ᠠᠷᠤ ᠬᠤᠷᠴᠢᠨ ᠬᠤᠰᠢᠭᠤᠨ ᠤ ᠬᠠᠨ ᠠᠭᠤᠯᠠ ᠪᠠᠭ᠎ᠠ ᠰᠤᠷᠭᠠᠭᠤᠯᠢ ᠶᠢᠨ ᠭᠤᠷᠪᠠᠳᠤᠭᠠᠷ ᠣᠨ ᠤ ᠰᠤᠷᠤᠭᠴᠢᠳ ᠰᠤᠷᠭᠠᠭᠤᠯᠢ ᠳᠤ ᠪᠠᠨ ᠬᠦᠷᠴᠦ ᠢᠷᠡᠭᠡᠳ ᠨᠡᠷ᠎ᠡ ᠮᠡᠳᠡᠭᠦᠯᠵᠦ᠂ ᠬᠢᠴᠢᠶᠡᠯ ᠢᠶᠠᠨ ᠡᠬᠢᠯᠡᠪᠡ
ᠨᠡᠶᠢᠲᠡᠯᠡᠭᠰᠡᠨ ᠴᠠᠭ᠄
2020/5/20
         2020 ᠣᠨ ᠤ 5 ᠰᠠᠷ᠎ᠠ ᠶᠢᠨ 18 ᠤ ᠡᠳᠦᠷ ᠲᠡᠭᠡᠳᠦ ᠱᠠᠳᠤᠨ ᠤ ᠳᠣᠬᠢᠷᠠᠭᠤᠯᠭ᠎ᠠ ᠪᠠᠷ ᠠᠷᠤ ᠬᠤᠷᠴᠢᠨ ᠬᠤᠰᠢᠭᠤᠨ ᠤ ᠬᠠᠨ ᠠᠭᠤᠯᠠ ᠪᠠᠭ᠎ᠠ ᠰᠤᠷᠭᠠᠭᠤᠯᠢ ᠶᠢᠨ ᠭᠤᠷᠪᠠᠳᠤᠭᠠᠷ ᠣᠨ ᠤ ᠰᠤᠷᠤᠭᠴᠢᠳ ᠮᠠᠨᠢ ᠪᠠᠶᠠᠷ ᠬᠥᠷ  ᠲᠠᠢ ᠪᠠᠷ ᠰᠤᠷᠭᠠᠭᠤᠯᠢ ᠳᠤ ᠪᠠᠨ ᠢᠷᠡᠵᠦ ᠨᠡᠷ᠎ᠡ ᠮᠡᠳᠡᠭᠦᠯᠪᠡ᠃ 8 ᠴᠠᠭ 30 ᠮᠢᠨᠦ᠋ᠲ ᠲᠤ ᠭᠡᠷ ᠤᠨ ᠠᠬᠠᠮᠠᠳ ᠤᠨ ᠢᠶᠠᠨ ᠬᠠᠪᠰᠤᠷᠤᠯᠭ᠎ᠠ ᠪᠠᠷ ᠰᠤᠷᠭᠠᠭᠤᠯᠢ ᠶᠢᠨ ᠡᠭᠦᠳᠡᠨ ᠳᠤ ᠬᠦᠷᠦᠯᠴᠡᠨ ᠢᠷᠡᠭᠰᠡᠨ ᠰᠤᠷᠤᠭᠴᠢᠳ ᠮᠠᠨᠢ ᠭᠠᠷᠠᠭ ᠲᠠᠭᠠᠭᠠᠯᠲᠠ ᠪᠠᠭᠰᠢ ᠨᠠᠷ ᠤᠨ ᠢᠶᠠᠨ ᠣᠭᠳᠤᠯᠭ᠎ᠠ ᠪᠠᠷ ᠠᠷᠢᠭᠤᠳᠬᠠᠭᠰᠠᠨ ᠵᠢᠵᠢᠭ ᠲᠡᠪᠢᠰᠭᠡᠷ ᠢᠶᠠᠷ ᠦᠩᠭᠡᠷᠡᠨ ᠪᠡᠶ᠎ᠡ ᠶᠢᠨ ᠲᠤᠯᠠᠭᠠᠨ ᠢᠶᠠᠨ ᠬᠡᠮᠵᠢᠭᠦᠯᠦᠨ᠂ ᠠᠩᠭᠢ ᠶᠢᠨ ᠪᠠᠭᠰᠢ ᠳᠤ ᠪᠠᠨ ᠨᠡᠷ᠎ᠡ ᠮᠡᠳᠡᠭᠦᠯᠪᠡ᠃
       9  ᠴᠠᠭ 30 ᠮᠢᠨᠦ᠋ᠲ ᠲᠤ ᠲᠤᠭ ᠮᠠᠨᠳᠤᠭᠤᠯᠬᠤ ᠶᠣᠰᠤᠯᠠᠯ ᠳᠤ ᠣᠷᠤᠯᠴᠠᠭᠰᠠᠨ ᠤ ᠲᠠᠷᠠᠭ᠎ᠠ ᠠᠩᠬᠠᠨ ᠤ ᠬᠢᠴᠢᠶᠡᠯ ᠢᠶᠠᠨ ᠣᠷᠤᠪᠠ᠃  ᠠᠩᠬᠠᠨ ᠤ ᠬᠢᠴᠢᠶᠡᠯ ᠳᠤ ᠪᠠᠭᠰᠢ ᠠᠴᠠ ᠰᠤᠷᠤᠭᠴᠢᠳ ᠲᠤ ᠠᠮᠤᠷ ᠲᠥᠪᠰᠢᠨ ᠤ ᠬᠦᠮᠦᠵᠢᠯ ᠬᠢᠬᠦ ᠶᠢᠨ ᠬᠠᠮᠲᠤ ᠬᠢᠵᠢᠭ ᠢ ᠰᠡᠷᠭᠡᠶᠢᠯᠡᠬᠦ ᠮᠡᠳᠡᠯᠭᠡ ᠨᠦᠭᠦᠳ ᠠᠴᠠ ᠲᠠᠶᠢᠯᠪᠣᠷᠢᠯᠠᠨ᠂ ᠠᠮᠢᠳᠤᠷᠠᠯ ᠳᠤ ᠪᠠᠨ ᠠᠷᠢᠭᠤᠨ ᠴᠡᠪᠡᠷ ᠢ ᠣᠨᠴᠠ ᠠᠩᠬᠠᠷᠤᠨ᠂ ᠭᠠᠷ ᠤᠭᠢᠶᠠᠬᠤ ᠠᠯᠬᠤᠮ ᠲᠠᠷᠠᠭ᠎ᠠ᠂ ᠠᠮᠠᠨ ᠪᠦᠲᠡᠭᠡᠯᠭᠡ ᠶᠢ ᠶᠠᠭᠠᠬᠢᠵᠤ ᠬᠡᠷᠡᠭᠯᠡᠬᠦ ᠲᠤᠬᠠᠢ ᠰᠤᠷᠤᠭᠴᠢᠳ ᠲᠤ ᠪᠠᠨ ᠮᠡᠳᠡᠭᠦᠯᠵᠦ᠂ ᠠᠮᠤᠷ ᠲᠥᠪᠰᠢᠨ ᠠᠮᠢᠳᠤᠷᠠᠵᠦ ᠰᠤᠷᠤᠯᠴᠠᠬᠤ ᠶᠢ ᠤᠯᠠᠮ ᠨᠢᠭᠡ ᠠᠯᠬᠤᠮ ᠱᠠᠭᠠᠷᠳᠠᠭᠰᠠᠨ ᠪᠠᠶᠢᠨ᠎ᠠ᠃ ᠰᠤᠷᠭᠠᠭᠤᠯᠢ ᠶᠢᠨ ᠤᠳᠤᠷᠢᠳᠤᠯᠭ᠎ᠠ ᠨᠠᠷ ᠭᠤᠷᠪᠠᠳᠤᠭᠠᠷ ᠣᠨ ᠤ ᠡᠯ᠎ᠡ ᠠᠩᠭᠢ ᠪᠠᠷ ᠭᠦᠨᠵᠡᠭᠡᠶᠢᠷᠡᠨ ᠵᠢᠭᠠᠨ ᠵᠢᠯᠤᠭᠤᠳᠤᠭᠰᠠᠨ ᠪᠠᠶᠢᠨ᠎ᠠ᠃                              ᠬᠠᠨ ᠠᠭᠤᠯᠠ ᠪᠠᠭ᠎ᠠ ᠰᠤᠷᠭᠠᠭᠤᠯᠢ ᠶᠢᠨ ᠵᠠᠯᠭᠠᠬᠦᠦ ᠮᠡᠳᠡᠭᠡᠯᠡᠪᠡ
 
ᠢᠷᠡᠯᠲᠡ᠄ ᠠᠷᠣ ᠬᠤᠷᠴᠢᠨ ᠬᠤᠰᠢᠭᠤᠨ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号