ᠴᠢᠪᠠᠭ᠎ᠠ ᠮᠣᠩᠭᠤᠯ ᠦᠨᠳᠦᠰᠦᠲᠡᠨ ᠤ ᠲᠤᠷᠰᠢᠯᠲᠠ ᠶᠢᠨ ᠪᠠᠭ᠎ᠠ ᠰᠤᠷᠭᠠᠭᠤᠯᠢ ᠶᠢᠨ ​3 ᠣᠨ ᠤ ᠰᠤᠷᠤᠭᠴᠢᠳ ᠰᠤᠷᠭᠠᠭᠤᠯᠢ ᠴᠤᠭᠯᠠᠵᠤ ᠬᠢᠴᠢᠶᠡᠯ ᠰᠡᠷᠭᠦᠭᠡᠪᠡ
ᠨᠡᠶᠢᠲᠡᠯᠡᠭᠰᠡᠨ ᠴᠠᠭ᠄
2020/5/20
       5 ᠰᠠᠷ᠎ᠠ ᠶᠢᠨ18 ᠤ ᠡᠳᠦᠷ ᠴᠢᠪᠠᠭ᠎ᠠ ᠮᠣᠩᠭᠤᠯ ᠦᠨᠳᠦᠰᠦᠲᠡᠨ ᠤ ᠲᠤᠷᠰᠢᠯᠲᠠ ᠶᠢᠨ ᠪᠠᠭ᠎ᠠ ᠰᠤᠷᠭᠠᠭᠤᠯᠢ ᠶᠢᠨ ᠭᠤᠷᠪᠠᠳᠤᠭᠠᠷ ᠣᠨ ᠤ ᠰᠤᠷᠤᠭᠴᠢᠳ ᠨᠢ ᠰᠤᠷᠭᠠᠭᠤᠯᠢ ᠴᠣᠭᠯᠠᠵᠤ ᠬᠢᠴᠢᠶᠡᠯ ᠰᠡᠷᠭᠦᠭᠡᠪᠡ᠃
           ᠬᠢᠵᠢᠭ ᠤᠨ ᠬᠤᠭᠤᠴᠠᠭᠠᠨ ᠳᠤ ᠰᠤᠷᠭᠠᠭᠤᠯᠢ ᠴᠤᠭᠯᠠᠵᠤ ᠪᠠᠶᠢᠭ᠎ᠠ ᠲᠤᠯᠠ ᠳᠡᠭᠡᠳᠦ ᠱᠠᠲᠤᠨ ᠤ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ᠂ ᠵᠢᠭᠠᠪᠤᠷᠢ  ᠶᠤᠰᠤᠭᠠᠷ ᠰᠤᠷᠤᠭᠴᠢᠳ ᠢᠶᠠᠨ ᠲᠣᠰᠤᠨ ᠠᠪᠴᠤ᠂ ᠪᠡᠶ᠎ᠡ ᠶᠢᠨ ᠬᠠᠯᠠᠭᠤᠨ ᠢ ᠨᠢ ᠬᠡᠮᠵᠢᠨ᠂ ᠰᠤᠷᠤᠭᠴᠢᠳ ᠤᠨ ᠪᠡᠶ᠎ᠡ ᠰᠡᠳᠬᠢᠴᠡ ᠶᠢᠨ ᠪᠠᠶᠢᠳᠠᠯ ᠳᠤ ᠣᠶᠢᠯᠠᠭᠠᠯᠲᠠ ᠬᠢᠵᠦ᠂ ᠠᠩᠬᠢ ᠡᠷᠬᠢᠯᠡᠭᠴᠢ ᠪᠠᠭᠰᠢ ᠠᠴᠠ ᠰᠤᠷᠤᠭᠴᠢᠳ ᠲᠤ ᠪᠠᠨ ᠰᠤᠷᠭᠠᠭᠤᠯᠢ ᠴᠤᠭᠯᠠᠭᠰᠠᠨ ᠠᠩᠬᠠᠨ ᠤ ᠬᠢᠴᠢᠶᠡᠯ ᠣᠷᠤᠵᠤ᠂ ᠬᠢᠵᠢᠭ ᠤᠨ ᠬᠤᠭᠤᠴᠠᠭᠠᠨ ᠳᠤ ᠰᠤᠷᠭᠠᠭᠤᠯᠢ ᠳᠤ ᠬᠢᠴᠢᠶᠡᠯᠯᠡᠬᠦ᠂ ᠨᠠᠭᠠᠰᠢ ᠴᠠᠭᠠᠰᠢ ᠵᠠᠮᠨᠠᠬᠤ ᠳᠤ ᠪᠠᠨ ᠠᠩᠬᠠᠷᠬᠤ ᠵᠦᠢᠯ ᠵᠢᠴᠢ ᠠᠮᠢᠳᠤᠷᠠᠯ ᠰᠤᠷᠤᠯᠭ᠎ᠠ ᠳᠤ ᠪᠠᠨ ᠪᠠᠶᠠᠷ ᠪᠠᠶᠠᠰᠤᠯ ᠲᠠᠢ᠂ ᠢᠳᠡᠪᠬᠢᠲᠡᠢ᠂ ᠵᠦᠪ ᠣᠪᠤᠷ ᠢᠶᠠᠷ ᠬᠠᠨᠳᠤᠬᠤ ᠁ ᠵᠡᠷᠭᠡ ᠪᠦᠬᠦ ᠲᠠᠯ᠎ᠠ ᠶᠢᠨ ᠬᠦᠮᠦᠵᠢᠯ ᠢ ᠰᠢᠰᠲ᠋ᠧᠮ ᠲᠠᠢ ᠬᠢᠭᠰᠡᠨ ᠪᠠᠶᠢᠨ᠎ᠠ᠃
       ᠡᠯ᠎ᠡ ᠬᠢᠴᠢᠶᠡᠯ ᠲᠦᠷᠦᠯ ᠤᠨ ᠪᠠᠭᠰᠢ ᠠᠴᠠ ᠰᠤᠷᠤᠭᠴᠢᠳ ᠲᠤ ᠪᠠᠨ ᠠᠩᠬᠠᠨ ᠤ ᠬᠢᠴᠢᠶᠡᠯ ᠣᠷᠤᠬᠤ᠂ ᠰᠤᠷᠤᠭᠴᠢᠳ ᠤᠨ ᠰᠦᠯᠵᠢᠶᠡᠨ ᠬᠢᠴᠢᠶᠡᠯ ᠪᠣᠯᠤᠨ ᠲᠠᠩᠬᠢᠮ ᠤᠨ ᠬᠢᠴᠢᠶᠡᠯ ᠤᠨ ᠵᠣᠯᠭᠠᠯᠲᠠ ᠶᠢᠨ ᠠᠰᠠᠭᠤᠳᠠᠯ ᠢ ᠰᠠᠶᠢᠲᠤᠷ  ᠵᠣᠬᠢᠴᠠᠭᠤᠯᠬᠤ  ᠪᠠᠷ  ᠰᠤᠷᠭᠠᠭᠤᠯᠢ  ᠴᠤᠭᠯᠠᠭᠰᠠᠨ  ᠠᠩᠬᠠᠨ ᠤ  ᠭᠠᠷᠠᠭ ᠤᠨ ᠬᠢᠴᠢᠶᠡᠯ ᠢ ᠬᠡᠷᠬᠢᠨ ᠵᠣᠬᠢᠴᠠᠭᠤᠯᠵᠤ᠂ ᠰᠦᠯᠵᠢᠶᠡᠨ  ᠬᠢᠴᠢᠶᠡᠯ  ᠢᠶᠠᠷ  ᠰᠤᠷᠤᠭᠰᠠᠨ  ᠠᠭᠤᠯᠭ᠎ᠠ ᠶᠢ  ᠬᠡᠷᠬᠢᠨ ᠰᠡᠯᠪᠢᠵᠦ ᠦᠭᠭᠦ  ᠪᠠ ᠰᠤᠷᠤᠭᠴᠢᠳ ᠲᠤ  ᠬᠡᠷᠬᠢᠨ  ᠪᠡᠶ᠎ᠡ  ᠰᠡᠳᠬᠢᠴᠡ  ᠶᠢᠨ  ᠡᠷᠡᠭᠦᠯ  ᠮᠡᠨᠳᠦ ᠶᠢᠨ ᠬᠦᠮᠦᠵᠢᠯ ᠬᠢᠵᠦ᠂ ᠣᠬᠤᠷᠬᠠᠨ ᠬᠤᠭᠤᠴᠠᠭᠠᠨ ᠳᠤ ᠲᠠᠩᠬᠢᠮ ᠤᠨ ᠬᠢᠴᠢᠶᠡᠯᠯᠡᠭᠡ ᠳᠤ ᠳᠠᠰᠬᠠᠬᠤ ᠪᠠᠷ ᠦᠪᠡᠷ ᠦᠪᠡᠷ ᠤᠨ ᠠᠵᠢᠯ ᠡᠭᠦᠷᠭᠡ ᠪᠠᠨ ᠣᠷᠮ᠎ᠠ  ᠲᠠᠢ ᠰᠠᠶᠢᠬᠠᠨ ᠪᠡᠶᠡᠯᠡᠭᠦᠯᠵᠦ ᠪᠠᠶᠢᠨ᠎ᠠ᠃                                     ᠴᠢᠪᠠᠭ᠎ᠠ ᠮᠣᠩᠭᠤᠯ ᠦᠨᠳᠦᠰᠦᠲᠡᠨ ᠤ ᠲᠤᠷᠰᠢᠯᠲᠠ ᠶᠢᠨ                                     ᠪᠠᠭ᠎ᠠ ᠰᠤᠷᠭᠠᠭᠤᠯᠢ ᠶᠢᠨ ᠳᠠᠷᠠᠭᠠᠬᠦᠤ ᠮᠡᠳᠡᠭᠡᠯᠡᠪᠡ
 
ᠢᠷᠡᠯᠲᠡ᠄ ᠠᠷᠣ ᠬᠤᠷᠴᠢᠨ ᠬᠤᠰᠢᠭᠤᠨ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号