ᠠᠷᠤ ᠬᠤᠷᠴᠢᠨ ᠬᠥᠳᠡᠭᠡ ᠲᠤᠰᠬᠤᠨ ᠤ ᠬᠤᠳᠠᠯᠳᠤᠭᠠᠨ ᠤ ᠪᠠᠩᠭᠢ ᠪᠠ ᠬᠤᠰᠢᠭᠤᠨ ᠡᠪᠯᠡᠯ ᠤᠨ ᠬᠤᠷᠢᠶ᠎ᠠ ᠬᠠᠮᠵᠢᠯᠴᠠᠨ ᠡᠷᠬᠢᠯᠡᠭᠰᠡᠨ ︽ᠶᠠᠳᠠᠭᠤ ᠠᠴᠠ ᠠᠩᠭᠢᠵᠢᠷᠠᠭᠤᠯᠬᠤ ᠪᠡᠷᠬᠡ ᠶᠢ ᠳᠠᠪᠠᠭ᠋ᠤ ᠳᠤ ᠬᠦᠴᠦᠨ ᠨᠡᠮᠡᠷᠢᠯᠡᠬᠦ ᠬᠦᠰᠡᠯ ᠵᠡᠭᠦᠳᠦ ᠪᠠᠨ ᠲᠡᠷᠭᠡᠯᠰᠢᠭᠦᠯᠬᠦ︾ ᠠᠵᠢᠯᠯᠠᠭᠠᠨ ᠬᠠᠨ ᠠᠭᠤᠯᠠ ᠪᠠᠭ᠎ᠠ ᠰᠤᠷᠭᠠᠭᠤᠯᠢ ᠳᠤ ᠶᠠᠪᠤᠭᠳᠠᠪᠠ
ᠨᠡᠶᠢᠲᠡᠯᠡᠭᠰᠡᠨ ᠴᠠᠭ᠄
2020/5/28
     2020 ᠣᠨ ᠤ 5 ᠰᠠᠷ᠎ᠠ ᠶᠢᠨ 26 ᠤ ᠡᠳᠦᠷ ᠠᠷᠤ ᠬᠤᠷᠴᠢᠨ ᠬᠥᠳᠡᠭᠡ ᠲᠤᠰᠬᠤᠨ ᠤ ᠬᠤᠳᠠᠯᠳᠤᠭᠠᠨ ᠤ ᠪᠠᠩᠭᠢ ᠪᠠ ᠬᠤᠰᠢᠭᠤᠨ ᠡᠪᠯᠡᠯ ᠤᠨ ᠬᠤᠷᠢᠶᠠᠨ ᠤ ᠬᠠᠮᠵᠢᠯᠴᠠᠨ ᠡᠷᠬᠢᠯᠡᠭᠰᠡᠨ ︽ᠶᠠᠳᠠᠭᠤ ᠠᠴᠠ ᠠᠩᠭᠢᠵᠢᠷᠠᠭᠤᠯᠬᠤ ᠪᠡᠷᠬᠡ ᠶᠢ ᠳᠠᠪᠠᠭ᠋ᠤ ᠳᠤ ᠬᠦᠴᠦᠨ ᠨᠡᠮᠡᠷᠢᠯᠡᠬᠦ ᠬᠦᠰᠡᠯ ᠵᠡᠭᠦᠳᠦ ᠪᠠᠨ ᠲᠡᠷᠭᠡᠯᠰᠢᠭᠦᠯᠬᠦ︾ ᠠᠵᠢᠯᠯᠠᠭᠠᠨ ᠬᠠᠨ ᠠᠭᠤᠯᠠ ᠪᠠᠭ᠎ᠠ ᠰᠤᠷᠭᠠᠭᠤᠯᠢ ᠳᠤ ᠶᠠᠪᠤᠭᠳᠠᠪᠠ᠃ ᠠᠵᠢᠯᠯᠠᠭᠠᠨ ᠳᠤ ᠬᠠᠨ ᠠᠭᠤᠯᠠ ᠪᠠᠭ᠎ᠠ ᠰᠤᠷᠭᠠᠭᠤᠯᠢ ᠶᠢᠨ 4.4 ᠳ᠋ᠦ᠋ᠭᠡᠷ ᠠᠩᠭᠢ ᠶᠢᠨ ᠮᠸᠢ ᠯᠢᠩ᠂ 1.2 ᠳ᠋ᠤᠭᠠᠷ ᠠᠩᠭᠢ ᠶᠢᠨ ᠠᠵᠠᠰᠠᠶᠢᠬᠠᠨ ᠵᠡᠷᠭᠡ 45 ᠨᠡᠷ᠎ᠡ ᠠᠮᠢᠳᠤᠷᠠᠯ ᠨᠢ ᠬᠦᠴᠢᠷᠲᠡᠢ ᠰᠤᠷᠤᠭᠴᠢᠳ ᠲᠤ ᠬᠦᠮᠦᠨ ᠪᠦᠷᠢ 200 ᠲᠦᠭᠦᠷᠢᠭ ᠤᠨ ᠦᠷᠲᠡᠭ ᠪᠦᠬᠦᠢ ᠪᠢᠴᠢᠭ ᠤᠨ ᠬᠡᠷᠡᠭᠰᠡᠯ᠂ ᠬᠤᠪᠴᠠᠰᠤ ᠬᠤᠨᠠᠷ᠂ ᠲᠠᠮᠢᠷ ᠤᠨ ᠬᠡᠷᠡᠭᠰᠡᠯ᠂ ᠮᠣᠩᠭᠤᠯ ᠨᠣᠮ ᠪᠢᠴᠢᠭ ᠵᠡᠷᠭᠡ ᠠᠮᠢᠳᠤᠷᠠᠯ ᠰᠣᠷᠤᠯᠴᠠᠯᠭ᠎ᠠ ᠶᠢᠨ ᠬᠡᠷᠡᠭᠴᠡᠭᠡ ᠲᠠᠢ ᠪᠣᠳᠠᠰ ᠢ ᠬᠦᠷᠭᠡᠵᠦ᠂ ᠨᠠᠮ ᠤᠨ ᠬᠠᠶᠢᠷ᠎ᠠ ᠬᠠᠯᠠᠮᠵᠢ ᠶᠢ ᠬᠦᠷᠲᠡᠭᠡᠵᠦ᠂ ᠰᠤᠷᠤᠭᠴᠢᠳ ᠢ ᠰᠢᠷᠭᠠᠭᠤ ᠬᠠᠲᠠᠭᠤᠵᠢᠯᠲᠠᠢ ᠰᠣᠷᠤᠯᠴᠠᠵᠤ᠂ ᠢᠷᠡᠭᠡᠳᠦᠢ ᠳᠤ ᠣᠯᠤᠰ ᠣᠷᠤᠨ ᠳᠤ ᠪᠠᠨ ᠬᠡᠷᠡᠭᠴᠡᠭᠡ ᠲᠠᠢ ᠬᠦᠮᠦᠨ ᠪᠣᠯᠬᠤ ᠶᠢ ᠬᠦᠰᠡᠨ ᠵᠣᠷᠢᠭᠵᠢᠭᠤᠯᠤᠭᠰᠠᠨ ᠪᠠᠶᠢᠨ᠎ᠠ᠃      ᠬᠤᠰᠢᠭᠤᠨ ᠡᠪᠯᠡᠯ ᠤᠨ ᠬᠤᠷᠢᠶᠠᠨ ᠤ ᠱᠦᠵᠢ ᠰᠡᠴᠡᠨᠪᠢᠯᠢᠭ᠂ ᠵᠠᠯᠠᠭᠤᠴᠤᠳ ᠤᠨ ᠬᠦᠭᠵᠢᠭᠦᠯᠦᠯᠲᠡ ᠶᠢᠨ ᠲᠠᠰᠤᠭ ᠤᠨ ᠲᠠᠷᠤᠭ᠎ᠠ ᠴᠠᠨ᠎ᠠ᠂ ᠠᠷᠤ ᠬᠤᠷᠴᠢᠨ ᠬᠥᠳᠡᠭᠡ ᠲᠣᠰᠬᠤᠨ ᠤ ᠬᠤᠳᠠᠯᠳᠤᠭᠠᠨ ᠤ ᠪᠠᠩᠭᠢ ᠶᠢᠨ ᠲᠡᠳ᠋ ᠲᠠᠷᠤᠭ᠎ᠠ᠂ ᠡᠪᠯᠡᠯ ᠤᠨ ᠬᠤᠷᠢᠶᠠᠨ ᠤ ᠱᠦᠵᠢ ᠰᠡᠴᠡᠨᠳᠦ᠂ ᠲᠡᠳ᠋ ᠱᠦᠵᠢ ᠤᠷᠭᠤᠮᠠᠯ᠂ ᠨᠠᠮ ᠪᠠ ᠣᠯᠠᠨ ᠲᠦᠮᠡᠨ ᠤ ᠠᠵᠢᠯ ᠤᠨ ᠬᠡᠯᠲᠡᠰ ᠤᠨ ᠲᠠᠭᠠᠭᠠᠮᠠᠯ ᠯᠢ ᠬᠤᠩ ᠮᠸᠢ᠂ ᠠᠵᠢᠯᠴᠢᠨ ᠤ ᠡᠪᠯᠡᠯ ᠤᠨ ᠠᠯᠪᠠᠨ ᠭᠡᠷ ᠤᠨ ᠡᠷᠬᠢᠯᠡᠭᠴᠢ ᠫᠠᠩ ᠪᠦᠸᠧ᠂ ᠬᠠᠨ ᠠᠭᠤᠯᠠ ᠪᠠᠭ᠎ᠠ ᠰᠤᠷᠭᠠᠭᠤᠯᠢ ᠶᠢᠨ ᠵᠠᠬᠢᠷᠤᠯ ᠪᠦᠷᠢᠨ᠂ ᠰᠤᠷᠭᠠᠭᠤᠯᠢ ᠶᠢᠨ ᠨᠠᠮ ᠤᠨ ᠡᠭᠦᠷ ᠤᠨ ᠱᠦᠵᠢ ᠰᠣᠶᠤᠯᠲᠤ᠂ ᠲᠡᠳ᠋ ᠵᠠᠬᠢᠷᠤᠯ ᠨᠠᠷᠠᠰᠤ᠂ ᠬᠤᠰᠢᠭᠤᠴᠢ ᠠᠩᠭᠢ ᠶᠢᠨ ᠶᠡᠭᠡ ᠠᠩᠭᠢ ᠶᠢᠨ ᠬᠠᠪᠰᠣᠷᠤᠨ ᠵᠢᠯᠣᠭᠤᠳᠤᠭᠴᠢ ᠨᠤᠭᠤᠨᠪᠢᠯᠢᠭ᠌ ᠨᠠᠷ ᠠᠵᠢᠯᠯᠠᠭᠠᠨ ᠳᠤ ᠣᠷᠤᠯᠴᠠᠵᠦ ᠵᠢᠭᠠᠨ ᠵᠢᠯᠣᠭᠤᠳᠤᠭᠰᠠᠨ ᠪᠠᠶᠢᠨ᠎ᠠ᠃      ᠠᠵᠢᠯᠯᠠᠭᠠᠨ ᠨᠢ ᠵᠠᠯᠠᠭᠤ ᠨᠠᠰᠤᠨ ᠤ ᠭᠡᠷᠡᠯ ᠭᠢᠯᠪᠠᠭ᠎ᠠ  ᠶᠢ ᠰᠠᠴᠣᠷᠠᠭᠤᠯᠤᠨ᠂ ᠶᠠᠳᠠᠭᠤ ᠠᠴᠠ ᠠᠩᠭᠢᠵᠢᠷᠠᠭᠤᠯᠬᠤ ᠪᠡᠷᠬᠡ ᠶᠢ ᠳᠠᠪᠠᠭ᠋ᠤ ᠳᠠᠶᠢᠯᠠᠯᠳᠤᠭᠠᠨ ᠤ ᠢᠯᠡᠯᠲᠠ ᠶᠢ ᠲᠡᠮᠡᠴᠡᠨ ᠣᠯᠬᠤ ᠶᠢ ᠲᠡᠮᠵᠢᠵᠦ ᠪᠠᠶᠢᠭ᠎ᠠ ᠪᠠᠨ ᠢᠯᠡᠷᠬᠡᠶᠢᠯᠡᠬᠦ ᠶᠢᠨ ᠬᠠᠮᠲᠤ᠂ ᠰᠢᠷᠭᠠᠭᠤ ᠬᠠᠲᠠᠭᠤᠵᠢᠯᠲᠠᠢ᠂ ᠪᠦᠯᠬᠦᠮᠳᠡᠨ ᠲᠡᠮᠡᠴᠡᠬᠦ ᠪᠣᠳᠠᠳᠤ ᠠᠵᠢᠯᠯᠠᠭᠠᠨ ᠢᠶᠠᠷ ᠢᠶᠠᠨ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠦᠯᠲᠡ ᠪᠠ ᠬᠦᠰᠡᠯ ᠵᠡᠭᠦᠳᠦ ᠶᠢ ᠲᠡᠷᠭᠡᠯᠰᠢᠭᠦᠯᠬᠦ ᠵᠠᠯᠠᠭᠤ ᠪᠠᠭᠠᠴᠤᠳ ᠤᠨ ᠢᠲᠡᠭᠡᠯ ᠵᠣᠷᠢᠭ ᠢ ᠲᠠᠶᠢᠴᠢᠯᠠᠭᠰᠠᠨ ᠪᠠᠶᠢᠨ᠎ᠠ᠃ ︵ᠵᠠᠯᠭᠠᠬᠦᠦ︶                    
 
ᠢᠷᠡᠯᠲᠡ᠄ ᠠᠷᠣ ᠬᠤᠷᠴᠢᠨ ᠬᠤᠰᠢᠭᠤᠨ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号