ᠠᠷᠤ ᠬᠤᠷᠴᠢᠨ ᠬᠤᠰᠢᠭᠤᠨ ᠤ ᠬᠠᠨ ᠠᠭᠤᠯᠠ ᠪᠠᠭ᠎ᠠ ᠰᠤᠷᠭᠠᠭᠤᠯᠢ ᠨᠢ ᠪᠦᠬᠦ ᠨᠠᠮ ᠤᠨ ᠭᠡᠰᠢᠭᠦᠳ ᠤᠨ ᠬᠤᠷᠠᠯ ᠬᠤᠷᠠᠯᠳᠤᠭᠤᠯᠵᠣ᠂ ᠰᠤᠷᠭᠠᠭᠤᠯᠢ ᠶᠢᠨ ᠡᠯ᠎ᠡ ᠲᠦᠷᠦᠯ ᠤᠨ ᠠᠵᠢᠯ ᠳᠤ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠦᠢᠯᠡᠳᠦᠯ ᠢ ᠭᠦᠢᠴᠡᠳ ᠪᠠᠳᠠᠷᠠᠭᠤᠯᠬᠤ ᠶᠢ ᠤᠷᠢᠶᠠᠯᠠᠪᠠ
ᠨᠡᠶᠢᠲᠡᠯᠡᠭᠰᠡᠨ ᠴᠠᠭ᠄
2020/5/22
       ᠡᠪ ᠬᠠᠮᠲᠤ ᠨᠠᠮ ᠤᠨ ᠭᠡᠰᠢᠭᠦᠨ ᠤ ᠦᠪᠡᠷ ᠤᠨ ᠪᠡᠶ᠎ᠡ ᠳᠤ ᠪᠠᠨ ᠲᠡᠭᠡᠳᠦ ᠬᠡᠮᠵᠢᠶᠡᠨ ᠤ ᠴᠢᠩᠭ᠎ᠠ ᠱᠠᠭᠠᠷᠳᠠᠯᠭ᠎ᠠ ᠲᠠᠯᠪᠢᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠪᠦᠬᠦ ᠰᠡᠳᠭᠢᠯ ᠪᠦᠬᠦ ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠬᠦ ᠡᠷᠬᠢᠮ ᠲᠡᠭᠡᠳᠦ ᠵᠣᠷᠢᠭ ᠰᠠᠨᠠᠭ᠎ᠠ ᠶᠢ ᠤᠯᠠᠮ ᠪᠠᠳᠠᠷᠠᠭᠤᠯᠬᠤ ᠶᠢᠨ ᠲᠥᠯᠥᠭᠡ 2020 ᠣᠨ ᠤ 5 ᠰᠠᠷ᠎ᠠ ᠶᠢᠨ 19 ᠤ ᠡᠳᠦᠷ ᠠᠷᠤ ᠬᠤᠷᠴᠢᠨ ᠬᠤᠰᠢᠭᠤᠨ ᠤ ᠬᠠᠨ ᠠᠭᠤᠯᠠ ᠪᠠᠭ᠎ᠠ ᠰᠤᠷᠭᠠᠭᠤᠯᠢ ᠨᠢ ᠪᠦᠬᠦ ᠨᠠᠮ ᠤᠨ ᠭᠡᠰᠢᠭᠦᠳ ᠤᠨ ᠬᠤᠷᠠᠯ ᠬᠤᠷᠠᠯᠳᠤᠭᠤᠯᠵᠣ᠂ ᠰᠤᠷᠭᠠᠭᠤᠯᠢ ᠶᠢᠨ ᠡᠯ᠎ᠡ ᠲᠦᠷᠦᠯ ᠤᠨ ᠠᠵᠢᠯ ᠳᠤ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠦᠢᠯᠡᠳᠦᠯ ᠢ ᠭᠦᠢᠴᠡᠳ ᠪᠠᠳᠠᠷᠠᠭᠤᠯᠬᠤ ᠶᠢ ᠤᠷᠢᠶᠠᠯᠠᠪᠠ᠃ ᠬᠤᠷᠠᠯ ᠢ ᠰᠤᠷᠭᠠᠭᠤᠯᠢ ᠶᠢᠨ ᠨᠠᠮ ᠤᠨ ᠡᠭᠦᠷ ᠤᠨ ᠱᠦᠵᠢ ᠰᠣᠶᠣᠯᠲᠤ ᠨᠦᠬᠦᠷ ᠡᠷᠬᠢᠯᠡᠵᠦ᠂ ᠬᠤᠷᠠᠯ ᠳᠤ ᠨᠠᠮ ᠤᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠰᠤᠷᠤᠯᠴᠠᠯᠭ᠎ᠠ ᠪᠣᠯᠪᠠᠰᠤᠷᠠᠯ ᠪᠠ ᠬᠦᠳᠡᠯᠭᠡᠭᠡᠨ ᠠᠵᠢᠯᠯᠠᠭᠠᠨ ᠤ ᠲᠤᠬᠠᠢ ᠲᠤᠬᠢᠷᠠᠭᠤᠯᠤᠯᠲᠠ᠂ ︽ᠡᠩᠨᠡᠭᠡ ᠠᠴᠠ ᠪᠠᠨ ᠨᠢᠭᠡ ᠶᠢ ᠴᠤ ᠣᠷᠬᠢᠭᠳᠠᠭᠤᠯᠬᠤ ᠦᠭᠡᠢ︾ ᠠᠵᠢᠯᠯᠠᠭᠠᠨ ᠤ ᠲᠤᠬᠠᠢ ᠠᠵᠢᠯ ᠤᠨ ᠲᠤᠬᠢᠷᠠᠭᠤᠯᠤᠯᠲᠠ ᠪᠠ ᠱᠠᠭᠠᠷᠳᠠᠯᠭ᠎ᠠ᠂ ︽ᠬᠠᠷ᠎ᠠ ᠪᠦᠯᠦᠭᠲᠡᠨ ᠬᠠᠷᠬᠢᠰ ᠬᠦᠴᠦᠨ ᠢ ᠠᠷᠢᠯᠭᠠᠬᠤ ᠪᠠ ᠱᠠᠯᠢᠭ ᠵᠠᠪᠠᠭ᠋ᠠᠢ ᠵᠥᠢᠯᠡᠰ ᠢ ᠠᠷᠢᠯᠭᠠᠵᠤ᠂ ᠬᠠᠣᠯᠢ ᠪᠣᠰᠤ ᠬᠡᠪᠯᠡᠭᠳᠡᠬᠦᠨ ᠳᠤ ᠴᠣᠬᠢᠯᠲᠠ ᠦᠭᠬᠦ ᠠᠵᠢᠯ ᠤᠨ ᠳᠦᠷᠢᠮ᠂ ᠬᠠᠮᠢᠶ᠎ᠠ ᠪᠦᠬᠦᠢ ᠡᠭᠦᠷᠭᠡ ᠬᠠᠷᠢᠭᠤᠴᠠᠯᠭ᠎ᠠ︾ ᠶᠢ ᠨᠡᠶᠢᠲᠡᠯᠡᠬᠦ ᠶᠢᠨ ᠬᠠᠮᠲᠤ ᠠᠵᠢᠯ ᠤᠨ ᠲᠤᠬᠢᠷᠠᠭᠤᠯᠤᠯᠲᠠ ᠪᠠᠶᠢᠷᠢᠰᠢᠭᠤᠯᠤᠯᠲᠠ ᠬᠢᠵᠦ᠂ ᠤᠯᠤᠰ ᠲᠥᠷᠥ ᠶᠢᠨ ᠰᠤᠷᠤᠯᠴᠠᠯᠭ᠎ᠠ ᠪᠠᠨ ᠦᠷᠭᠦᠯᠵᠢᠯᠡᠨ ᠴᠢᠩᠭᠠᠳᠬᠠᠵᠤ᠂ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠦᠢᠯᠡᠳᠦᠯ ᠢᠶᠠᠨ ᠪᠠᠳᠠᠷᠠᠭᠤᠯᠬᠤ ᠶᠢ ᠣᠨᠴᠠ ᠱᠠᠭᠠᠷᠳᠠᠵᠤ᠂ 2020 ᠣᠨ ᠤ ᠬᠤᠰᠢᠭᠤᠨ ᠰᠤᠷᠭᠠᠨ ᠬᠦᠮᠦᠵᠢᠯ ᠤᠨ ᠠᠵᠢᠯ ᠤᠨ ᠭᠤᠣᠯᠳᠠᠯᠭ᠎ᠠ ᠶᠢ ᠲᠠᠮᠵᠢᠭᠤᠯᠤᠨ᠂ ᠪᠣᠳᠠᠳᠠᠢ ᠱᠠᠭᠠᠷᠳᠠᠯᠭ᠎ᠠ ᠲᠠᠯᠪᠢᠵᠠᠢ᠃
       ᠲᠠᠷᠠᠭ᠎ᠠ ᠨᠢ ᠰᠤᠷᠭᠠᠭᠤᠯᠢ ᠶᠢᠨ ᠨᠠᠮ ᠤᠨ ᠡᠭᠦᠷ ᠤᠨ ᠲᠡᠳ᠋ ᠱᠦᠵᠢ ᠰᠡᠴᠡᠩᠭᠤᠸ᠎ᠠ ᠠᠴᠠ ︽2020 ᠣᠨ ᠤ 5 ᠰᠠᠷ᠎ᠠ ᠶᠢᠨ 14 ᠤ ᠡᠳᠦᠷ ᠬᠤᠷᠠᠯᠳᠤᠭᠰᠠᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠤᠪᠴᠢᠶᠠᠨ ᠤ ᠪᠠᠶᠢᠩᠭᠤ ᠶᠢᠨ ᠬᠤᠷᠢᠶ᠎ᠡ ᠶᠢᠨ ᠬᠤᠷᠠᠯ︾ ᠤᠨ ᠵᠣᠷᠢᠭ ᠰᠠᠨᠠᠭ᠎ᠠ ᠶᠢ ᠲᠠᠮᠵᠢᠭᠤᠯᠤᠨ ᠰᠤᠷᠤᠯᠴᠠᠭᠤᠯᠤᠭᠰᠠᠨ ᠪᠠ ᠰᠣᠶᠤᠯᠲᠤ ᠱᠦᠵᠢ ᠠᠴᠠ ︽ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠳᠦᠷᠪᠡᠳᠦᠭᠡᠷ ᠪᠦᠭᠦᠳᠡ ᠬᠤᠷᠠᠯ ᠠᠴᠠ ᠪᠠᠲᠤᠯᠠᠨ ᠲᠤᠭᠳᠠᠭᠠᠭᠰᠠᠨ ᠲᠤᠭᠲᠠᠭᠠᠯ︾ ᠢ ᠰᠤᠷᠤᠯᠴᠠᠭᠤᠯᠪᠠ᠃ ᠰᠤᠷᠭᠠᠭᠤᠯᠢ ᠶᠢᠨ ᠵᠠᠬᠢᠷᠤᠯ ᠪᠦᠷᠢᠨ ᠨᠦᠬᠦᠷ ᠠᠴᠠ ᠶᠡᠭᠡ ᠬᠤᠷᠠᠯ ᠳᠤ ᠳ᠋ᠦᠩᠨᠡᠯᠲᠡ ᠬᠢᠵᠦ᠂ ᠰᠤᠷᠭᠠᠭᠤᠯᠢ ᠶᠢᠨ ᠠᠯᠢᠪᠠ ᠠᠵᠢᠯ ᠳᠤ ᠨᠠᠮ ᠤᠨ ᠭᠡᠰᠢᠭᠦᠳ ᠤᠨ ᠬᠤᠰᠢᠭᠤᠴᠢ ᠵᠢᠱᠢᠶᠡᠴᠢ ᠦᠢᠯᠡᠳᠦᠯ ᠢᠶᠠᠨ ᠭᠦᠢᠴᠡᠳ ᠪᠠᠳᠠᠷᠠᠭᠤᠯᠤᠨ ᠲᠠᠶᠢᠴᠢᠯᠠᠨ ᠲᠠᠭᠠᠭᠭᠤᠯᠬᠤ ᠬᠡᠷᠡᠭᠲᠡᠢ ᠭᠡᠵᠦ ᠪᠣᠳᠠᠳᠠᠢ ᠱᠠᠭᠠᠷᠳᠠᠭᠰᠠᠨ ᠪᠠᠶᠢᠨ᠎ᠠ᠃        ᠲᠤᠰ ᠤᠳᠠᠭᠠᠨ ᠤ ᠬᠤᠷᠠᠯ ᠨᠢ ᠨᠠᠮ ᠤᠨ ᠭᠡᠰᠢᠭᠦᠨ ᠪᠠᠭᠰᠢ ᠨᠠᠷ ᠤᠨ ᠡᠭᠦᠳᠦᠨ ᠪᠦᠲᠦᠭᠡᠬᠦ᠂ ᠨᠢᠭᠲᠠᠷᠠᠭᠤᠯᠬᠤ ᠬᠦᠴᠦᠨ᠂ ᠡᠷᠡᠯᠬᠡᠭ ᠬᠦᠴᠦᠨ ᠢ ᠪᠠᠳᠠᠷᠠᠭᠤᠯᠵᠦ᠂ ᠡᠶ᠎ᠡ ᠵᠣᠬᠢᠴᠠᠯᠲᠤ ᠪᠣᠯᠪᠠᠰᠤᠨ ᠰᠤᠷᠭᠠᠭᠤᠯᠢ ᠶᠢᠨ ᠬᠦᠷᠢᠶ᠎ᠡ ᠶᠢ ᠪᠠᠶᠢᠭᠤᠯᠬᠤ ᠳᠤ ᠲᠦᠯᠬᠢᠴᠡ ᠬᠦᠴᠦᠨ ᠪᠣᠯᠤᠭᠰᠠᠨ ᠪᠠᠶᠢᠨ᠎ᠠ᠃ ︵ᠵᠠᠯᠭᠠᠬᠦᠦ︶  
 
ᠢᠷᠡᠯᠲᠡ᠄ ᠠᠷᠣ ᠬᠤᠷᠴᠢᠨ ᠬᠤᠰᠢᠭᠤᠨ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号