| 2020 ᠣᠨ ᠤ 5 ᠰᠠᠷ᠎ᠠ ᠶᠢᠨ 7 ᠤ ᠡᠳᠦᠷ ᠪᠣᠯ ᠠᠷᠤ ᠬᠤᠷᠴᠢᠨ ᠬᠤᠰᠢᠭᠤᠨ ᠤ ᠬᠠᠨ ᠠᠭᠤᠯᠠ ᠪᠠᠭ᠎ᠠ | ᠰᠤᠷᠭᠠᠭᠤᠯᠢ ᠶᠢᠨ ᠳᠥᠷᠪᠡ᠂ ᠲᠠᠪᠤ᠂ ᠵᠢᠷᠭᠤᠳᠤᠭᠠᠷ ᠣᠨ ᠤ ᠰᠤᠷᠤᠭᠴᠢᠳ ᠰᠤᠷᠭᠠᠭᠤᠯᠢ ᠳᠤ ᠪᠠᠨ ᠢᠷᠡᠵᠦ ᠨᠡᠷ᠎ᠡ | ᠮᠡᠳᠡᠭᠦᠯᠬᠦ ᠡᠳᠦᠷ ᠪᠣᠯᠤᠨ᠎ᠠ᠃ ᠰᠤᠷᠤᠭᠴᠢᠳ ᠬᠦᠰᠡᠵᠦ ᠤᠳᠠᠭᠰᠠᠨ ᠰᠤᠷᠭᠠᠭᠤᠯᠢ ᠶᠢᠨ ᠡᠭᠦᠳᠡᠨ ᠳᠤ ᠬᠦᠷᠴᠦ ᠢᠷᠡᠬᠦ | ᠲᠠᠢ ᠵᠡᠷᠭᠡ ᠬᠦᠯᠢᠶᠡᠵᠣ ᠶᠠᠳᠠᠭᠰᠠᠨ ᠪᠠᠭᠰᠢ ᠨᠠᠷ ᠨᠢ ᠪᠣᠭᠤᠳᠠᠯ ᠪᠠᠭᠯᠠᠭ᠎ᠠ ᠶᠢ ᠨᠢ ᠬᠠᠮᠵᠢᠨ ᠠᠪᠴᠤ | ᠠᠷᠢᠭᠤᠳᠬᠠᠭᠰᠠᠨ ᠲᠡᠪᠢᠰᠭᠡᠷ ᠢᠶᠠᠷ ᠭᠢᠰᠭᠢᠭᠦᠯᠦᠨ ᠶᠡᠭᠡ ᠡᠭᠦᠳ᠋ᠨ ᠪᠠᠷ ᠲᠤᠰᠴᠤ ᠠᠪᠤᠮᠠᠭᠴᠠ ᠲᠤᠯᠠᠭᠠᠨ ᠢ ᠬᠡᠮᠵᠢᠬᠦ | ᠪᠠᠭᠰᠢ ᠨᠠᠷ ᠤᠭᠳᠤᠨ ᠠᠪᠴᠤ᠂ ᠲᠡᠰ ᠲᠠᠷᠠᠭᠠᠯᠠᠨ ᠬᠡᠮᠵᠢᠵᠦ᠂ ᠠᠩᠭᠢ ᠶᠢᠨ ᠪᠠᠭᠰᠢ ᠨᠢ ᠪᠢᠷ ᠪᠠᠷᠢᠵᠤ ᠪᠡᠶ᠎ᠡ ᠶᠢᠨ | ᠲᠤᠯᠠᠭᠠᠨ ᠢ ᠨᠢ ᠲᠡᠮᠳᠡᠭᠯᠡᠨ᠂ ᠨᠡᠷᠡᠰ ᠤᠨ ᠪᠦᠷᠢᠳᠭᠡᠯ ᠬᠢᠵᠦ᠂ ᠪᠠᠶᠢᠷᠢ ᠶᠢᠨ ᠳ᠋ᠤᠭᠠᠷ ᠢ ᠨᠢ ᠵᠢᠭᠠᠨ ᠦᠭᠴᠦ᠂ | ᠪᠠᠶᠢᠷᠢ ᠶᠢᠨ ᠪᠠᠭᠰᠢ ᠠᠴᠠ ᠰᠤᠷᠤᠭᠴᠢᠳ ᠢ ᠣᠣᠯ ᠤᠨ 8 ᠬᠦᠮᠦᠨ ᠨᠢᠭᠡ ᠪᠠᠶᠢᠷᠢ ᠪᠠᠶᠢᠭᠰᠠᠨ ᠢ ᠨᠢ 6 ᠬᠦᠮᠦᠨ ᠨᠢᠭᠡ | ᠪᠠᠶᠢᠷᠢ ᠳᠤ ᠰᠠᠭᠤᠬᠤ ᠪᠣᠯᠭᠠᠵᠤ ᠦᠭᠡᠷᠡᠴᠢᠯᠡᠭᠰᠡᠨ ᠪᠠᠶᠢᠨ᠎ᠠ᠃ ᠦᠨᠤᠳᠦᠷ ᠰᠤᠷᠭᠠᠭᠤᠯᠢ ᠶᠢᠨ ᠣᠳᠤᠷᠢᠳᠤᠯᠭ᠎ᠠ ᠶᠢᠨ | ᠨᠢᠭᠡᠲᠦᠯᠲᠡᠢ ᠵᠢᠭᠠᠨ ᠵᠢᠯᠣᠭᠤᠳᠤᠯᠭ᠎ᠠ ᠪᠠ ᠪᠠᠭᠰᠢ ᠨᠠᠷ ᠤᠨ ᠨᠠᠷᠢᠨ ᠬᠢᠨᠠᠮᠠᠭᠠᠢ᠂ ᠲᠡᠰ ᠲᠠᠷᠠᠭ᠎ᠠ ᠲᠠᠢ | ᠠᠵᠢᠯᠯᠠᠭᠠᠨ ᠢᠶᠠᠷ 578 ᠰᠤᠷᠤᠭᠴᠢ ᠪᠦᠬᠦᠨ ᠢᠶᠠᠷ ᠢᠶᠠᠨ ᠨᠡᠷ᠎ᠡ ᠮᠡᠳᠡᠭᠦᠯᠦᠨ ᠰᠤᠷᠭᠠᠭᠤᠯᠢ ᠳᠤ ᠪᠠᠨ ᠬᠦᠷᠴᠦ | ᠢᠷᠡᠵᠡᠢ᠃ | ᠦᠳᠡ ᠶᠢᠨ ᠬᠤᠶᠢᠨ᠎ᠠ ᠠᠩᠭᠢ ᠶᠢᠨ ᠪᠠᠭᠰᠢ ᠠᠴᠠ ᠤᠷᠢᠳᠴᠢᠯᠠᠨ ᠪᠡᠯᠡᠳᠭᠡᠭᠰᠡᠨ ᠤᠳᠬ᠎ᠠ ᠠᠭᠤᠯᠭ᠎ᠠ ᠲᠠᠢ | ᠠᠩᠬᠠᠨ ᠤ ᠬᠢᠴᠢᠶᠡᠯᠯᠡᠭᠡ ᠣᠷᠤᠵᠣ᠂ ᠬᠢᠵᠢᠭ ᠢ ᠰᠡᠷᠭᠡᠶᠢᠯᠡᠬᠦ ᠮᠡᠳᠡᠯᠭᠡ ᠮᠡᠳᠡᠴᠡ ᠶᠢ ᠨᠢ ᠲᠡᠭᠡᠭᠰᠢᠯᠡᠭᠦᠯᠦᠨ᠂ ᠬᠢᠵᠢᠭ | ᠡᠭᠦᠰᠦᠭᠰᠡᠨ ᠬᠠᠮᠤᠭ ᠭᠡᠴᠡᠭᠦᠦ ᠴᠠᠭ ᠲᠤ ᠬᠢᠵᠢᠭ ᠢ ᠲᠠᠷᠤᠬᠤ ᠪᠠᠷ ᠡᠮᠣᠨ᠎ᠡ ᠹᠷᠤᠨᠲ ᠲᠤ ᠮᠣᠷᠳᠠᠭᠰᠠᠨ ᠡᠮᠴᠢ | ᠨᠠᠷ ᠤᠨ ᠦᠯᠢᠭᠡᠷ ᠵᠢᠱᠢᠶ᠎ᠡ ᠠᠴᠠ ᠶᠡᠷᠢᠵᠦ᠂ ᠲᠡᠳᠡᠨ ᠤ ᠪᠠᠭᠠᠳᠦᠷ ᠵᠢᠱᠢᠶᠡᠴᠢ ᠦᠢᠯᠡ ᠠᠵᠢᠯᠯᠠᠭ᠎ᠠ ᠳᠤ ᠰᠡᠳᠭᠢᠯ | ᠲᠤᠭᠳᠤᠯᠤᠨ᠂ ᠡᠬᠡ ᠤᠯᠤᠰ ᠤᠨ ᠢᠶᠠᠨ ᠬᠠᠮᠤᠭ ᠬᠦᠴᠢᠷᠲᠡᠢ ᠥᠶᠡᠰ ᠠᠷᠢᠭᠤᠨ ᠴᠤᠭᠴᠠᠰ᠂ ᠠᠯᠲᠠᠨ ᠠᠮᠢ ᠪᠠᠨ | ᠦᠷᠡᠭᠳᠡᠭᠦᠯᠦᠭᠰᠡᠨ ᠦᠷᠭᠡᠨ ᠤᠯᠠᠨ ᠦᠷᠡᠭᠳᠡᠭᠰᠡᠨ ᠪᠠᠭᠠᠳᠦᠷᠴᠤᠳ ᠢᠶᠠᠨ ᠲᠤᠷᠠᠳᠬᠠᠵᠤ᠂ ᠰᠤᠷᠤᠭᠴᠢᠳ ᠲᠤ ᠪᠠᠨ | ᠡᠬᠡ ᠣᠷᠤᠨᠴᠢ ᠬᠦᠮᠦᠵᠢᠯ ᠬᠢᠭᠰᠡᠨ ᠪᠠᠶᠢᠨ᠎ᠠ᠃ ᠰᠠᠬᠢᠯᠭ᠎ᠠ ᠪᠠᠲᠤ᠂ ᠠᠮᠤᠷ ᠲᠥᠪᠰᠢᠨ᠂ ᠬᠠᠤᠯᠢ ᠴᠠᠭᠠᠵᠠ ᠵᠡᠷᠭᠡ | ᠪᠠᠶᠠᠯᠢᠭ ᠠᠭᠤᠯᠭ᠎ᠠ ᠪᠠᠷ ᠶᠠᠪᠤᠭᠳᠠᠭᠰᠠᠨ ᠠᠩᠬᠠᠨ ᠤ ᠬᠢᠴᠢᠶᠡᠯ ᠨᠢ ᠰᠤᠷᠤᠭᠴᠢᠳ ᠲᠤ ᠴᠢᠷᠮᠠᠶᠢᠨ ᠰᠣᠷᠤᠯᠴᠠᠵᠤ ᠡᠬᠡ | ᠤᠯᠤᠰ ᠢᠶᠠᠨ ᠬᠠᠶᠢᠷᠠᠯᠠᠬᠤ᠂ ᠠᠷᠠᠳ ᠲᠦᠮᠡᠨ ᠳᠤ ᠪᠠᠨ ᠦᠢᠯᠡᠴᠢᠯᠡᠬᠦ᠂ ᠠᠯᠢᠪᠠ ᠶᠠᠪᠤᠳᠠᠯ ᠳᠤ ᠦᠨᠡᠨᠴᠢ ᠢᠲᠡᠭᠡᠮᠵᠢ | ᠲᠠᠢ ᠪᠠᠶᠢᠬᠤ ᠰᠡᠳᠭᠢᠯᠭᠡ ᠶᠢ ᠪᠣᠢ ᠪᠣᠯᠭᠠᠵᠠᠢ᠃ ︵ᠵᠠᠯᠭᠠᠬᠦᠦ︶ | | | | | | | |