| | ︽ᠨᠣᠮ ᠪᠢᠴᠢᠭ ᠪᠣᠯ ᠬᠦᠮᠦᠨ ᠲᠦᠷᠦᠯᠬᠢᠲᠡᠨ ᠤ ᠲᠠᠪᠰᠢᠯᠲᠠ ᠶᠢᠨ ᠱᠠᠳᠤ︾ ᠭᠡᠳᠡᠭᠴᠢᠯᠡᠨ ᠨᠣᠮ ᠪᠢᠴᠢᠭ | ᠪᠣᠯ ᠣᠶᠤᠨ ᠰᠠᠨᠠᠭᠠᠨ ᠤ ᠬᠦᠨᠡᠰᠦ᠂ ᠤᠬᠠᠭᠠᠨ ᠪᠢᠯᠢᠭ ᠤᠨ ᠭᠡᠭᠡᠷᠡᠯ᠂ ᠤᠷᠤᠭᠰᠢᠯᠠᠵᠤ ᠲᠠᠪᠰᠢᠬᠤ ᠶᠢᠨ ᠵᠠᠮᠴᠢ | ᠤᠴᠢᠷ ᠠᠴᠠ ᠬᠡᠣᠬᠡᠳ ᠪᠠᠭᠠᠴᠤᠳ ᠢ ᠡᠷᠲᠡ ᠠᠴᠠ ᠨᠣᠮ ᠤᠩᠰᠢᠭᠤᠯᠬᠤ ᠲᠠᠳᠬᠠᠯ ᠲᠠᠢ ᠪᠤᠯᠭᠠᠵᠤ᠂ ᠣᠶᠤᠨ | ᠪᠢᠯᠢᠭ ᠤᠨ ᠨᠡᠭᠡᠭᠡᠯᠲᠡ ᠪᠠ ᠬᠦᠭᠵᠢᠯᠲᠡ ᠶᠢ ᠠᠬᠢᠭᠤᠯᠬᠤ ᠡᠭᠦᠳᠡᠨ ᠠᠴᠠ ᠠᠷᠤ ᠬᠤᠷᠴᠢᠨ ᠬᠤᠰᠢᠭᠤᠨ ᠤ ᠬᠠᠨ | ᠠᠭᠤᠯᠠ ᠪᠠᠭ᠎ᠠ ᠰᠤᠷᠭᠠᠭᠤᠯᠢ ᠨᠢ 2020 ᠣᠨ ᠤ 5 ᠰᠠᠷ᠎ᠠ ᠶᠢᠨ 28 ᠤ ᠡᠳᠦᠷ ᠪᠦᠬᠦ ᠪᠠᠭᠰᠢ ᠣᠷᠤᠯᠴᠠᠭᠰᠠᠨ ︽ | ᠨᠤᠮ ᠪᠢᠳᠠ ᠬᠤᠶᠠᠷ︾ ᠨᠤᠮ ᠤᠩᠰᠢᠯᠭ᠎ᠠ ᠶᠢᠨ ᠠᠵᠢᠯᠯᠠᠭᠠᠨ ᠤ ᠲᠠᠶᠢᠴᠢᠯᠠᠯᠲᠠ ᠶᠢᠨ ᠬᠤᠷᠠᠯ ᠬᠤᠷᠠᠯᠳᠤᠭᠤᠯᠵᠤ᠂ | ᠪᠣᠳᠠᠳᠠᠢ ᠠᠵᠢᠯᠯᠠᠭᠠᠨ ᠤ ᠲᠤᠬᠢᠷᠠᠭᠤᠯᠤᠯᠲᠠ ᠬᠢᠭᠰᠡᠨ ᠪᠠᠶᠢᠨ᠎ᠠ᠃ | | | | | | | | ᠠᠵᠢᠯᠯᠠᠭᠠᠨ ᠳᠤ ᠪᠠᠭᠰᠢ ᠨᠠᠷ ᠤᠨ ᠨᠤᠮ ᠤᠩᠰᠢᠬᠤ ᠶᠢ ᠤᠯᠠᠮ ᠨᠢᠭᠡ ᠠᠯᠬᠤᠮ ᠱᠠᠭᠠᠷᠳᠠᠵᠤ᠂ ᠲᠤᠰ | ᠬᠤᠭᠤᠴᠠᠭ᠎ᠠ ︽ᠤᠷᠮᠠᠰᠢᠭᠤᠯᠤᠨ ᠵᠣᠷᠢᠭᠵᠢᠭᠤᠯᠬᠤ ᠡᠷᠳᠡᠮ ᠤᠨ ᠤᠭᠤᠲᠠ︾ ᠵᠡᠷᠭᠡ ᠬᠡᠣᠬᠡᠳ ᠬᠦᠮᠦᠵᠢᠭᠦᠯᠬᠦ ᠤᠷ᠎ᠠ | ᠡᠷᠳᠡᠮ ᠢ ᠵᠢᠭᠠᠭᠰᠠᠨ 14 ᠨᠤᠮ ᠠᠴᠠ ᠰᠤᠩᠭᠤᠨ ᠤᠩᠰᠢᠬᠤ ᠶᠢ ᠲᠣᠭᠳᠠᠭᠠᠵᠤ᠂ ᠤᠩᠰᠢᠬᠤ ᠨᠤᠮ ᠢ | ᠰᠤᠷᠭᠠᠭᠤᠯᠢ ᠠᠴᠠ ᠡᠯ᠎ᠡ ᠵᠢᠭᠠᠬᠤ ᠶᠢ ᠰᠣᠳᠤᠯᠬᠤ ᠲᠤᠭᠤᠶᠢᠯᠠᠩ ᠳᠤ ᠬᠦᠷᠭᠡᠵᠦ᠂ ᠨᠤᠮ ᠤᠩᠰᠢᠬᠤ ᠶᠢ ᠤᠬᠠᠭᠤᠯᠤᠨ | ᠣᠷᠢᠶᠠᠯᠠᠪᠠ᠃ | | | | | | ᠰᠤᠷᠭᠠᠭᠤᠯᠢ ᠠᠴᠠ ᠭᠠᠷᠠᠭ ᠪᠤᠯᠭᠠᠨ ᠤ ᠭᠠᠷᠠᠭ ᠤᠨ ᠳᠦᠷᠪᠡᠨ ᠤ ᠲᠣᠯᠤᠳᠤᠭᠠᠷ ᠦᠶ᠎ᠡ ᠶᠢᠨ ᠬᠢᠴᠢᠶᠡᠯ ᠢ | ᠪᠠᠭᠰᠢ ᠰᠤᠷᠤᠭᠴᠢ ᠶᠢᠨ ᠨᠤᠮ ᠤᠩᠰᠢᠬᠤ ᠲᠤᠰᠬᠠᠢ ᠬᠢᠴᠢᠶᠡᠯ ᠢᠶᠠᠷ ᠲᠤᠭᠳᠠᠭᠠᠵᠤ᠂ ᠰᠤᠷᠤᠭᠴᠢᠳ ᠣᠨ ᠤ | ᠲᠣᠭᠤᠶᠢᠯᠠᠩ ᠢᠶᠠᠷ ᠲᠤᠭᠳᠠᠭᠰᠠᠨ ᠨᠤᠮ ᠢ ᠰᠣᠩᠭᠤᠵᠤ ᠤᠩᠰᠢᠬᠤ᠂ ︽ᠨᠤᠮ ᠲᠠᠨᠢᠯᠴᠠᠭᠤᠯᠬᠤ ᠣᠷᠤᠯᠳᠤᠭᠠᠨ︾᠂ | ︽ᠪᠠᠭᠰᠢ ᠰᠣᠷᠤᠭᠴᠢ ᠠᠳᠠᠯᠢᠬᠠᠨ ᠨᠤᠮ ᠤᠩᠰᠢᠬᠤ︾ ᠵᠡᠷᠭᠡ ᠠᠵᠢᠯᠯᠠᠭᠠᠨ ᠦᠷᠨᠢᠭᠦᠯᠬᠦ ᠪᠠᠷ ᠲᠣᠭᠲᠠᠨ᠂ ᠨᠤᠮ | ᠤᠩᠰᠢᠬᠤ ᠤᠷᠮ᠎ᠠ ᠪᠠᠬ᠎ᠠ ᠶᠢ ᠨᠢ ᠬᠦᠭᠵᠢᠭᠡᠭᠰᠡᠨ ᠪᠠᠶᠢᠨ᠎ᠠ᠃ ︵ᠵᠠᠯᠭᠠᠬᠦᠦ︶ | | |