ᠠᠷᠤ ᠬᠤᠷᠴᠢᠨ ᠬᠤᠰᠢᠭᠤᠨ ᠤ ᠬᠠᠨ ᠠᠭᠤᠯᠠ ᠪᠠᠭ᠎ᠠ ᠰᠤᠷᠭᠠᠭᠤᠯᠢ ᠶᠢᠨ ᠰᠤᠷᠤᠭᠴᠢᠳ ᠬᠦᠳᠡᠯᠮᠦᠷᠢ ᠦᠢᠯᠡᠳᠦᠯᠭᠡ ᠳᠤ ᠣᠷᠤᠯᠴᠠᠵᠤ ︽5.1︾ ᠤ ᠲᠡᠯᠡᠬᠡᠢ ᠶᠢᠨ ᠬᠦᠳᠡᠯᠮᠦᠷᠢᠴᠢᠳ ᠤᠨ ᠪᠠᠶᠠᠷ ᠢᠶᠠᠨ ᠤᠳᠬ᠎ᠠ ᠠᠭᠤᠯᠭ᠎ᠠ ᠲᠠᠢ ᠦᠩᠭᠡᠷᠡᠭᠦᠯᠪᠡ
ᠨᠡᠶᠢᠲᠡᠯᠡᠭᠰᠡᠨ ᠴᠠᠭ᠄
2020/5/6
       ᠲᠠᠪᠤᠨ ᠬᠤᠰᠢᠭᠤ ᠮᠠᠯ ᠲᠠᠢ ᠲᠠᠩᠰᠤᠭ ᠪᠠᠶᠠᠨ ᠮᠣᠩᠭᠤᠯ ᠨᠤᠲᠤᠭ ᠲᠤ ᠬᠠᠪᠤᠷ ᠤᠨ ᠤᠷᠢᠨ ᠰᠠᠭᠠᠲᠠᠵᠤ᠂ ᠬᠠᠰᠢᠷ ᠮᠠᠯᠴᠢᠳ ᠠᠵᠢᠯᠴᠢ ᠬᠤᠶᠠᠷ ᠭᠠᠷ ᠢᠶᠠᠷ ᠢᠶᠠᠨ ᠠᠷᠢᠭᠤᠨ ᠲᠠᠭᠱᠠᠨ ᠨᠤᠲᠤᠭ ᠣᠷᠤᠨ ᠢᠶᠠᠨ ᠪᠦᠳᠦᠭᠡᠨ ᠪᠠᠶᠢᠭᠤᠯᠵᠣ ᠶᠠᠭᠠᠷᠠᠯᠳᠤᠨᠠᠮ᠃ ᠬᠢᠵᠢᠭ ᠲᠠᠬᠤᠯ ᠠᠴᠠ ᠪᠣᠯᠵᠤ ᠭᠡᠷ ᠲᠤ ᠪᠠᠨ ᠪᠠᠶᠢᠭ᠎ᠠ ᠰᠤᠷᠤᠭᠴᠢᠳ ᠨᠢᠭᠡ ᠲᠠᠯ᠎ᠠ ᠪᠠᠷ ᠰᠦᠯᠵᠢᠶᠡᠨ ᠬᠢᠴᠢᠶᠡᠯ ᠢᠶᠠᠨ ᠣᠷᠤᠵᠦ᠂ ᠨᠥᠭᠦᠭᠡ ᠲᠠᠯ᠎ᠠ ᠪᠠᠷ ᠠᠪᠤ ᠡᠵᠢ ᠪᠠᠨ ᠬᠠᠪᠰᠤᠷᠣᠨ ᠬᠦᠳᠡᠯᠮᠣᠷᠢ ᠦᠢᠯᠡᠳᠦᠯᠭᠡ ᠳᠤ ᠣᠷᠤᠯᠴᠠᠨ ᠬᠦᠳᠡᠯᠮᠣᠷᠢ ᠶᠢᠨ ᠪᠠᠶᠠᠷ ᠪᠠᠭ᠋ᠠᠳᠤᠯ᠂ ᠤᠳᠬ᠎ᠠ ᠠᠭᠤᠯᠭ᠎ᠠ ᠶᠢ ᠮᠡᠳᠡᠷᠡᠨ᠎ᠡ᠃
       2020 ᠣᠨ ᠤ ᠡᠨᠡᠬᠦ ᠣᠨᠴᠠᠭᠠᠢ ᠬᠦᠳᠡᠯᠮᠣᠷᠢ ᠶᠢᠨ ᠪᠠᠶᠠᠷ ᠤᠨ ᠡᠳᠦᠷ ᠬᠦᠷᠴᠦ ᠢᠷᠡᠬᠦ ᠲᠠᠰᠢᠷᠠᠮ ᠢᠶᠠᠷ ᠬᠠᠨ ᠠᠭᠤᠯᠠ ᠪᠠᠭ᠎ᠠ ᠰᠤᠷᠭᠠᠭᠤᠯᠢ ᠨᠢ ᠰᠤᠷᠤᠭᠴᠢᠳ ᠤᠨ ᠠᠮᠢᠳᠤᠷᠠᠯ ᠦᠢᠯᠡᠳᠦᠯᠭᠡ ᠳᠤ ᠣᠷᠤᠯᠴᠠᠵᠤ ᠪᠠᠶᠢᠭ᠎ᠠ ᠪᠠᠶᠢᠳᠠᠯ ᠢ ᠦᠢᠯᠠᠭᠠ᠂ ᠲᠡᠳᠡᠨ ᠢ ᠠᠵᠢᠯ ᠬᠦᠳᠡᠯᠮᠣᠷᠢ ᠳᠤ ᠢᠳᠡᠪᠬᠢᠲᠡᠢ ᠣᠷᠤᠯᠴᠠᠵᠤ᠂ ᠬᠦᠳᠡᠯᠮᠣᠷᠢ ᠶᠢ ᠬᠠᠶᠢᠷᠠᠯᠠᠨ᠂ ᠦᠪᠡᠷ ᠤᠨ ᠬᠦᠳᠡᠯᠮᠣᠷᠢ ᠶᠢᠨ ᠦᠷ᠎ᠡ ᠪᠦᠲᠦᠭᠡᠯ  ᠢᠶᠠᠨ ᠪᠣᠰᠤᠳ ᠲᠠᠢ ᠬᠤᠪᠢᠶᠠᠯᠴᠠᠵᠦ᠂ ᠬᠦᠳᠡᠯᠮᠤᠷᠢ ᠶᠢᠨ ᠭᠤᠸ᠎ᠠ ᠰᠠᠶᠢᠬᠠᠨ ᠢ ᠪᠠᠭ᠋ᠠᠷᠬᠠᠵᠤ᠂ ᠠᠪᠤ ᠡᠵᠢ ᠪᠠᠨ ᠠᠴᠢᠯᠠᠨ ᠬᠦᠨᠳᠦᠳᠭᠡᠵᠦ᠂ ᠪᠡᠶ᠎ᠡ ᠰᠡᠳᠭᠢᠯ ᠤᠨ ᠡᠷᠡᠭᠦᠯ ᠬᠦᠭᠵᠢᠯᠲᠡ ᠶᠢ ᠠᠬᠢᠭᠤᠯᠬᠤ ᠶᠢ ᠤᠷᠢᠶᠠᠯᠠᠭᠰᠠᠨ ᠪᠠᠶᠢᠨ᠎ᠠ᠃
       ᠮᠠᠨ ᠤ ᠰᠤᠷᠭᠠᠭᠤᠯᠢ ᠶᠢᠨ ᠨᠢᠭᠡ ᠠᠴᠠ ᠵᠢᠷᠭᠤᠳᠤᠭᠠᠷ ᠣᠨ ᠤ ᠠᠩᠭᠢ ᠪᠤᠯᠭᠠᠨ ᠨᠢ ᠰᠤᠷᠤᠭᠴᠢᠳ ᠤᠨ ᠢᠶᠠᠨ ᠬᠦᠳᠡᠯᠮᠣᠷᠢ ᠦᠢᠯᠡᠳᠦᠯᠭᠡ ᠳᠤ ᠣᠷᠤᠯᠴᠠᠵᠤ ᠪᠠᠶᠢᠭ᠎ᠠ ᠪᠠᠶᠢᠳᠠᠯ ᠢᠶᠠᠨ ᠠᠩᠭᠢ ᠪᠠᠷ ᠨᠢᠭᠡᠴᠢᠯᠡᠨ ᠰᠤᠷᠭᠠᠭᠤᠯᠢ ᠳᠤ ᠪᠠᠨ ᠬᠠᠷᠢᠭᠤ ᠮᠡᠳᠡᠭᠦᠯᠦᠭᠰᠡᠨ ᠪᠠᠶᠢᠨ᠎ᠠ᠃ ᠬᠡᠣᠬᠡᠳ ᠤᠳ ᠮᠠᠨᠢ ᠦᠪᠡᠷ ᠤᠨ ᠬᠢᠵᠦ ᠲᠡᠶᠢᠯᠬᠦ ᠠᠵᠢᠯ ᠪᠤᠯᠭᠠᠨ ᠢᠶᠠᠨ ᠪᠡᠶ᠎ᠡ ᠪᠠᠨ ᠳᠠᠭᠠᠭᠠᠵᠤ ᠪᠠᠶᠡᠯᠡᠭᠦᠯᠦᠨ᠂ ᠭᠡᠷ ᠤᠨ ᠠᠬᠠᠮᠠᠳ ᠲᠤ ᠪᠠᠨ ᠠᠯᠢ ᠴᠢᠳᠠᠬᠤ ᠪᠠᠷ ᠲᠤᠰᠠ ᠳᠡᠮ ᠪᠤᠯᠵᠠᠭᠠᠨ᠎ᠠ᠃ ᠬᠤᠷᠠᠭ᠎ᠠ ᠢᠰᠢᠭᠡ ᠤᠭᠵᠢᠬᠤ ᠵᠡᠷᠭᠡ ᠲᠥᠯ ᠮᠠᠯ ᠤᠨ ᠠᠷᠠᠴᠢᠯᠠᠭ᠎ᠠ᠂ ᠬᠤᠨᠢ ᠮᠠᠯ ᠳᠤ ᠪᠠᠨ ᠡᠪᠡᠰᠦ ᠬᠠᠶᠠᠬᠤ᠂ ᠬᠤᠨᠢ ᠬᠠᠷᠢᠭᠤᠯᠬᠤ᠂ ᠲᠡᠮᠡᠭᠡ ᠪᠠᠨ ᠡᠪᠡᠰᠦᠯᠡᠬᠦ᠂ ᠮᠣᠷᠢ ᠪᠠᠨ ᠤᠰᠤᠯᠠᠵᠤ ᠡᠪᠡᠰᠦᠯᠡᠬᠦ ᠵᠡᠷᠭᠡ ᠮᠠᠯᠵᠢᠬᠤ ᠦᠢᠯᠡᠳᠪᠦᠷᠢᠯᠡᠯ ᠤᠨ ᠠᠵᠢᠯ᠂ ᠲᠠᠷᠢᠰᠢᠨ ᠭᠠᠵᠠᠷ ᠲᠡᠭᠰᠢᠯᠡᠬᠦ᠂ ᠨᠣᠭᠤᠭ᠎ᠠ ᠲᠠᠷᠢᠬᠤ᠂ ᠲᠠᠷᠢᠭᠰᠠᠨ ᠨᠣᠭᠤᠭ᠎ᠠ ᠪᠠᠨ ᠤᠰᠤᠯᠠᠬᠤ᠂ ᠭᠡᠷ ᠥᠷᠥᠭᠡ ᠪᠠᠨ ᠴᠡᠪᠡᠷᠯᠡᠬᠦ᠂ ᠬᠤᠪᠴᠠᠰᠤ ᠬᠤᠨᠠᠷ ᠤᠭᠢᠶᠠᠬᠤ᠂ ᠶᠠᠩᠵᠤ ᠪᠦᠷᠢ ᠶᠢᠨ ᠨᠣᠭᠤᠭ᠎ᠠ ᠪᠤᠳᠠᠭ᠎ᠠ ᠬᠢᠬᠦ ᠵᠡᠷᠭᠡ ᠭᠡᠷ ᠪᠦᠯᠢ ᠶᠢᠨ ᠠᠵᠢᠯ ᠳᠤ ᠦᠷᠭᠦᠯᠵᠢ ᠬᠠᠮᠵᠢᠨ ᠣᠷᠤᠯᠴᠠᠵᠠᠭᠠᠨ᠎ᠠ᠃        ᠬᠦᠳᠡᠯᠮᠣᠷᠢ ᠠᠭᠤᠤ ᠶᠡᠭᠡ᠂ ᠬᠦᠳᠡᠯᠮᠦᠷᠢ ᠥᠩᠭᠡ ᠭᠡᠷᠡᠯᠲᠡᠢ᠂ ᠬᠦᠳᠡᠯᠮᠦᠷᠢ ᠬᠦᠮᠦᠨ ᠲᠦᠷᠦᠯᠬᠢᠲᠡᠨ ᠢ ᠪᠦᠲᠦᠭᠡᠪᠡ᠃ ᠬᠦᠳᠡᠯᠮᠦᠷᠢ ᠳᠤ ᠲᠤᠷᠠᠲᠠᠢ ᠬᠡᠣᠬᠡᠳ ᠬᠠᠮᠤᠭ ᠵᠣᠯ ᠵᠢᠷᠭᠠᠯᠲᠠᠢ ᠪᠠᠶᠢᠳᠠᠭ᠃
 
ᠢᠷᠡᠯᠲᠡ᠄ ᠠᠷᠣ ᠬᠤᠷᠴᠢᠨ ᠬᠤᠰᠢᠭᠤᠨ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号