ᠠᠷᠤ ᠬᠤᠷᠴᠢᠨ ᠬᠤᠰᠢᠭᠤᠨ ᠤ ᠬᠠᠨ ᠠᠭᠤᠯᠠ ᠪᠠᠭ᠎ᠠ ᠰᠤᠷᠭᠠᠭᠤᠯᠢ ᠶᠢᠨ ᠨᠢᠭᠡ᠂ ᠬᠤᠶᠠᠳᠤᠭᠠᠷ ᠣᠨ ᠤ ᠰᠤᠷᠤᠭᠴᠢᠳ ᠰᠤᠷᠭᠠᠭᠤᠯᠢ ᠳᠤ ᠪᠠᠨ ᠬᠦᠷᠴᠦ ᠢᠷᠡᠭᠡᠳ ᠨᠡᠷ᠎ᠡ ᠮᠡᠳᠡᠭᠦᠯᠵᠦ᠂ ᠬᠢᠴᠢᠶᠡᠯ ᠢᠶᠠᠨ ᠡᠬᠢᠯᠡᠪᠡ
ᠨᠡᠶᠢᠲᠡᠯᠡᠭᠰᠡᠨ ᠴᠠᠭ᠄
2020/5/28
       2020 ᠣᠨ ᠤ 5 ᠰᠠᠷ᠎ᠠ ᠶᠢᠨ 25 ᠤ ᠡᠳᠦᠷ ᠲᠡᠭᠡᠳᠦ ᠱᠠᠳᠤᠨ ᠤ ᠳᠣᠬᠢᠷᠠᠭᠤᠯᠭ᠎ᠠ ᠪᠠᠷ ᠠᠷᠤ ᠬᠤᠷᠴᠢᠨ ᠬᠤᠰᠢᠭᠤᠨ ᠤ ᠬᠠᠨ ᠠᠭᠤᠯᠠ ᠪᠠᠭ᠎ᠠ ᠰᠤᠷᠭᠠᠭᠤᠯᠢ ᠶᠢᠨ  ᠨᠢᠭᠡ ᠬᠤᠶᠠᠳᠤᠭᠠᠷ ᠣᠨ ᠤ ᠰᠤᠷᠤᠭᠴᠢᠳ ᠰᠤᠷᠭᠠᠭᠤᠯᠢ ᠳᠤ ᠪᠠᠨ ᠢᠷᠡᠵᠦ ᠨᠡᠷ᠎ᠡ ᠮᠡᠳᠡᠭᠦᠯᠪᠡ᠃ ᠬᠦᠭᠡᠷᠦᠬᠦᠨ ᠴᠣᠪᠤᠭᠤ ᠬᠡᠣᠬᠡᠳ ᠢᠶᠠᠨ ᠪᠠᠭᠰᠢ ᠨᠠᠷ  ᠨᠢ ᠰᠤᠷᠭᠠᠭᠤᠯᠢ ᠶᠢᠨ ᠡᠭᠦᠳᠡᠨ ᠳᠤ ᠤᠭᠲᠤᠨ ᠠᠪᠴᠦ᠂ ᠭᠠᠷᠠᠭ ᠲᠠᠭᠠᠭᠠᠯᠲᠠ ᠪᠠᠭᠰᠢ ᠨᠠᠷ ᠤᠨ ᠢᠶᠠᠨ ᠵᠢᠯᠤᠭᠤᠳᠤᠯᠭ᠎ᠠ ᠪᠠᠷ ᠠᠷᠢᠭᠤᠳᠬᠠᠭᠰᠠᠨ ᠵᠢᠵᠢᠭ ᠲᠡᠪᠢᠰᠭᠡᠷ ᠢᠶᠠᠷ ᠦᠩᠭᠡᠷᠡᠨ ᠪᠡᠶ᠎ᠡ ᠶᠢᠨ ᠲᠤᠯᠠᠭᠠᠨ ᠢᠶᠠᠨ ᠬᠡᠮᠵᠢᠭᠦᠯᠵᠦ ᠂ ᠠᠩᠭᠢ ᠶᠢᠨ ᠪᠠᠭᠰᠢ ᠳᠤ ᠪᠠᠨ ᠨᠡᠷ᠎ᠡ ᠮᠡᠳᠡᠭᠦᠯᠪᠡ᠃
       ᠰᠤᠷᠭᠠᠭᠤᠯᠢ ᠶᠢᠨ ᠬᠦᠷᠢᠶ᠎ᠡ ᠬᠡᠣᠬᠡᠳ ᠢᠶᠠᠷ ᠢᠶᠠᠨ ᠪᠠᠭ᠋ᠠᠷᠬᠠᠵᠤ᠂ ᠬᠡᠣᠬᠡᠳ ᠤᠨ ᠪᠠᠶᠠᠷᠯᠠᠯᠳᠤᠨ ᠬᠦᠭᠡᠷᠦᠯᠳᠦᠬᠦ ᠲᠠᠭᠤᠨ᠂ ᠣᠩᠰᠢᠯᠭ᠎ᠠ ᠶᠢᠨ ᠳᠠᠭᠤᠨ ᠢᠶᠠᠷ  ᠪᠢᠯᠬᠠᠵᠤ᠂ ᠪᠦᠬᠦ ᠪᠠᠭᠰᠢ ᠰᠤᠷᠤᠭᠴᠢ ᠣᠷᠤᠯᠴᠠᠭᠰᠠᠨ ᠲᠤᠭ ᠮᠠᠨᠳᠤᠭᠤᠯᠬᠤ ᠶᠣᠰᠤᠯᠠᠯ ᠰᠦᠷ ᠵᠢᠪᠬᠤᠭᠠᠲᠠᠢ ᠶᠠᠪᠤᠭᠳᠠᠭᠰᠠᠨ ᠪᠠᠶᠢᠨ᠎ᠠ᠃
       ᠨᠢᠭᠡ ᠬᠤᠶᠠᠳᠤᠭᠠᠷ ᠣᠨ ᠤ ᠠᠩᠬᠠᠨ ᠤ ᠬᠢᠴᠢᠶᠡᠯ ᠳᠤ ᠠᠩᠭᠢ ᠡᠷᠬᠢᠯᠡᠭᠴᠢ ᠪᠠᠭᠰᠢ ᠠᠴᠠ ᠰᠤᠷᠤᠭᠴᠢᠳ ᠲᠤ ᠠᠮᠤᠷ ᠲᠥᠪᠰᠢᠨ ᠤ ᠬᠦᠮᠦᠵᠢᠯ ᠬᠢᠬᠦ ᠶᠢᠨ ᠬᠠᠮᠲᠤ ᠬᠢᠵᠢᠭ ᠢ ᠰᠡᠷᠭᠡᠶᠢᠯᠡᠬᠦ ᠮᠡᠳᠡᠯᠭᠡ  ᠨᠦᠭᠦᠳ ᠠᠴᠠ ᠲᠠᠶᠢᠯᠪᠣᠷᠢᠯᠠᠨ᠂ ᠠᠮᠢᠳᠤᠷᠠᠯ ᠳᠤ ᠪᠠᠨ ᠠᠷᠢᠭᠤᠨ ᠴᠡᠪᠡᠷ ᠢ ᠣᠨᠴᠠ ᠠᠩᠬᠠᠷᠤᠨ᠂ ᠭᠠᠷ ᠤᠭᠢᠶᠠᠬᠤ ᠠᠯᠬᠤᠮ ᠲᠠᠷᠠᠭ᠎ᠠ᠂ ᠠᠮᠠᠨ ᠪᠦᠲᠡᠭᠡᠯᠭᠡ  ᠶᠢ ᠶᠠᠭᠠᠬᠢᠵᠤ ᠬᠡᠷᠡᠭᠯᠡᠬᠦ ᠲᠤᠬᠠᠢ ᠰᠤᠷᠤᠭᠴᠢᠳ ᠲᠤ ᠪᠠᠨ ᠮᠡᠳᠡᠭᠦᠯᠵᠦ᠂ ᠠᠮᠤᠷ ᠲᠥᠪᠰᠢᠨ ᠠᠮᠢᠳᠤᠷᠠᠵᠦ ᠰᠤᠷᠤᠯᠴᠠᠬᠤ ᠶᠢ ᠤᠯᠠᠮ ᠨᠢᠭᠡ ᠠᠯᠬᠤᠮ ᠱᠠᠭᠠᠷᠳᠠᠭᠰᠠᠨ ᠪᠠᠶᠢᠨ᠎ᠠ᠃ ᠰᠤᠷᠭᠠᠭᠤᠯᠢ ᠳᠤ ᠪᠠᠨ ᠢᠷᠡᠵᠦ ᠪᠠᠭᠰᠢ ᠶᠢᠨ ᠢᠶᠠᠨ ᠬᠢᠴᠢᠶᠡᠯ ᠢ ᠪᠡᠶᠡᠳᠡᠨ ᠰᠣᠨᠤᠰᠴᠤ᠂ ᠪᠠᠶᠠᠷᠯᠠᠨ ᠪᠠᠶᠢᠭ᠎ᠠ ᠬᠡᠣᠬᠡᠳ ᠤᠨ ᠰᠡᠳᠭᠢᠯ ᠳᠤ ᠠᠯᠢᠪᠠ ᠪᠦᠬᠦᠨ ᠲᠠᠨᠢᠯ ᠲᠠᠰᠣᠯ᠂ ᠬᠠᠯᠠᠭᠤᠨ ᠲᠤᠳᠤᠨᠤ ᠰᠠᠨᠠᠭᠳᠠᠨ᠎ᠠ᠂ ᠪᠠᠭᠰᠢ ᠶᠢᠨ ᠬᠡᠯᠡᠭᠰᠡᠨ᠂ ᠰᠠᠨᠠᠭᠤᠯᠤᠭᠰᠠᠨ ᠪᠦᠬᠦᠨ ᠢ ᠰᠡᠳᠭᠢᠯ ᠳᠤ ᠪᠠᠨ ᠲᠤᠭᠳᠠᠭᠠᠨ᠎ᠠ᠃ ︵ᠵᠠᠯᠭᠠᠬᠦᠦ︶
 
ᠢᠷᠡᠯᠲᠡ᠄ ᠠᠷᠣ ᠬᠤᠷᠴᠢᠨ ᠬᠤᠰᠢᠭᠤᠨ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号