ᠴᠢᠪᠠᠭ᠎ᠠ ᠮᠣᠩᠭᠤᠯ ᠦᠨᠳᠦᠰᠦᠲᠡᠨ ᠤ ᠲᠤᠷᠰᠢᠯᠲᠠ ᠶᠢᠨ ᠪᠠᠭ᠎ᠠ ᠰᠤᠷᠭᠠᠭᠤᠯᠢ ᠨᠢ 3—6 ᠣᠨ ᠤ ᠰᠤᠷᠤᠭᠴᠢᠳ ᠲᠤ ᠪᠠᠨ ᠪᠡᠶ᠎ᠡ ᠰᠡᠳᠬᠢᠴᠡ ᠶᠢᠨ ᠡᠷᠡᠭᠦᠯ ᠮᠡᠨᠳᠦ ᠶᠢᠨ ᠶᠡᠭᠡ  ᠬᠢᠴᠢᠶᠡᠯ ᠣᠷᠤᠪᠠ
ᠨᠡᠶᠢᠲᠡᠯᠡᠭᠰᠡᠨ ᠴᠠᠭ᠄
2020/5/20
   
             5 ᠰᠠᠷ᠎ᠠ ᠶᠢᠨ 18 ᠤ ᠡᠳᠦᠷ ᠤᠨ ᠦᠳᠡ ᠶᠢᠨ ᠬᠤᠶᠢᠨ᠎ᠠ ᠴᠢᠪᠠᠭ᠎ᠠ ᠮᠣᠩᠭᠤᠯ ᠦᠨᠳᠦᠰᠦᠲᠡᠨ ᠤ ᠲᠤᠷᠰᠢᠯᠲᠠ ᠶᠢᠨ ᠪᠠᠭ᠎ᠠ ᠰᠤᠷᠭᠠᠭᠤᠯᠢ ᠨᠢ ᠪᠦᠬᠦ ᠰᠤᠷᠤᠭᠴᠢᠳ ᠲᠤ ᠪᠠᠨ ᠰᠡᠳᠬᠢᠴᠡ ᠶᠢᠨ ᠡᠷᠡᠭᠦᠯ ᠮᠡᠨᠳᠦ ᠶᠢᠨ ᠶᠡᠭᠡ ᠬᠢᠴᠢᠶᠡᠯ ᠣᠷᠤᠪᠠ᠃ ᠮᠠᠨ ᠤ ᠰᠤᠷᠭᠠᠭᠤᠯᠢ ᠶᠢᠨ ᠰᠡᠳᠬᠢᠴᠡ ᠶᠢᠨ ᠡᠷᠡᠭᠦᠯ ᠮᠡᠨᠳᠦ ᠶᠢᠨ ᠵᠦᠪᠯᠡᠭᠴᠢ ᠪᠣᠤ ᠢᠦᠢ ᠷᠦᠩ ᠪᠠᠭᠰᠢ ᠠᠴᠠ ᠵᠢᠷᠭᠤᠳᠤᠭᠠᠷ ᠣᠨ ᠤ ᠰᠤᠷᠤᠭᠴᠢᠳ ᠲᠤ ︽ᠪᠢ ᠪᠣᠯ ᠪᠠᠶᠠᠷ ᠪᠠᠶᠠᠰᠤᠯ ᠲᠠᠢ ᠬᠡᠣᠬᠡᠳ︾ ᠭᠡᠬᠦ ᠰᠡᠳᠦᠪᠲᠦ ᠪᠡᠶ᠎ᠡ ᠰᠡᠳᠬᠢᠴᠡ ᠶᠢᠨ ᠡᠷᠡᠭᠦᠯ ᠮᠡᠨᠳᠦ ᠶᠢᠨ ᠶᠡᠭᠡ ᠬᠢᠴᠢᠶᠡᠯ ᠣᠷᠤᠵᠤ᠂ 3—5 ᠣᠨ ᠤ ᠠᠩᠬᠢ ᠡᠷᠬᠢᠯᠡᠭᠴᠢ ᠠᠴᠠ ᠠᠩᠬᠢ ᠳᠤ ᠪᠠᠨ ᠰᠡᠳᠬᠢᠴᠡ ᠶᠢᠨ ᠡᠷᠡᠭᠦᠯ ᠮᠡᠨᠳᠦ ᠶᠢᠨ ᠬᠢᠴᠢᠶᠡᠯ ᠣᠷᠤᠵᠤ᠂ ᠰᠤᠷᠤᠭᠴᠢᠳ ᠲᠤ ᠪᠠᠨ ᠪᠡᠶ᠎ᠡ ᠰᠡᠳᠬᠢᠴᠡ ᠶᠢᠨ ᠡᠷᠡᠭᠦᠯ ᠮᠡᠨᠳᠦ ᠶᠢᠨ ᠬᠦᠮᠦᠵᠢᠯ ᠬᠢᠵᠦ᠂  ᠰᠤᠷᠤᠯᠭ᠎ᠠ ᠠᠮᠢᠳᠤᠷᠠᠯ  ᠳᠤ ᠪᠠᠨ ᠬᠡᠵᠢᠶᠡᠳᠡ ᠪᠠᠶᠠᠷ ᠪᠠᠶᠠᠰᠤᠯ ᠲᠠᠢ᠂ ᠢᠳᠡᠪᠬᠢᠲᠡᠢ ᠣᠪᠤᠷ ᠢᠶᠠᠷ ᠬᠠᠨᠳᠤᠬᠤ ᠤᠷᠮ᠎ᠠ ᠰᠡᠳᠬᠢᠯᠭᠡ ᠶᠢ ᠨᠢ ᠬᠦᠭᠵᠢᠭᠡᠭᠰᠡᠨ ᠪᠠᠶᠢᠨ᠎ᠠ᠃
       ᠪᠡᠶ᠎ᠡ ᠡᠷᠡᠭᠦᠯ ᠪᠣᠯ ᠰᠡᠳᠬᠢᠯ ᠰᠠᠷᠠᠭᠤᠯ ᠪᠠᠶᠢᠳᠠᠭ᠃ ᠠᠮᠢ ᠨᠠᠰᠤ ᠠᠯᠢᠪᠡ ᠠᠴᠠ ᠡᠷᠬᠢᠮ ᠶᠣᠮ᠃ ᠲᠤᠰ ᠤᠳᠠᠭᠠᠨ ᠤ ᠬᠢᠴᠢᠶᠡᠯ ᠢᠶᠠᠷ ᠳᠠᠮᠵᠢᠨ ᠰᠤᠷᠤᠭᠴᠢᠳ ᠤᠨ ᠪᠡᠶ᠎ᠡ ᠰᠡᠳᠬᠢᠴᠡ ᠶᠢᠨ ᠡᠷᠡᠭᠦᠯ ᠮᠡᠨᠳᠦ ᠪᠠᠨ ᠬᠡᠷᠬᠢᠨ ᠵᠣᠬᠢᠴᠠᠭᠤᠯᠬᠤ᠂ ᠬᠡᠷᠬᠢᠨ ᠪᠠᠶᠠᠷ ᠪᠠᠶᠠᠰᠤᠯ ᠲᠠᠢ ᠠᠮᠢᠳᠤᠷᠠᠵᠤ ᠰᠤᠷᠤᠯᠴᠠᠬᠤ᠂ ᠠᠮᠢ ᠨᠠᠰᠤ  ᠪᠠᠨ ᠡᠷᠬᠢᠮᠨᠡᠨ ᠬᠠᠶᠢᠷᠠᠯᠠᠬᠤ ᠁ ᠵᠡᠷᠭᠡ ᠣᠪᠤᠷ ᠰᠡᠳᠬᠢᠯᠭᠡ᠂ ᠦᠵᠡᠯᠲᠡ ᠲᠠᠨᠢᠯᠲᠠ ᠶᠢ ᠨᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃                                    ᠴᠢᠪᠠᠭ᠎ᠠ ᠮᠣᠩᠭᠤᠯ ᠦᠨᠳᠦᠰᠦᠲᠡᠨ ᠤ ᠲᠤᠷᠰᠢᠯᠲᠠ ᠶᠢᠨ                                    ᠪᠠᠭ᠎ᠠ ᠰᠤᠷᠭᠠᠭᠤᠯᠢ ᠶᠢᠨ ᠳᠠᠷᠠᠭᠠᠬᠦᠤ ᠮᠡᠳᠡᠭᠡᠯᠡᠪᠡ
 
ᠢᠷᠡᠯᠲᠡ᠄ ᠠᠷᠣ ᠬᠤᠷᠴᠢᠨ ᠬᠤᠰᠢᠭᠤᠨ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号