᠯ︾ ᠤᠨ ᠲᠤᠬᠠᠢ ᠭᠤᠤᠯ ᠰᠡᠳᠦᠪᠲᠦ ᠶᠠᠷᠢᠶ᠎ᠠ | ᠲᠠᠶᠢᠯᠤᠮᠵᠢ ᠬᠢᠭᠰᠡᠨ ᠪᠠᠶᠢᠨ᠎ᠠ᠃ | | | | | | ᠵᠠᠯᠠᠭᠤᠴᠣᠳ ᠪᠠᠭᠠᠴᠣᠳ ᠨᠢ ᠶᠠᠭ ᠰᠠᠶ᠋ᠢᠬᠠᠨ ᠪᠡᠶ᠎ᠡ ᠮᠠᠬᠠᠪᠣᠳ᠂ ᠮᠡᠳᠡᠯᠭᠡ ᠴᠢᠳᠠᠪᠤᠷᠢ᠂ ᠬᠦᠮᠦᠨ ᠪᠣᠯᠬᠤ | ᠶᠤᠰᠤ ᠶᠢ ᠰᠤᠷᠬᠤ ᠵᠠᠩᠭᠢᠯᠠᠭ᠎ᠠ ᠶᠢᠨ ᠴᠠᠭ ᠦᠶ᠎ᠡ ᠳᠤ ᠣᠷᠤᠰᠢᠵᠦ ᠪᠠᠶᠢᠨ᠎ᠠ᠃ ᠵᠦᠪ ᠪᠣᠷᠤᠭᠤ ᠶᠢ ᠢᠯᠭᠠᠨ ᠲᠠᠨᠢᠬᠤ | ᠦᠵᠡᠯᠲᠡ ᠨᠢ ᠬᠠᠷᠠᠬᠠᠨ ᠪᠦᠷᠢᠯᠳᠦᠭᠡᠳᠦᠢ᠂ ᠦᠪᠡᠷ ᠢ ᠪᠠᠨ ᠡᠵᠡᠮᠳᠡᠬᠦ ᠴᠢᠳᠠᠪᠤᠷᠢ ᠨᠢ ᠪᠠᠭᠤᠷᠠᠢ᠂ ᠪᠠᠭ᠎ᠠ ᠯᠠ | ᠪᠣᠯᠭᠤᠮᠵᠢ ᠦᠭᠡᠢ ᠪᠣᠯᠪᠠᠯ ᠪᠣᠷᠤᠭᠤ ᠵᠠᠮ ᠢᠶᠠᠷ ᠵᠠᠮᠨᠠᠵᠤ ᠬᠤᠤᠷᠯᠠᠯ ᠠᠮᠰᠠᠵᠤ ᠮᠡᠳᠡᠨ᠎ᠡ᠃ ᠡᠨᠡ ᠬᠦ ᠵᠠᠩᠭᠢᠯᠠᠭ᠎ᠠ ᠶᠢᠨ | ᠴᠠᠭ ᠮᠦᠴᠡ ᠳᠤ ᠦᠪᠡᠷ ᠢ ᠪᠠᠨ ᠠᠪᠤᠷᠠᠵᠤ᠂ ᠦᠪᠡᠷ ᠢ ᠪᠠᠨ ᠬᠠᠮᠠᠭᠠᠯᠠᠬᠤ ᠮᠡᠳᠡᠯᠭᠡ ᠮᠡᠳᠡᠴᠡ ᠶᠢ ᠦᠯᠡᠮᠵᠢ | ᠬᠦᠷᠲᠡᠭᠡᠬᠦ ᠴᠢᠬᠤᠯᠠᠲᠠᠢ᠃ | | | | | ᠲᠤᠰ ᠤᠳᠠᠭᠠᠨ ᠤ ᠪᠣᠯᠪᠠᠰᠤᠷᠠᠯ ᠢᠶᠠᠷ ᠳᠠᠮᠵᠢᠨ ᠰᠤᠷᠤᠭᠴᠢᠳ ᠤᠨ ᠠᠶᠤᠯ ᠠᠳᠡᠯ ᠲᠤᠯᠭᠠᠷᠠᠬᠤ | ᠦᠶ᠎ᠡ ᠳᠤ ᠬᠡᠷᠬᠢᠨ ᠦᠪᠡᠷ ᠢ ᠪᠠᠨ ᠬᠠᠮᠠᠭᠠᠯᠠᠵᠤ ᠠᠮᠤᠷ ᠲᠦᠪᠰᠢᠨ ᠢ ᠪᠠᠲᠤᠯᠠᠬᠤ ᠦᠵᠡᠯ ᠤᠬᠠᠮᠰᠠᠷ ᠢ ᠤᠯᠠᠮ ᠨᠢᠭᠡ | ᠠᠯᠬᠤᠮ ᠳᠡᠭᠡᠭᠰᠢᠯᠡᠭᠦᠯᠵᠡᠢ᠃ | ᠴᠢᠪᠠᠭ᠎ᠠ ᠮᠣᠩᠭᠤᠯ ᠦᠨᠳᠦᠰᠦᠲᠡᠨ ᠤ ᠲᠤᠷᠰᠢᠯᠲᠠ ᠶᠢᠨ | ᠪᠠᠭ᠎ᠠ ᠰᠤᠷᠭᠠᠭᠤᠯᠢ ᠶᠢᠨ ᠪᠠᠭᠠᠲᠤᠷ ᠮᠡᠳᠡᠭᠡᠯᠡᠪᠡ | | |