ᠬᠢᠴᠢᠶᠡᠯ ᠪᠡᠯᠡᠳᠭᠡᠬᠦ ᠪᠣᠯ ᠨᠢᠭᠡ ᠬᠢᠴᠢᠶᠡᠯ ᠢ ᠰᠠᠶᠢᠨ ᠣᠷᠤᠬᠤ ᠶᠢᠨ ᠤᠷᠢᠳᠠᠯ ᠨᠦᠬᠦᠴᠡᠯ᠂ ᠵᠢᠭᠠᠨ | ᠰᠤᠷᠭᠠᠬᠤ ᠦᠷ᠎ᠡ ᠪᠦᠲᠦᠮᠵᠢ ᠶᠢ ᠲᠡᠭᠡᠭᠰᠢᠯᠡᠭᠦᠯᠬᠦ ᠶᠢᠨ ᠰᠠᠭᠤᠷᠢ ᠪᠣᠯᠬᠤ ᠶᠤᠮ᠃ ᠤᠯᠠᠨ ᠪᠠᠭᠰᠢ ᠨᠠᠷ ᠤᠨ | ᠬᠠᠮᠲᠤ ᠶᠢᠨ ᠣᠶᠤᠨ ᠪᠣᠳᠤᠯᠭ᠎ᠠ ᠶᠢᠨ ᠬᠦᠴᠦᠨ ᠢ ᠭᠦᠢᠴᠡᠳ ᠪᠠᠳᠠᠷᠠᠭᠤᠯᠤᠨ᠂ ᠵᠢᠭᠠᠨ ᠰᠤᠷᠭᠠᠬᠤ ᠡᠬᠢ ᠪᠠᠶᠠᠯᠢᠭ ᠢ | ᠬᠠᠮᠲᠤ ᠪᠠᠷ ᠠᠰᠢᠭᠯᠠᠨ᠂ ᠵᠢᠭᠠᠬᠤ ᠶᠢ ᠰᠣᠳᠤᠯᠬᠤ ᠪᠠ ᠵᠢᠭᠠᠨ ᠰᠣᠷᠭᠠᠬᠤ ᠦᠷ᠎ᠡ ᠪᠦᠲᠦᠮᠵᠢ ᠶᠢ ᠲᠡᠭᠡᠭᠰᠢᠯᠡᠭᠦᠯᠬᠦ ᠶᠢᠨ | ᠲᠥᠯᠥᠭᠡ 2020 ᠣᠨ ᠤ 6 ᠰᠠᠷ᠎ᠠ ᠶᠢᠨ 12 ᠤ ᠡᠳᠦᠷ ᠠᠷᠤ ᠬᠤᠷᠴᠢᠨ ᠬᠤᠰᠢᠭᠤᠨ ᠤ ᠬᠠᠨ ᠠᠭᠤᠯᠠ ᠪᠠᠭ᠎ᠠ | ᠰᠤᠷᠭᠠᠭᠤᠯᠢ ᠨᠢ ᠬᠠᠮᠲᠤ ᠪᠠᠷ ᠬᠢᠴᠢᠶᠡᠯ ᠪᠡᠯᠡᠳᠭᠡᠵᠦ ᠣᠷᠤᠬᠤ ᠠᠵᠢᠯᠯᠠᠭᠠᠨ ᠦᠷᠨᠢᠭᠦᠯᠪᠡ᠃ | | | | | | | | ᠠᠵᠢᠯᠯᠠᠭᠠᠨ ᠳᠤ ᠬᠡᠯᠡ ᠪᠢᠴᠢᠭ᠂ ᠲᠣᠭᠠᠨ ᠤ ᠤᠬᠠᠭᠠᠨ᠂ ᠬᠢᠲᠠᠳ ᠬᠡᠯᠡ᠂ ᠠᠩᠭ᠍ᠯᠢ ᠬᠡᠯᠡ ᠵᠡᠷᠭᠡ ᠬᠢᠴᠢᠶᠡᠯ | ᠲᠦᠷᠦᠯ ᠤᠨ 1— 6 ᠣᠨ ᠤ ᠬᠢᠴᠢᠶᠡᠯ ᠢ ᠣᠨ ᠢᠶᠠᠷ ᠨᠢᠭᠡᠴᠢᠯᠡᠨ ᠬᠠᠮᠲᠤ ᠪᠠᠷ ᠬᠢᠴᠢᠶᠡᠯ ᠪᠡᠯᠡᠳᠭᠡᠵᠦ᠂ ᠰᠢᠪᠠᠭ᠎ᠠ | ᠲᠠᠳᠠᠬᠤ ᠬᠡᠯᠪᠡᠷᠢ ᠪᠠᠷ ︽ᠠᠵᠠ ᠶᠢᠨ ᠣᠳᠤᠨ︾ ᠢ ᠰᠣᠩᠭᠤᠨ ᠬᠢᠴᠢᠶᠡᠯᠯᠡᠭᠦᠯᠪᠡ᠃ ᠣᠶᠤᠨ ᠤᠬᠠᠭᠠᠨ᠂ ᠠᠷᠭ᠎ᠠ | ᠲᠤᠷᠰᠢᠯᠭ᠎ᠠ ᠶᠢᠨ ᠲᠦᠪᠯᠡᠷᠡᠯ ᠪᠣᠯᠤᠭᠰᠠᠨ ᠲᠤᠰ ᠬᠢᠴᠢᠶᠡᠯᠯᠡᠭᠡ ᠶᠢᠨ ᠪᠠᠯᠡᠳᠭᠡᠯ ᠨᠢ ᠪᠠᠭᠰᠢ ᠨᠠᠷ ᠤᠨ ᠵᠢᠭᠠᠬᠤ | ᠰᠡᠳᠭᠢᠮᠵᠢ ᠲᠤᠳᠤᠷᠬᠠᠢ᠂ ᠭᠤᠣᠯᠳᠠᠯᠭ᠎ᠠ ᠨᠢ ᠲᠣᠪᠣᠶᠢᠭᠰᠠᠨ᠂ ᠬᠦᠴᠢᠷᠳᠡᠯᠭᠡ ᠶᠢ ᠰᠢᠪᠳᠤᠯᠬᠤ ᠠᠷᠭ᠎ᠠ ᠨᠢ ᠤᠷᠠᠨ | ᠪᠠᠶᠢᠵᠤ᠂ ᠰᠤᠷᠤᠭᠴᠢᠳ ᠤᠨ ᠰᠠᠭᠤᠷᠢ ᠮᠡᠳᠡᠯᠭᠡ ᠦᠨᠳᠦᠰᠦᠨ ᠴᠢᠳᠠᠪᠦᠷᠢ ᠶᠢ ᠴᠢᠬᠤᠯᠠᠴᠢᠯᠠᠨ᠂ ᠰᠤᠷᠤᠭᠴᠢᠳ ᠤᠨ | ᠪᠡᠶ᠎ᠡ ᠪᠠᠨ ᠲᠠᠭᠠᠭᠠᠵᠤ ᠰᠣᠷᠤᠯᠴᠠᠬᠤ᠂ ᠰᠤᠳᠤᠯᠤᠨ ᠰᠣᠷᠤᠯᠴᠠᠬᠤ ᠴᠢᠳᠠᠪᠦᠷᠢ ᠶᠢ ᠬᠦᠮᠦᠵᠢᠭᠦᠯᠬᠦ ᠪᠠᠷ ᠵᠣᠷᠢᠯᠭ᠎ᠠ | ᠪᠣᠯᠭᠠᠭᠰᠠᠨ ᠠᠴᠠ ᠣᠯᠠᠨ ᠣᠯᠠᠨ ᠰᠢᠯᠢᠳᠡᠭ ᠬᠢᠴᠢᠶᠡᠯᠯᠡᠭᠡ ᠢᠯᠡᠷᠡᠭᠰᠡᠨ ᠪᠠᠶᠢᠨ᠎ᠠ᠃ | | | | | ᠲᠤᠰ ᠤᠳᠠᠭᠠᠨ ᠤ ᠠᠵᠢᠯᠯᠠᠭᠠᠨ ᠳᠤ ᠬᠤᠰᠢᠭᠤᠨ ᠤ ᠵᠢᠭᠠᠬᠤ ᠶᠢ ᠰᠣᠳᠤᠯᠬᠤ ᠭᠡᠷ ᠤᠨ ᠪᠠᠭᠰᠢ ᠨᠠᠷ ᠢ | ᠤᠷᠢᠵᠤ ᠦᠨᠡᠯᠡᠯᠲᠡ ᠵᠢᠯᠣᠭᠤᠳᠤᠯᠭ᠎ᠠ ᠬᠢᠯᠭᠡᠭᠰᠡᠨ ᠪᠠᠶᠢᠨ᠎ᠠ᠃ | | | | | ᠲᠤᠰ ᠤᠳᠠᠭᠠᠨ ᠤ ᠠᠵᠢᠯᠯᠠᠭᠠᠨ ᠨᠢ ᠪᠠᠭᠰᠢ ᠨᠠᠷ ᠤᠨ ᠵᠢᠭᠠᠨ ᠰᠣᠷᠭᠠᠬᠤ ᠣᠨᠤᠯᠵᠢᠬᠤᠨ ᠢ ᠰᠢᠨᠡᠳᠭᠡᠵᠦ᠂ | ᠬᠠᠷᠢᠯᠴᠠᠨ ᠰᠤᠷᠤᠯᠴᠠᠨ᠂ ᠦᠪᠡᠷ ᠢ ᠪᠠᠨ ᠳᠡᠭᠡᠭᠰᠢᠯᠡᠭᠦᠯᠵᠦ᠂ ᠬᠠᠮᠲᠤ ᠶᠢᠨ ᠬᠦᠴᠦᠨ ᠢ ᠲᠥᠪᠯᠡᠷᠡᠭᠦᠯᠦᠨ᠂ | ᠬᠠᠮᠲᠦ ᠶᠢᠨ ᠤᠷ᠎ᠠ ᠠᠪᠢᠶᠠᠰ᠂ ᠤᠬᠠᠭᠠᠨ ᠴᠢᠳᠠᠪᠦᠷᠢ ᠶᠢ ᠰᠣᠷᠢᠭᠰᠠᠨ ᠠᠵᠢᠯᠯᠠᠭᠠᠨ ᠪᠣᠯᠤᠭᠰᠠᠨ ᠪᠠᠶᠢᠨ᠎ᠠ᠃ | ︵ᠵᠠᠯᠭᠠᠬᠦᠦ︶ | | |