ᠴᠢᠪᠠᠭ᠎ᠠ ᠮᠣᠩᠭᠤᠯ ᠦᠨᠳᠦᠰᠦᠲᠡᠨ ᠤ ᠲᠤᠷᠰᠢᠯᠲᠠ ᠶᠢᠨ ᠪᠠᠭ᠎ᠠ ᠰᠤᠷᠭᠠᠭᠤᠯᠢ ᠨᠢ ᠪᠦᠬᠦ ᠪᠠᠭᠰᠢ ᠠᠵᠢᠯᠲᠠᠨ ᠤ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠡᠷᠬᠢᠯᠡᠪᠡ
ᠨᠡᠶᠢᠲᠡᠯᠡᠭᠰᠡᠨ ᠴᠠᠭ᠄
2020/5/15
       5 ᠰᠠᠷ᠎ᠠ ᠶᠢᠨ13 ᠤ ᠡᠳᠦᠷ ᠤᠨ ᠦᠳᠡ ᠶᠢᠨ ᠬᠤᠶᠢᠨ᠎ᠠ ᠴᠢᠪᠠᠭ᠎ᠠ ᠮᠣᠩᠭᠤᠯ ᠦᠨᠳᠦᠰᠦᠲᠡᠨ ᠤ ᠲᠤᠷᠰᠢᠯᠲᠠ ᠶᠢᠨ ᠪᠠᠭ᠎ᠠ ᠰᠤᠷᠭᠠᠭᠤᠯᠢ ᠨᠢ ᠪᠦᠬᠦ ᠪᠠᠭᠰᠢ ᠠᠵᠢᠯᠲᠠᠨ ᠤ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠡᠷᠬᠢᠯᠡᠪᠡ᠃
       ᠲᠤᠰ ᠤᠳᠠᠭᠠᠨ ᠤ ᠪᠣᠯᠪᠠᠰᠤᠷᠠᠯ ᠳᠤ ᠪᠠᠨ ᠲᠣᠮᠳᠠᠳᠤ ᠰᠤᠷᠭᠠᠭᠤᠯᠢ ᠶᠢᠨ ᠳᠡᠭᠡᠳᠦ ᠳᠡᠰ ᠤᠨ ᠪᠠᠭᠰᠢ᠂ ᠳᠤᠮᠳᠠᠳᠤ ᠰᠤᠷᠭᠠᠭᠤᠯᠢ ᠶᠢᠨ ᠬᠡᠯᠡ ᠪᠢᠴᠢᠭ ᠤᠨ ᠤᠷᠤᠨ ᠤ ᠳᠡᠰ ᠤᠨ ᠬᠢᠴᠢᠶᠡᠯ ᠲᠦᠷᠦᠯ ᠤᠨ ᠳᠠᠭᠠᠭᠤᠯᠤᠭᠴᠢ᠂ ᠪᠦᠬᠦ ᠤᠯᠤᠰ ᠤᠨ ᠮᠣᠩᠭᠤᠯ ᠰᠤᠷᠬᠤ ᠪᠢᠴᠢᠭ ᠬᠢᠨᠠᠬᠤ ᠵᠦᠪᠯᠡᠯ ᠤᠨ ᠣᠨᠴᠠ ᠤᠷᠢᠭᠰᠠᠨ ᠲᠤᠰᠬᠠᠢ ᠮᠡᠷᠭᠡᠵᠢᠯᠲᠡᠨ᠂ ᠣᠷᠤᠨ ᠤ ᠨᠡᠷᠡᠲᠦ ᠪᠠᠭᠰᠢ ᠶᠢᠨ ᠠᠵᠢᠯ ᠤᠨ ᠬᠠᠮᠲᠤᠯᠢᠭ ᠤᠨ ᠬᠤᠷᠰᠢᠭᠴᠢ ᠪᠠᠭᠰᠢ᠂ ᠬᠤᠰᠢᠭᠤᠨ ᠤ ᠵᠢᠭᠠᠬᠤ ᠶᠢ ᠰᠤᠳᠤᠯᠬᠤ ᠭᠡᠷ ᠤᠨ ᠵᠢᠭᠠᠬᠤ ᠶᠢ ᠰᠤᠳᠤᠯᠤᠭᠴᠢ ᠤᠷᠠᠨ᠎ᠠ ᠪᠠᠭᠰᠢ ᠶᠢ ᠣᠷᠢᠵᠦ ᠶᠠᠷᠢᠶ᠎ᠠ ᠲᠠᠶᠢᠯᠤᠮᠵᠢ ᠬᠢᠯᠬᠡᠭᠰᠡᠨ ᠪᠠᠶᠢᠨ᠎ᠠ᠃        ᠲᠤᠰᠬᠠᠢ ᠮᠡᠷᠭᠡᠵᠢᠯᠲᠡᠨ ᠤᠷᠠᠨ᠎ᠠ ᠪᠠᠭᠰᠢ ᠠᠴᠠ ︽︿ᠦᠷᠦᠭᠡᠯ ᠤᠨ ᠬᠡᠯᠡ ᠪᠣᠯ ᠪᠠᠭᠠᠵᠢ ᠶᠤᠮ᠂ ᠦᠪᠡᠷ ᠤᠨ ᠬᠡᠯᠡ ᠪᠣᠯ ᠠᠮᠢ ᠶᠤᠮ﹀ ᠠᠮᠢ ᠪᠣᠯᠬᠤ ᠬᠡᠯᠡ ᠪᠠᠨ ᠵᠦᠪ ᠰᠤᠷᠴᠤ ᠣᠨᠤᠪᠴᠢᠲᠠᠢ ᠬᠡᠷᠡᠭᠯᠡᠵᠦ ᠶᠠᠪᠤᠵᠠᠭᠠᠶ᠎ᠠ ︾ ᠭᠡᠬᠦ ᠰᠡᠳᠦᠪ ᠢᠶᠠᠷ ︽ᠣᠷᠴᠢᠨ ᠴᠠᠭ ᠤᠨ ᠮᠣᠩᠭᠤᠯ ᠬᠡᠯᠡ︾ ᠶᠢ ᠣᠨᠤᠪᠴᠢᠲᠠᠢ ᠰᠠᠶᠢᠬᠠᠨ ᠶᠠᠷᠢᠵᠦ ᠲᠠᠶᠢᠯᠪᠤᠷᠢᠯᠠᠨ ᠂ ᠪᠠᠭᠰᠢ ᠨᠠᠷ ᠤᠨ ᠡᠬᠡ ᠬᠡᠯᠡᠨ ᠤ ᠵᠢᠭᠠᠨ ᠰᠤᠷᠭᠠᠯᠲᠠ ᠳᠤ ᠣᠷᠤᠰᠢᠵᠦ ᠪᠠᠶᠢᠭ᠎ᠠ ᠠᠰᠠᠭᠤᠳᠠᠯ ᠢ ᠨᠠᠷᠢᠯᠢᠭ ᠪᠣᠳᠠᠲᠠᠢ ᠵᠠᠳᠠᠯᠤᠨ ᠶᠠᠷᠢᠵᠦ᠂ ᠬᠡᠯᠡ ᠵᠦᠢ ᠪᠣᠯ ᠡᠬᠡ ᠬᠡᠯᠡ ᠪᠠᠨ ᠰᠤᠷᠬᠤ ᠶᠢᠨ ᠰᠠᠭᠤᠷᠢ᠂ ᠪᠠᠭᠰᠢ ᠪᠣᠯᠭᠠᠨ ᠬᠡᠯᠡ ᠵᠦᠢ ᠳᠤ ᠪᠠᠨ ᠨᠡᠪᠲᠡᠷᠬᠡᠢ ᠪᠠᠶᠢᠵᠤ᠂ ᠠᠮᠢᠳᠤᠯᠢᠭ ᠪᠣᠳᠠᠲᠠᠢ ᠵᠢᠭᠠᠨ ᠵᠢᠯᠤᠭᠤᠳᠬᠤ ᠶᠢ ᠬᠦᠰᠡᠨ ᠱᠠᠭᠠᠷᠳᠠᠭᠰᠠᠨ ᠪᠠᠶᠢᠨ᠎ᠠ᠃
       ᠲᠤᠰ ᠤᠳᠠᠭᠠᠨ ᠤ ᠪᠣᠯᠪᠠᠰᠤᠷᠠᠯ ᠨᠢ ᠬᠡᠳᠦᠶᠢᠪᠡᠷ ᠣᠬᠤᠷᠬᠠᠨ ᠬᠠᠭᠠᠰᠬᠠᠨ ᠡᠳᠦᠷ ᠤᠨ ᠪᠣᠯᠪᠠᠰᠤᠷᠠᠯ ᠪᠠᠶᠢᠭᠰᠠᠨ ᠴᠤ ᠲᠤᠰᠬᠠᠢ ᠮᠡᠷᠭᠡᠵᠢᠯᠲᠡᠨ ᠤᠷᠠᠨ᠎ᠠ ᠪᠠᠭᠰᠢ ᠶᠢᠨ ᠣᠨᠣᠴᠠ ᠶᠢ ᠠᠳᠬᠤᠨ ᠶᠠᠷᠢᠭᠰᠠᠨ ᠶᠠᠷᠢᠶ᠎ᠠ ᠲᠠᠶᠢᠯᠤᠮᠵᠢ   ᠨᠢ ᠲᠤᠰ ᠰᠤᠷᠭᠠᠭᠤᠯᠢ ᠶᠢᠨ ᠪᠦᠬᠦ ᠪᠠᠭᠰᠢ ᠠᠵᠢᠯᠲᠠᠨ ᠤ ᠰᠡᠳᠬᠢᠯ ᠤᠨ ᠬᠦᠨ ᠳᠤ ᠬᠦᠷᠴᠦ᠂ ᠪᠠᠭᠰᠢ ᠨᠠᠷ ᠤᠨ ᠡᠩ ᠤᠨ ᠴᠠᠭ ᠤᠨ ᠵᠢᠭᠠᠨ ᠰᠤᠷᠭᠠᠯᠲᠠ ᠶᠢᠨ ᠳᠤᠮᠳᠠᠬᠢ ᠡᠭᠡᠳᠡᠷᠡᠭᠡᠨ ᠮᠠᠳᠠᠭ ᠲᠠᠢ ᠵᠦᠢᠯᠡᠰ ᠢᠶᠠᠨ ᠲᠣᠳᠤᠷᠠᠭᠤᠯᠵᠤ᠂ ᠬᠤᠶᠢᠰᠢᠲᠠ ᠴᠢᠪᠠᠭ᠎ᠠ ᠮᠣᠩᠭᠤᠯ ᠦᠨᠳᠦᠰᠦᠲᠡᠨ ᠤ ᠲᠤᠷᠰᠢᠯᠲᠠ ᠶᠢᠨ ᠪᠠᠭ᠎ᠠ ᠰᠤᠷᠭᠠᠭᠤᠯᠢ ᠶᠢᠨ ᠡᠬᠡ ᠬᠡᠯᠡᠨ ᠤ ᠵᠢᠭᠠᠨ ᠰᠤᠷᠭᠠᠯᠲᠠ ᠠᠬᠢᠨ ᠨᠢᠭᠡᠨ ᠳᠡᠭᠲᠡᠷ ᠲᠤ ᠲᠠᠪᠰᠢᠨ᠎ᠠ ᠭᠡᠳᠡᠭ ᠲᠤ ᠪᠠᠲᠤ ᠢᠲᠡᠭᠡᠯ ᠲᠠᠢ     ᠪᠠᠶᠢᠨ᠎ᠠ᠃                                    ᠴᠢᠪᠠᠭ᠎ᠠ ᠮᠣᠩᠭᠤᠯ ᠦᠨᠳᠦᠰᠦᠲᠡᠨ ᠤ ᠲᠤᠷᠰᠢᠯᠲᠠ ᠶᠢᠨ                                    ᠪᠠᠭ᠎ᠠ ᠰᠤᠷᠭᠠᠭᠤᠯᠢ ᠶᠢᠨ ᠳᠠᠷᠠᠭᠠᠬᠦᠤ ᠮᠡᠳᠡᠭᠡᠯᠡᠪᠡ
 
ᠢᠷᠡᠯᠲᠡ᠄ ᠠᠷᠣ ᠬᠤᠷᠴᠢᠨ ᠬᠤᠰᠢᠭᠤᠨ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号