ᠠᠷᠤ ᠬᠤᠷᠴᠢᠨ ᠬᠤᠰᠢᠭᠤᠨ ᠤ ᠭᠠᠯ ᠢ ᠰᠡᠷᠭᠡᠶᠢᠯᠡᠬᠦ ᠶᠡᠭᠡ ᠠᠩᠭᠢ ᠨᠢ ᠬᠠᠨ ᠠᠭᠤᠯᠠ ᠪᠠᠭ᠎ᠠ ᠰᠤᠷᠭᠠᠭᠤᠯᠢ ᠳᠤ ᠢᠷᠡᠵᠦ ᠭᠠᠯ ᠢ ᠰᠡᠷᠭᠡᠶᠢᠯᠡᠬᠦ ᠠᠵᠢᠯᠯᠠᠭᠠᠨ ᠦᠷᠨᠢᠭᠦᠯᠪᠡ
ᠨᠡᠶᠢᠲᠡᠯᠡᠭᠰᠡᠨ ᠴᠠᠭ᠄
2020/5/25
       2020 ᠣᠨ ᠤ 5 ᠰᠠᠷ᠎ᠠ ᠶᠢᠨ 21 ᠤ ᠡᠳᠦᠷ ᠠᠷᠤ ᠬᠤᠷᠴᠢᠨ ᠬᠤᠰᠢᠭᠤᠨ ᠤ ᠭᠠᠯ ᠢ ᠰᠡᠷᠭᠡᠶᠢᠯᠡᠬᠦ ᠶᠡᠭᠡ ᠠᠩᠭᠢ ᠶᠢᠨ ᠴᠡᠷᠢᠭ ᠪᠠᠶᠢᠯᠳᠤᠭᠴᠢᠳ ᠬᠠᠨ ᠠᠭᠤᠯᠠ ᠪᠠᠭ᠎ᠠ ᠰᠤᠷᠭᠠᠭᠤᠯᠢ ᠳᠤ ᠢᠷᠡᠵᠦ ᠭᠠᠯ ᠢ ᠰᠡᠷᠭᠡᠶᠢᠯᠡᠬᠦ ᠰᠣᠷᠢᠯᠲᠠ ᠶᠢᠨ ᠠᠵᠢᠯᠯᠠᠭᠠᠨ ᠵᠣᠬᠢᠶᠠᠨ ᠪᠠᠶᠢᠭᠤᠯᠪᠠ᠃ ᠭᠠᠯ ᠢ ᠰᠡᠷᠭᠡᠶᠢᠯᠡᠬᠦ ᠶᠡᠭᠡ ᠠᠩᠭᠢ ᠶᠢᠨ ᠪᠠᠶᠢᠯᠳᠤᠭᠴᠢᠳ ᠪᠠᠭᠰᠢ ᠰᠤᠷᠤᠭᠴᠢ ᠳᠤ ᠭᠠᠯ ᠢ ᠰᠡᠷᠭᠡᠶᠢᠯᠡᠬᠦ ᠶᠡᠷᠦ ᠶᠢᠨ ᠮᠡᠳᠡᠯᠭᠡ ᠶᠢᠨ ᠲᠠᠯ᠎ᠠ ᠪᠠᠷ ᠶᠠᠷᠢᠵᠦ ᠲᠠᠶᠢᠯᠪᠦᠷᠢᠯᠠᠨ᠂ ᠰᠤᠷᠭᠠᠭᠤᠯᠢ ᠶᠢᠨ ᠲᠣᠭᠤᠭᠠᠨ ᠭᠡᠷ ᠲᠤ ᠭᠠᠯ ᠤᠨᠲᠠᠷᠠᠭᠠᠬᠤ ᠤᠰᠤᠨ ᠬᠤᠭᠤᠯᠠᠢ ᠪᠠᠨ ᠵᠠᠯᠭᠠᠵᠤ᠂ ᠮᠠᠰᠢ ᠲᠦᠷᠭᠡᠨ ᠢᠶᠠᠷ ᠭᠠᠯ ᠤᠨᠲᠠᠷᠠᠭᠠᠬᠤ ᠠᠯᠬᠤᠮ ᠲᠠᠷᠠᠭ᠎ᠠ ᠶᠢ ᠰᠣᠷᠢᠯᠲᠠ ᠬᠢᠵᠦ ᠦᠵᠡᠭᠦᠯᠦᠭᠰᠡᠨ ᠪᠦᠭᠡᠳ ᠪᠣᠯᠪᠠᠰᠣᠷᠠᠯ ᠤᠨ ᠲᠠᠷᠠᠭ᠎ᠠ ᠰᠤᠷᠤᠭᠴᠢᠳ ᠲᠤ ᠭᠠᠯ ᠤᠨᠲᠠᠷᠠᠭᠠᠬᠤ ᠲᠡᠷᠭᠡ ᠶᠢᠨ ᠦᠢᠯᠡᠳᠦᠯ ᠬᠡᠷᠡᠭᠴᠡᠭᠡ᠂ ᠴᠢᠳᠠᠪᠬᠢ ᠶᠢ ᠨᠢᠭᠡᠳ ᠨᠢᠭᠡ ᠪᠠᠷ ᠲᠠᠨᠢᠯᠴᠠᠭᠤᠯᠤᠨ᠂ ᠭᠠᠯ ᠤᠨᠲᠠᠷᠠᠭᠠᠬᠤ ᠪᠠᠶᠢᠯᠳᠤᠭᠴᠢ ᠶᠢᠨ ᠲᠤᠰᠬᠠᠢ ᠬᠤᠪᠴᠠᠰᠤ᠂ ᠱᠠᠬᠠᠢ᠂ ᠮᠠᠯᠠᠭᠠᠢ ᠶᠢ ᠰᠤᠷᠤᠭᠴᠢᠳ ᠲᠤ ᠡᠮᠣᠰᠭᠡᠵᠦ᠂ ᠶᠠᠭᠠᠬᠢᠵᠤ ᠭᠠᠯ ᠤᠨᠲᠠᠷᠠᠭᠠᠬᠤ ᠲᠤᠬᠠᠢ ᠨᠢᠳᠦ ᠪᠠᠷ ᠨᠢ ᠦᠵᠡᠭᠦᠯᠵᠦ᠂ ᠭᠠᠷ ᠢᠶᠠᠷ ᠨᠢ ᠪᠠᠷᠢᠭᠤᠯᠤᠨ᠂ ᠪᠣᠯᠪᠠᠰᠣᠷᠠᠯ ᠬᠢᠯᠭᠡᠭᠰᠡᠨ ᠪᠠᠶᠢᠨ᠎ᠠ᠃
       ᠬᠡᠣᠬᠡᠳ ᠤᠳ ᠭᠠᠯ ᠤᠨᠲᠠᠷᠠᠭᠠᠬᠤ ᠠᠪᠠᠭ᠎ᠠ ᠨᠠᠷ ᠤᠨ ᠢᠶᠠᠨ ᠠᠵᠢᠯ ᠤᠨ ᠬᠠᠲᠠᠭᠤ ᠪᠡᠷᠬᠡᠰᠢᠶᠡᠯ ᠢ ᠮᠡᠳᠡᠷᠡᠵᠦ ᠂ ᠬᠠᠮᠢᠭ᠎ᠠ ᠬᠦᠴᠢᠷ ᠪᠡᠷᠬᠡᠰᠢᠶᠡᠯ᠂ ᠠᠶᠤᠯ ᠲᠦᠭᠰᠢᠭᠦᠷᠢ ᠪᠠᠶᠢᠪᠠᠯ ᠲᠡᠨᠳᠡ ᠭᠠᠯ ᠤᠨᠲᠠᠷᠬᠠᠭᠤ ᠪᠠᠶᠢᠯᠳᠤᠭᠴᠢᠳ ᠤᠨ ᠪᠠᠷ᠎ᠠ ᠰᠡᠭᠦᠳᠡᠷ ᠬᠠᠷᠠᠭᠳᠠᠵᠤ᠂ ᠲᠡᠳᠡᠨ ᠤ ᠡᠷᠭᠢᠵᠦ ᠬᠠᠷᠠᠬᠤ ᠵᠠᠪ ᠦᠭᠡᠢ᠂ ᠠᠪᠤᠷᠠᠯ ᠬᠦᠰᠡᠭᠰᠡᠨ ᠬᠦᠮᠦᠨ ᠤ ᠥᠭᠡᠳᠡ ᠨᠢᠭᠡᠨ ᠵᠣᠷᠪᠤᠰ  ᠠᠯᠲᠠᠨ ᠭᠡᠷᠡᠯ ᠮᠡᠲᠦ ᠰᠣᠮᠤᠳᠠᠨ ᠤᠷᠤᠭᠰᠢᠯᠠᠵᠤ᠂ ᠮᠢᠩᠭ᠎ᠠ ᠲᠥᠮᠡᠨ ᠠᠮᠢ ᠨᠠᠰᠤ ᠶᠢ ᠠᠪᠤᠷᠠᠳᠠᠭ ᠭᠤᠶᠠᠴᠢ ᠦᠭᠡᠢ ᠵᠣᠷᠢᠭ ᠰᠠᠨᠠᠭ᠎ᠠ ᠶᠢ ᠪᠢᠰᠢᠷᠡᠯ᠎ᠡ᠃
       ᠲᠤᠰ ᠠᠵᠢᠯᠯᠠᠭᠠᠨ ᠨᠢ ᠪᠠᠭᠰᠢ ᠰᠤᠷᠤᠭᠴᠢ ᠳᠤ ᠭᠠᠯ ᠤᠨᠲᠠᠷᠠᠭᠠᠬᠤ ᠦᠨᠳᠦᠰᠦᠨ ᠮᠡᠳᠡᠯᠭᠡ᠂ ᠭᠠᠯ ᠤᠨᠲᠠᠷᠠᠭᠠᠬᠤ ᠪᠠᠶᠢᠯᠳᠤᠭᠴᠢᠳ ᠤᠨ ᠡᠷᠡᠯᠬᠡᠭ ᠵᠣᠷᠢᠭ ᠰᠠᠨᠠᠭ᠎ᠠ᠂ ᠠᠷᠭ᠎ᠠ ᠰᠠᠮᠪᠠᠭ᠎ᠠ ᠶᠢ ᠦᠢᠯᠠᠭᠠᠭᠤᠯᠵᠤ᠂ ᠠᠮᠤᠷ ᠲᠥᠪᠰᠢᠨ ᠤ ᠲᠤᠬᠠᠢ ᠰᠣᠨᠤᠷ ᠰᠡᠷᠡᠮᠵᠢ ᠶᠢ ᠲᠡᠭᠡᠭᠰᠢᠯᠡᠭᠦᠯᠦᠨ᠂ ᠦᠪᠡᠷ ᠢ ᠪᠠᠨ ᠬᠠᠮᠠᠭᠠᠯᠠᠬᠤ ᠴᠢᠳᠠᠪᠤᠷᠢ ᠶᠢ ᠨᠢ ᠨᠡᠮᠡᠭᠳᠡᠭᠦᠯᠵᠦ᠂ ᠭᠡᠨᠡᠳᠲᠡ ᠶᠢᠨ ᠠᠶᠤᠯ ᠢ ᠠᠷᠭᠠᠴᠠᠭᠠᠬᠤ ᠴᠢᠳᠠᠪᠦᠷᠢ ᠶᠢ ᠨᠢ ᠪᠣᠯᠪᠠᠰᠤᠷᠠᠭᠤᠯᠤᠭᠰᠠᠨ ᠪᠠᠶᠢᠨ᠎ᠠ᠃                  ᠬᠠᠨ ᠠᠭᠤᠯᠠ ᠪᠠᠭ᠎ᠠ ᠰᠤᠷᠭᠠᠭᠤᠯᠢ ᠶᠢᠨ ᠵᠠᠯᠭᠠᠬᠦᠦ ᠮᠡᠳᠡᠭᠡᠯᠡᠵᠦ᠂ ᠵᠣᠷᠢᠭᠲᠤ ᠰᠡᠭᠦᠳᠡᠷᠯᠡᠪᠡ    
 
ᠢᠷᠡᠯᠲᠡ᠄ ᠠᠷᠣ ᠬᠤᠷᠴᠢᠨ ᠬᠤᠰᠢᠭᠤᠨ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号