| | 5 ᠰᠠᠷ᠎ᠠ ᠶᠢᠨ12 ᠤ ᠡᠳᠦᠷ ᠤᠨ ᠦᠳᠡ ᠶᠢᠨ ᠬᠤᠶᠢᠨ᠎ᠠ ᠴᠢᠪᠠᠭ᠎ᠠ ᠮᠣᠩᠭᠤᠯ ᠦᠨᠳᠦᠰᠦᠲᠡᠨ ᠤ | ᠲᠤᠷᠰᠢᠯᠲᠠ ᠶᠢᠨ ᠪᠠᠭ᠎ᠠ ᠰᠤᠷᠭᠠᠭᠤᠯᠢ ᠨᠢ ᠪᠦᠬᠦ ᠪᠠᠭᠰᠢ ᠠᠵᠢᠯᠲᠠᠨ ᠤ ᠰᠡᠳᠭᠢᠴᠡ ᠶᠢᠨ ᠡᠷᠡᠭᠦᠯ ᠮᠡᠨᠳᠦ ᠶᠢᠨ | ᠪᠣᠯᠪᠠᠰᠤᠷᠠᠯ ᠡᠷᠬᠢᠯᠡᠪᠡ᠃ | | | | | ᠲᠤᠰ ᠰᠤᠷᠭᠠᠭᠤᠯᠢ ᠶᠢᠨ ᠳᠡᠳ᠋ ᠵᠠᠬᠢᠷᠤᠯ᠂ ᠤᠯᠤᠰ ᠤᠨ ᠬᠤᠶᠠᠳᠤᠭᠠᠷ ᠳᠡᠰ ᠤᠨ ᠰᠡᠳᠬᠢᠴᠡ ᠶᠢᠨ | ᠵᠦᠪᠯᠡᠭᠴᠢ᠂ ᠰᠢᠮ᠎ᠡ ᠲᠡᠵᠢᠭᠡᠯ ᠤᠨ ᠲᠣᠬᠢᠷᠠᠭᠤᠯᠤᠭᠴᠢ ᠪᠣᠤ ᠢᠦᠢ ᠷᠦᠩ ᠪᠠᠭᠰᠢ ᠠᠴᠠ ︽ᠪᠠᠶᠠᠷ ᠪᠠᠶᠠᠰᠤᠯᠲᠤ | ᠪᠠᠭᠰᠢ ᠶᠢᠨ ᠠᠵᠢᠯ︾ ᠭᠡᠬᠦ ᠰᠡᠳᠦᠪ ᠢᠶᠠᠷ ᠶᠠᠷᠢᠶ᠎ᠠ ᠲᠠᠶᠢᠯᠤᠮᠵᠢ ᠬᠢᠵᠦ᠂ ︽ᠪᠠᠭᠰᠢ ᠬᠦᠮᠦᠨ ᠰᠡᠳᠬᠢᠴᠡ ᠶᠢᠨ ᠡᠮᠴᠢ | ᠪᠣᠯᠬᠤ ᠬᠡᠷᠡᠭᠲᠡᠢ︾ ᠭᠡᠬᠦ ᠵᠦᠪᠯᠡᠯᠲᠦ ᠬᠤᠯᠪᠤᠭᠠᠲᠤ ᠤᠯᠤᠰ ᠤᠨ ᠰᠤᠷᠭᠠᠨ ᠬᠦᠮᠦᠵᠢᠯ ᠤᠨ ᠵᠢᠳᠭᠦᠯᠲᠡᠨ ᠪᠦᠭᠡᠳ | ᠣᠨᠤᠯᠴᠢ ᠸ᠊ · ᠠ᠊ · ᠰᠦᠬᠤᠮᠯᠢᠨ᠋ᠰᠺᠢ ᠶᠢᠨ ᠶᠠᠷᠢᠭᠰᠠᠨ ᠬᠦᠨ ᠤᠬᠠᠭᠠᠨ ᠠᠴᠠ ᠡᠰᠢᠯᠡᠵᠦ᠂ ᠡᠷᠡᠭᠦᠯ ᠮᠡᠨᠳᠦ ᠶᠢᠨ | ᠣᠨᠤᠯᠵᠢᠬᠤᠨ ᠢ ᠨᠠᠷᠢᠯᠢᠭ ᠵᠢᠱᠢᠶᠡᠯᠡᠨ ᠲᠠᠶᠢᠯᠪᠣᠷᠢᠯᠠᠵᠤ᠂ ᠰᠡᠳᠬᠢᠯ ᠤᠨ ᠬᠤᠭ ᠢᠶᠠᠨ ᠬᠡᠷᠬᠢᠨ ᠲᠠᠨᠢᠵᠤ ᠠᠷᠢᠯᠭᠠᠬᠤ᠂ | ᠣᠳᠤ ᠴᠠᠭ ᠲᠤ ᠬᠡᠷᠬᠢᠨ ᠰᠠᠶᠢᠬᠠᠨ ᠠᠮᠢᠳᠤᠷᠠᠵᠤ ᠰᠤᠷᠬᠤ ᠁ ᠵᠡᠷᠭᠡ ᠬᠦᠮᠦᠨ ᠤ ᠠᠵᠢᠯ ᠠᠮᠢᠳᠤᠷᠠᠯ ᠤᠨ | ᠳᠤᠮᠳᠠ ᠪᠡᠶ᠎ᠡ ᠰᠡᠳᠬᠢᠴᠡ ᠪᠠᠨ ᠬᠡᠷᠬᠢᠨ ᠵᠣᠬᠢᠴᠠᠭᠤᠯᠵᠤ᠂ ᠪᠠᠶᠠᠷ ᠪᠠᠶᠠᠰᠤᠯ ᠲᠠᠢ᠂ ᠬᠠᠶᠢᠷ᠎ᠠ ᠲᠠᠯᠠᠷᠬᠠᠯ ᠤᠨ ᠰᠡᠳᠬᠢᠯ | ᠲᠠᠢ ᠠᠮᠢᠳᠤᠷᠠᠵᠤ ᠰᠤᠷᠤᠯᠴᠠᠬᠤ ᠤᠬᠠᠭᠠᠨ ᠢ ᠪᠠᠭᠰᠢ ᠨᠠᠷ ᠲᠤ ᠪᠠᠨ ᠬᠦᠨ ᠭᠦᠨᠵᠡᠭᠡᠢ ᠮᠡᠳᠡᠷᠡᠭᠦᠯᠵᠦ᠂ ᠪᠠᠭᠰᠢ | ᠨᠠᠷ ᠤᠨ ᠢᠶᠠᠨ ᠠᠵᠢᠯ ᠤᠨ ᠶᠠᠳᠠᠷᠠᠭ᠎ᠠ᠂ ᠰᠡᠳᠬᠢᠯ ᠤᠨ ᠴᠢᠯᠡᠭᠡ ᠶᠢ ᠲᠠᠶᠢᠯᠵᠦ᠂ ᠵᠦᠪ ᠰᠡᠳᠬᠢᠴᠡ ᠲᠠᠢ᠂ ᠵᠦᠪ | ᠦᠵᠡᠯ ᠪᠣᠳᠤᠯ ᠲᠠᠢ ᠠᠵᠢᠯᠯᠠᠵᠤ ᠰᠤᠷᠤᠯᠴᠠᠬᠤ ᠶᠢ ᠤᠷᠢᠶᠠᠯᠠᠵᠤ ᠴᠢᠳᠠᠭᠰᠠᠨ ᠪᠠᠶᠢᠨ᠎ᠠ᠃ | | | | | | | | | ᠰᠤᠷᠭᠠᠭᠤᠯᠢ ᠶᠢᠨ ᠵᠠᠬᠢᠷᠤᠯ ᠰᠡᠴᠡᠨᠪᠠᠲᠤ ᠪᠠᠭᠰᠢ ᠠᠴᠠ ᠲᠤᠰ ᠤᠳᠠᠭᠠᠨ ᠤ ᠪᠣᠯᠪᠠᠰᠤᠷᠠᠯ ᠳᠤ ᠳ᠋ᠦᠩᠨᠡᠯᠲᠡ | ᠶᠢᠨ ᠶᠠᠷᠢᠶ᠎ᠠ ᠲᠠᠯᠪᠢᠵᠦ᠂ ᠪᠦᠬᠦ ᠪᠠᠭᠰᠢ ᠨᠠᠷ ᠢ ᠬᠦᠮᠦᠨ ᠪᠦᠬᠦᠨ ᠰᠡᠳᠬᠢᠴᠡ ᠶᠢᠨ ᠵᠦᠪᠯᠡᠭᠴᠢ ᠪᠣᠯᠵᠤ᠂ ᠦᠪᠡᠷ ᠤᠨ | ᠰᠡᠳᠬᠢᠯ ᠤᠨ ᠬᠤᠭ ᠢᠶᠠᠨ ᠠᠷᠢᠯᠭᠠᠵᠤ ᠴᠢᠳᠠᠬᠤ ᠮᠦᠷᠲᠡᠭᠡᠨ ᠰᠣᠷᠤᠭᠴᠢᠳ ᠢᠶᠠᠨ ᠵᠦᠪ ᠦᠵᠡᠯ ᠰᠡᠳᠬᠢᠯᠭᠡ ᠲᠠᠢ᠂ | ᠵᠦᠪ ᠡᠨᠧᠷᠬᠢ ᠲᠠᠢ ᠢᠷᠡᠭᠡᠳᠦᠢ ᠶᠢᠨ ᠰᠢᠯᠢᠳᠡᠭ ᠴᠢᠳᠠᠪᠤᠷᠢᠲᠠᠨ ᠪᠣᠯᠭᠠᠨ ᠬᠦᠮᠦᠵᠢᠬᠦᠯᠬᠦ ᠶᠢ ᠤᠷᠢᠶᠠᠯᠠᠭᠰᠠᠨ | ᠪᠠᠶᠢᠨ᠎ᠠ᠃ | ᠴᠢᠪᠠᠭ᠎ᠠ ᠮᠣᠩᠭᠤᠯ ᠦᠨᠳᠦᠰᠦᠲᠡᠨ ᠤ ᠲᠤᠷᠰᠢᠯᠲᠠ ᠶᠢᠨ | ᠪᠠᠭ᠎ᠠ ᠰᠤᠷᠭᠠᠭᠤᠯᠢ ᠶᠢᠨ ᠳᠠᠷᠠᠭᠠᠬᠦᠤ ᠮᠡᠳᠡᠭᠡᠯᠡᠪᠡ | | |