ᠬᠠᠨ ᠠᠭᠤᠯᠠ ᠪᠠᠭ᠎ᠠ ᠰᠤᠷᠭᠠᠭᠤᠯᠢ ᠨᠢ 2020 ᠣᠨ ᠤ ᠬᠠᠪᠤᠷ ᠤᠨ ᠬᠤᠭᠤᠴᠠᠭᠠᠨ ᠤ ᠰᠤᠷᠭᠠᠭᠤᠯᠢ ᠡᠬᠢᠯᠡᠬᠦ ᠵᠢᠴᠢ ᠬᠢᠵᠢᠭ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2020/5/9
       2020 ᠣᠨ ᠤ 5 ᠰᠠᠷ᠎ᠠ ᠶᠢᠨ 6 ᠤ ᠡᠳᠦᠷ᠂ ᠠᠷᠤ ᠬᠤᠷᠴᠢᠨ ᠬᠤᠰᠢᠭᠤᠨ ᠤ ᠬᠠᠨ ᠠᠭᠤᠯᠠ ᠪᠠᠭ᠎ᠠ ᠰᠤᠷᠭᠠᠭᠤᠯᠢ ᠨᠢ 2020 ᠣᠨ ᠤ ᠬᠠᠪᠤᠷ ᠤᠨ ᠬᠤᠭᠤᠴᠠᠭᠠᠨ ᠤ ᠰᠤᠷᠭᠠᠭᠤᠯᠢ ᠡᠬᠢᠯᠡᠬᠦ ᠵᠢᠴᠢ ᠬᠢᠵᠢᠭ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠬᠤᠷᠠᠯ ᠬᠤᠷᠠᠯᠳᠤᠭᠤᠯᠪᠠ᠃ ᠬᠤᠷᠠᠯ ᠳᠡᠭᠡᠷ᠎ᠡ᠂ ᠰᠤᠷᠭᠠᠭᠤᠯᠢ ᠶᠢᠨ ᠨᠠᠮ ᠤᠨ ᠪᠠᠶᠢᠭᠤᠯᠤᠯᠲᠠ ᠶᠢᠨ ᠠᠵᠢᠯ᠂ ᠬᠢᠴᠢᠶᠡᠯ ᠬᠦᠮᠦᠵᠢᠯ᠂ ᠮᠣᠷᠠᠯ ᠬᠦᠮᠦᠵᠢᠯ᠂ ᠠᠷᠤ ᠦᠢᠯᠡᠴᠢᠯᠡᠭᠡᠨ᠂ ᠠᠮᠣᠷ ᠲᠦᠪᠰᠢᠨ ᠂ ᠬᠢᠵᠢᠭ ᠤᠨ ᠪᠠᠶᠢᠳᠠᠯ ᠵᠡᠷᠭᠡ ᠲᠠᠯ᠎ᠠ ᠪᠠᠷ ᠲᠤᠰ ᠬᠤᠭᠤᠴᠠᠭᠠᠨ ᠤ ᠠᠵᠢᠯ ᠳᠤ ᠪᠠᠨ ᠨᠠᠷᠢᠯᠢᠭ ᠪᠠᠶᠢᠷᠢᠯᠠᠭᠤᠯᠤᠯᠲᠠ ᠬᠢᠭᠰᠡᠨ ᠪᠠᠶᠢᠨ᠎ᠠ᠃ ᠡᠭᠦᠨ ᠤ ᠬᠠᠮᠲᠤ ᠰᠤᠷᠭᠠᠭᠤᠯᠢ ᠶᠢᠨ ᠵᠠᠬᠢᠷᠤᠯ ᠠᠴᠠ ᠬᠤᠰᠢᠭᠤᠨ ᠰᠤᠷᠭᠠᠨ ᠬᠦᠮᠦᠵᠢᠯ ᠤᠨ ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ ᠶᠢ ᠲᠠᠮᠵᠢᠭᠤᠯᠤᠨ᠂ ᠵᠢᠭᠠᠨ ᠰᠤᠷᠭᠠᠯᠲᠠ᠂ ᠮᠣᠷᠠᠯ ᠬᠦᠮᠦᠵᠢᠯ᠂ ᠠᠮᠤᠷ ᠲᠦᠪᠰᠢᠨ ᠤ ᠠᠵᠢᠯ ᠢ ᠦᠷᠭᠦᠯᠵᠢᠯᠡᠨ ᠴᠢᠩᠭᠠᠳᠬᠠᠬᠤ ᠲᠤᠬᠠᠢ ᠱᠠᠭᠠᠷᠳᠠᠯᠭ᠎ᠠ ᠲᠠᠯᠪᠢᠭᠰᠠᠨ ᠪᠠᠶᠢᠨ᠎ᠠ᠃
       ᠬᠤᠷᠠᠯ ᠤᠨ ᠳᠠᠷᠠᠭ᠎ᠠ ᠬᠢᠵᠢᠭ ᠢ ᠰᠡᠷᠭᠡᠶᠢᠯᠡᠨ ᠬᠢᠵᠠᠭᠠᠷᠯᠠᠬᠤ ᠪᠣᠯᠪᠠᠰᠤᠷᠠᠯ ᠬᠢᠭᠰᠡᠨ ᠪᠠᠶᠢᠨ᠎ᠠ᠃ ᠬᠤᠰᠢᠭᠤᠨ ᠮᠣᠩᠭᠤᠯ ᠡᠮᠨᠡᠯᠭᠡ ᠶᠢᠨ ᠬᠤᠷᠢᠶᠠᠨ ᠤ ᠬᠤᠶᠠᠷ ᠡᠮᠴᠢ ᠶᠢ ᠤᠷᠢᠵᠤ᠂ ᠰᠢᠨ᠎ᠡ ᠲᠢᠳᠢᠮᠯᠢᠭ ᠠᠭᠤᠰᠭᠢᠨ ᠦᠷᠪᠢᠰᠦᠯ᠂ ᠬᠤᠯᠤᠭᠠᠨ᠎ᠠ ᠶᠢᠨ ᠬᠢᠵᠢᠭ ᠵᠡᠷᠭᠡ ᠶᠢ ᠤᠷᠢᠳᠴᠢᠯᠠᠨ ᠰᠡᠷᠭᠡᠶᠢᠯᠡᠬᠦ ᠠᠵᠢᠯ ᠤᠨ ᠲᠤᠬᠠᠢ ᠪᠣᠯᠪᠠᠰᠤᠷᠠᠯ ᠬᠢᠵᠦ᠂ ᠰᠤᠷᠤᠭᠴᠢᠳ ᠬᠠᠯᠠᠭᠤᠷᠠᠪᠠᠯ ᠬᠠᠯᠠᠭᠤᠨ ᠢ ᠬᠡᠷᠬᠢᠨ ᠬᠡᠮᠵᠢᠬᠦ᠂ ᠬᠡᠵᠢᠶ᠎ᠡ ᠬᠡᠮᠵᠢᠬᠦ᠂ ᠬᠡᠪ ᠤᠨ ᠪᠣᠰᠤ ᠬᠠᠯᠠᠭᠤᠨ ᠢᠯᠡᠷᠡᠪᠡᠯ ᠬᠡᠷᠬᠢᠨ ᠰᠢᠢᠳᠪᠦᠷᠢᠯᠡᠬᠦ᠂ ᠠᠮᠠᠪᠴᠢ ᠪᠠᠨ ᠵᠥᠪ ᠵᠡᠭᠦᠬᠦ᠂ ᠬᠠᠶᠠᠭᠳᠠᠮᠠᠯ ᠠᠮᠠᠪᠴᠢ ᠪᠠᠨ ᠲᠣᠭᠳᠠᠭᠰᠠᠨ ᠬᠤᠭ ᠤᠨ ᠰᠠᠪᠠᠨ ᠳᠤ ᠬᠠᠶᠠᠬᠤ᠂ ᠭᠠᠷ ᠤᠭᠢᠶᠠᠬᠤ ᠠᠯᠬᠤᠮ ᠲᠠᠷᠠᠭ᠎ᠠ ᠵᠡᠷᠭᠡ ᠶᠢ ᠪᠠᠭᠰᠢ ᠨᠠᠷ ᠲᠤ ᠵᠢᠭᠠᠭᠰᠠᠨ ᠪᠠᠶᠢᠨ᠎ᠠ᠃ ᠬᠡᠭᠡᠷ᠎ᠡ ᠶᠢᠨ ᠠᠮᠢᠲᠠᠨ ᠢ ᠠᠩᠨᠠᠬᠤ ᠦᠭᠡᠢ᠂ ᠬᠡᠭᠡᠷ᠎ᠡ ᠶᠢᠨ ᠠᠮᠢᠲᠠᠨ ᠤ ᠮᠢᠬ᠎ᠠ ᠶᠢ ᠢᠳᠡᠬᠦ ᠦᠭᠡᠢ᠂ ᠭᠠᠳᠠᠨ᠎ᠠ ᠣᠷᠤᠨ ᠠᠴᠠ ᠢᠷᠡᠭᠰᠡᠨ ᠬᠦᠮᠦᠨ ᠲᠠᠢ ᠠᠭᠤᠯᠵᠠᠭᠰᠠᠨ ᠡᠰᠡᠬᠦ ᠪᠠᠨ ᠦᠨᠡᠨ ᠮᠥᠨ ᠢᠶᠠᠷ ᠨᠢ ᠮᠡᠳᠡᠭᠦᠯᠬᠦ᠂ ᠴᠤᠩᠬᠤ ᠶᠢ ᠦᠷᠭᠦᠯᠵᠢ ᠨᠡᠭᠡᠭᠡᠵᠦ᠂ ᠰᠠᠯᠬᠢ ᠨᠡᠪᠲᠡᠷᠡᠭᠦᠯᠬᠦ ᠠᠷᠢᠭᠤᠳᠬᠠᠯ ᠬᠢᠬᠦ ᠲᠤᠬᠠᠢ ᠱᠠᠭᠠᠷᠳᠠᠨ ᠠᠩᠬᠠᠷᠤᠭᠤᠯᠤᠭᠰᠠᠨ ᠪᠠᠶᠢᠨ᠎ᠠ᠃        ᠲᠤᠰ ᠤᠳᠠᠭᠠᠨ ᠤ ᠬᠤᠷᠠᠯ ᠨᠢ ᠪᠠᠭᠰᠢ ᠰᠤᠷᠤᠭᠴᠢᠳ ᠤᠨ ᠰᠢᠨ᠎ᠡ ᠨᠢᠭᠡᠨ ᠬᠤᠭᠤᠴᠠᠭᠠᠨ ᠤ ᠠᠵᠢᠯ ᠤᠨ ᠡᠷᠴᠢᠮ ᠢ ᠴᠢᠩᠭᠠᠳᠬᠠᠬᠤ ᠶᠢᠨ ᠬᠠᠮᠲᠤ ᠬᠢᠵᠢᠭ ᠤᠨ ᠬᠤᠭᠤᠴᠠᠭᠠᠨ ᠤ ᠰᠤᠨᠤᠷ ᠰᠡᠷᠡᠮᠵᠢ ᠶᠢ ᠳᠡᠭᠡᠭᠰᠢᠯᠡᠭᠦᠯᠵᠦ᠂ ᠠᠮᠣᠷ ᠲᠥᠪᠰᠢᠨ ᠢ ᠪᠠᠲᠤᠯᠠᠬᠤ ᠳᠤ ᠦᠢᠯᠡᠳᠦᠯ ᠦᠵᠡᠭᠦᠯᠦᠭᠰᠡᠨ ᠪᠠᠶᠢᠨ᠎ᠠ᠃ ︵ᠵᠠᠯᠭᠠᠬᠦᠦ︶
 
ᠢᠷᠡᠯᠲᠡ᠄ ᠠᠷᠣ ᠬᠤᠷᠴᠢᠨ ᠬᠤᠰᠢᠭᠤᠨ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号