ᠠᠷᠣ  ᠬᠤᠷᠴᠢᠨ ᠬᠤᠰᠢᠭᠤᠨ ᠤ ᠬᠠᠨ ᠠᠭᠤᠯᠠ ᠪᠠᠭ᠎ᠠ ᠰᠤᠷᠭᠠᠭᠤᠯᠢ ᠨᠢ ᠭᠠᠵᠠᠷ ᠬᠦᠳᠡᠯᠦᠯᠲᠡ ᠪᠠ ᠦᠶᠡᠷ ᠤᠰᠤᠳᠤᠯ ᠤᠨ ᠭᠠᠮᠰᠢᠭ ᠠᠴᠠ ᠰᠡᠷᠭᠡᠶᠢᠯᠡᠬᠦ ᠣᠬᠠᠭᠤᠯᠭ᠎ᠠ ᠶᠢᠨ ᠠᠵᠢᠯᠯᠠᠭᠠᠨ ᠦᠷᠨᠢᠭᠦᠯᠪᠡ
ᠨᠡᠶᠢᠲᠡᠯᠡᠭᠰᠡᠨ ᠴᠠᠭ᠄
2020/5/14
       ︽5.12 — ᠭᠠᠮᠰᠢᠭ ᠢ ᠰᠡᠷᠬᠡᠶᠢᠯᠡᠵᠦ᠂ ᠭᠠᠮᠰᠢᠭ ᠢ ᠪᠠᠭᠠᠰᠬᠠᠬᠤ︾ ᠤᠬᠠᠭᠤᠯᠭ᠎ᠠ ᠶᠢᠨ ᠡᠳᠦᠷ ᠬᠦᠷᠴᠦ ᠢᠷᠡᠬᠦ ᠶᠢ ᠲᠠᠭᠠᠯᠳᠤᠨ ᠬᠠᠯᠳᠠᠪᠤᠷᠢᠲᠤ ᠬᠢᠵᠢᠭ ᠢ ᠰᠡᠷᠬᠡᠶᠢᠯᠡᠬᠦ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠵᠦ᠂ ᠡᠪᠡᠳᠴᠢᠨ ᠬᠢᠵᠢᠭ ᠢ ᠤᠷᠢᠳᠴᠢᠯᠠᠨ ᠰᠡᠷᠬᠡᠶᠢᠯᠡᠬᠦ ᠵᠦᠪ ᠦᠵᠡᠯᠲᠡ ᠲᠠᠨᠢᠯᠲᠠ ᠪᠠᠨ ᠤᠯᠠᠮ ᠨᠡᠮᠡᠭᠳᠡᠬᠦᠯᠵᠦ᠂ ︽5.12 — ᠭᠠᠮᠰᠢᠭ ᠢ ᠰᠡᠷᠬᠡᠶᠢᠯᠡᠵᠦ᠂ ᠭᠠᠮᠰᠢᠭ ᠢ ᠪᠠᠭᠠᠰᠬᠠᠬᠤ︾ ᠰᠤᠷᠳᠠᠯ ᠤᠬᠠᠭᠤᠯᠭ᠎ᠠ ᠶᠢ ᠪᠦᠬᠦ ᠲᠡᠯ᠎ᠡ ᠪᠠᠷ ᠦᠷᠨᠢᠬᠦᠯᠬᠦ ᠵᠢᠴᠢ ᠵᠤᠨ ᠤ ᠤᠯᠠᠷᠢᠯ ᠤᠨ ᠦᠶᠡᠷ ᠤᠰᠤᠳᠤᠯ᠂ ᠠᠶᠤᠩᠭ᠎ᠠ ᠴᠠᠬᠢᠯᠭᠠᠨ ᠤ ᠭᠠᠮᠰᠢᠭ ᠠᠴᠠ ᠰᠡᠷᠬᠡᠶᠢᠯᠡᠬᠦ ᠬᠦᠮᠦᠵᠢᠯ ᠢ ᠴᠢᠩᠭᠠᠳᠬᠠᠬᠤ ᠶᠢᠨ ᠲᠥᠯᠥᠭᠡ 2020 ᠣᠨ ᠤ 5 ᠰᠠᠷ᠎ᠠ ᠶᠢᠨ 12 ᠤ ᠡᠳᠦᠷ 4 — 6 ᠣᠨ ᠤ ᠰᠤᠷᠤᠭᠴᠢᠳ ᠪᠠ ᠪᠠᠭᠰᠢ ᠨᠠᠷ ᠤᠨ ᠣᠷᠤᠯᠴᠠᠭᠰᠠᠨ ᠭᠠᠵᠠᠷ ᠬᠦᠳᠡᠯᠦᠯᠲᠡ ᠪᠠ ᠦᠶᠡᠷ ᠤᠰᠤᠳᠠᠯ ᠤᠨ ᠭᠠᠮᠰᠢᠭ ᠠᠴᠠ ᠰᠡᠷᠬᠡᠶᠢᠯᠡᠬᠦ ᠠᠮᠤᠷ ᠲᠦᠪᠰᠢᠨ ᠤ ᠪᠠᠴᠢᠮ ᠲᠠᠷᠬᠠᠯᠲᠠ ᠶᠢᠨ ᠰᠤᠷᠢᠯᠲᠠ ᠬᠢᠵᠦ᠂ ᠲᠠᠷᠠᠭ᠎ᠠ ᠨᠢ ᠰᠤᠷᠭᠠᠭᠤᠯᠢ ᠶᠢᠨ ᠬᠠᠷᠢᠭᠤᠴᠠᠯᠭᠠᠲᠠᠨ ᠠᠴᠠ ᠪᠦᠬᠦ ᠪᠠᠭᠰᠢ ᠰᠤᠷᠤᠭᠴᠢᠳ ᠲᠤ ᠭᠠᠵᠠᠷ ᠬᠦᠳᠡᠯᠦᠯᠲᠡ᠂ ᠦᠶᠡᠷ ᠤᠰᠤᠳᠤᠯ ᠤᠨ ᠠᠶᠤᠯ  ᠠᠴᠠ ᠤᠷᠢᠳᠴᠢᠯᠠᠨ ᠰᠡᠷᠬᠡᠶᠢᠯᠡᠬᠦ᠂ ᠬᠠᠯᠳᠠᠪᠤᠷᠢᠲᠤ ᠡᠪᠡᠳᠴᠢᠨ ᠬᠢᠵᠢᠭ ᠢ ᠤᠷᠢᠳᠴᠢᠯᠠᠨ ᠰᠡᠷᠬᠡᠶᠢᠯᠡᠬᠦ ᠲᠤᠬᠠᠢ ᠬᠦᠮᠦᠵᠢᠯ ᠬᠢᠭᠰᠡᠨ ᠪᠠᠶᠢᠨ᠎ᠠ᠃ ᠡᠴᠦᠰ ᠲᠤ ᠠᠩᠬᠢ ᠪᠠᠷ ᠨᠢᠬᠡᠴᠡᠯᠡᠨ ︽5.12 — ᠭᠠᠮᠰᠢᠭ ᠢ ᠰᠡᠷᠬᠡᠶᠢᠯᠡᠵᠦ᠂ ᠭᠠᠮᠰᠢᠭ ᠢ ᠪᠠᠭᠠᠰᠬᠠᠬᠤ︾ ᠤᠬᠠᠭᠤᠯᠭ᠎ᠠ ᠶᠢᠨ ᠹᠢᠯᠢᠮ ᠢ ᠰᠤᠨᠢᠷᠬᠠᠵᠦ᠂ ᠮᠡᠳᠡᠯᠭᠡ ᠴᠢᠳᠠᠪᠤᠷᠢ ᠪᠠᠨ ᠲᠡᠭᠡᠭᠰᠢᠯᠡᠬᠦᠯᠦᠭᠰᠡᠨ ᠪᠠᠶᠢᠨ᠎ᠠ᠃
       ᠲᠤᠰ ᠠᠵᠢᠯᠯᠠᠭᠠᠨ ᠨᠢ ᠪᠠᠭᠰᠢ ᠰᠤᠷᠤᠭᠴᠢ ᠶᠢᠨ ᠭᠠᠵᠠᠷ ᠬᠦᠳᠡᠯᠥᠯᠲᠡ᠂ ᠦᠶᠡᠷ ᠤᠰᠤᠳᠠᠯ ᠵᠡᠷᠭᠡ ᠭᠠᠮᠰᠢᠭ ᠠᠴᠠ ᠰᠡᠷᠭᠡᠶᠢᠯᠡᠬᠦ ᠮᠡᠳᠡᠯᠭᠡ ᠮᠡᠳᠡᠴᠡ᠂ ᠦᠵᠡᠯ ᠲᠠᠨᠢᠯᠲᠠ ᠶᠢ ᠲᠡᠭᠡᠭᠰᠢᠯᠡᠭᠦᠯᠦᠨ᠂ ᠬᠠᠯᠳᠠᠪᠦᠷᠢᠲᠦ ᠡᠪᠡᠳᠴᠢᠨ ᠬᠢᠵᠢᠭ ᠢ ᠬᠡᠷᠬᠢᠨ ᠤᠷᠢᠳᠴᠢᠯᠠᠨ ᠰᠡᠷᠭᠡᠶᠢᠯᠡᠬᠦ ᠲᠤᠬᠠᠢ ᠤᠯᠠᠮ ᠨᠢᠭᠡ ᠠᠯᠬᠤᠮ ᠲᠠᠨᠢᠭᠤᠯᠤᠨ᠂ ᠬᠠᠮᠲᠤ ᠪᠠᠷ ᠢᠶᠠᠨ ᠬᠦᠳᠡᠯᠥᠯᠴᠡᠨ ᠲᠡᠷᠭᠡᠲᠡ ᠡᠭᠦᠰᠴᠤ ᠮᠡᠳᠡᠬᠦ ᠲᠦᠭᠰᠢᠭᠦᠷᠢ ᠠᠴᠠ ᠰᠡᠷᠭᠡᠶᠢᠯᠡᠬᠦ ᠶᠢ ᠤᠷᠢᠶᠠᠯᠠᠭᠰᠠᠨ ᠪᠠᠶᠢᠨ᠎ᠠ᠃        ᠥᠨᠥ ᠵᠢᠯ ᠤᠨ 5 ᠰᠠᠷ᠎ᠠ ᠶᠢᠨ 12 ᠤ ᠡᠳᠦᠷ ᠪᠣᠯ ᠪᠦᠬᠦ ᠤᠯᠤᠰ ‍ᠤᠨ‌ᠠᠷᠪᠠᠨ ᠬᠤᠶᠠᠳᠡᠬᠢ ᠭᠠᠮᠰᠢᠭ ᠢ ᠰᠡᠷᠭᠡᠶᠢᠯᠡᠵᠦ᠂ ᠭᠠᠮᠰᠢᠭ ᠢ ᠪᠠᠭᠠᠰᠬᠠᠬᠤ ᠡᠳᠦᠷ ᠮᠥᠨ᠂ ᠭᠤᠣᠯ ᠰᠡᠳᠦᠪ ᠲᠤ ᠪᠠᠨ ︽ᠦᠨᠳᠦᠰᠦᠨ ᠱᠠᠳᠤᠨ ᠤ ᠪᠠᠴᠢᠮ ᠪᠠᠶᠢᠳᠠᠯ ᠢ ᠠᠷᠭᠠᠴᠠᠭᠠᠬᠤ ᠴᠢᠳᠠᠪᠦᠷᠢ ᠶᠢ ᠲᠡᠭᠡᠭᠰᠢᠯᠡᠭᠦᠯᠵᠦ᠂ ᠭᠠᠮᠰᠢᠭ ᠢ ᠰᠡᠷᠭᠡᠶᠢᠯᠡᠵᠦ᠂ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠠᠷᠠᠳ ᠲᠦᠮᠡᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠪᠠᠬᠢ ᠪᠤᠢ ᠪᠤᠯᠭᠠᠬᠤ ᠬᠡᠷᠡᠭᠲᠡᠢ︾ ᠭᠡᠵᠡᠢ᠃ ᠮᠥᠨ ᠴᠤ ᠤᠯᠤᠰ ᠤᠨ ᠭᠠᠮᠰᠢᠭ ᠢ ᠪᠠᠭᠠᠰᠬᠠᠬᠤ ᠠᠯᠪᠠᠨ ᠭᠡᠷ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠬᠡᠯᠲᠡᠰ ᠰᠠᠨᠠᠭᠠᠴᠢᠯᠠᠵᠤ᠄ ︽ᠪᠦᠬᠦᠳᠡᠭᠡᠷ ᠬᠦᠳᠡᠯᠣᠯᠴᠠᠵᠦ᠂ ᠲᠡᠷᠭᠡᠳᠡᠬᠢ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠬᠡᠷᠡᠭᠲᠡᠢ︾ ᠭᠡᠵᠡᠢ᠃                               ᠬᠠᠨ ᠠᠭᠤᠯᠠ ᠪᠠᠭ᠎ᠠ ᠰᠤᠷᠭᠠᠭᠤᠯᠢ ᠶᠢᠨ ᠵᠠᠯᠭᠠᠬᠦᠦ ᠮᠡᠳᠡᠭᠡᠯᠡᠪᠡ
 
ᠢᠷᠡᠯᠲᠡ᠄ ᠠᠷᠣ ᠬᠤᠷᠴᠢᠨ ᠬᠤᠰᠢᠭᠤᠨ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号