2020 ᠣᠨ ᠤ 6 ᠰᠠᠷ᠎ᠠ ᠶᠢᠨ 11 ᠤ ᠡᠳᠦᠷ ᠤᠨ ᠦᠳᠡ ᠶᠢᠨ ᠬᠤᠶᠢᠨ᠎ᠠ ᠠᠷᠤ ᠬᠤᠷᠴᠢᠨ | ᠬᠤᠰᠢᠭᠤᠨ ᠤ ᠬᠠᠨ ᠠᠭᠤᠯᠠ ᠪᠠᠭ᠎ᠠ ᠰᠤᠷᠭᠠᠭᠤᠯᠢ ᠨᠢ ᠭᠡᠷ ᠤᠨ ᠠᠬᠠᠮᠠᠳ ᠤᠨ ᠵᠥᠪᠯᠡᠯ ᠤᠨ ᠰᠠᠭᠤᠳᠠᠯ ᠤᠨ ᠬᠤᠷᠠᠯ | ᠬᠤᠷᠠᠯᠳᠤᠭᠤᠯᠪᠠ᠃ ᠬᠤᠷᠠᠯ ᠳᠤ 28 ᠨᠠᠷ᠎ᠡ ᠭᠡᠷ ᠤᠨ ᠠᠬᠠᠮᠠᠳ ᠤᠨ ᠵᠥᠪᠯᠡᠯ ᠤᠨ ᠭᠡᠰᠢᠭᠦᠳ ᠪᠠ ᠰᠤᠷᠭᠠᠭᠤᠯᠢ ᠶᠢᠨ | ᠤᠳᠤᠷᠢᠳᠬᠤ ᠪᠠᠭ ᠤᠨ ᠭᠡᠰᠢᠭᠦᠳ ᠣᠷᠤᠯᠴᠠᠵᠤ᠂ ᠬᠤᠷᠠᠯ ᠳᠤ ᠰᠠᠭᠠᠲᠠᠭᠰᠠᠨ ᠤᠳᠤᠷᠢᠳᠤᠯᠭ᠎ᠠ ᠵᠣᠴᠢᠳ ᠢ | ᠲᠠᠨᠢᠯᠴᠠᠭᠤᠯᠬᠤ ᠶᠢᠨ ᠬᠠᠮᠲᠤ ᠰᠤᠷᠭᠠᠭᠤᠯᠢ ᠶᠢᠨ ᠲᠤᠰᠬᠠᠢ ᠰᠡᠳᠦᠪᠲᠦ ᠹᠢᠯᠢᠮ ᠢ ᠰᠣᠨᠢᠷᠬᠠᠵᠤ᠂ ᠭᠡᠷ ᠤᠨ | ᠠᠬᠠᠮᠠᠳ ᠤᠨ ᠵᠥᠪᠯᠡᠯ ᠤᠨ ᠠᠵᠢᠯ ᠤᠨ ᠬᠤᠪᠢᠶᠠᠷᠢᠯᠠᠯ ᠪᠠ ᠡᠭᠦᠷᠭᠡ ᠬᠠᠷᠢᠭᠤᠴᠠᠯᠭ᠎ᠠ ᠶᠢ ᠰᠣᠷᠤᠯᠴᠠᠨ᠂ | ᠰᠤᠷᠭᠠᠭᠤᠯᠢ ᠶᠢᠨ ᠵᠠᠬᠢᠷᠤᠯ ᠪᠣᠯᠤᠨ ᠭᠡᠷ ᠤᠨ ᠠᠬᠠᠮᠠᠳ ᠤᠨ ᠵᠥᠪᠯᠡᠯ ᠤᠨ ᠲᠠᠷᠤᠭ᠎ᠠ ᠠᠴᠠ ᠶᠠᠷᠢᠶ᠎ᠠ ᠲᠠᠯᠪᠢᠵᠦ᠂ | ᠰᠤᠷᠭᠠᠭᠤᠯᠢ ᠶᠢᠨ ᠭᠤᠣᠯ ᠠᠵᠢᠯ ᠢ ᠡᠭᠦᠷᠭᠡᠯᠡᠨ ᠬᠠᠷᠢᠭᠤᠴᠠᠵᠣ ᠪᠠᠶᠢᠭ᠎ᠠ ᠭᠤᠷᠪᠠᠨ ᠲᠡᠳ᠋ ᠵᠠᠬᠢᠷᠤᠯ ᠠᠴᠠ | ᠰᠤᠷᠭᠠᠭᠤᠯᠢ ᠶᠢᠨ ᠬᠢᠴᠢᠶᠡᠯ ᠬᠦᠮᠦᠵᠢᠯ᠂ ᠮᠣᠷᠠᠯ ᠬᠦᠮᠦᠵᠢᠯ᠂ ᠠᠷᠤ ᠦᠢᠯᠡᠴᠢᠯᠡᠭᠡᠨ ᠪᠠ ᠠᠮᠤᠷ ᠲᠥᠪᠰᠢᠨ ᠤ | ᠠᠵᠢᠯ ᠤᠨ ᠲᠤᠬᠠᠢ ᠬᠠᠷᠢᠭᠤ ᠮᠡᠳᠡᠭᠦᠯᠦᠯᠲᠡ ᠬᠢᠵᠦ᠂ ᠰᠤᠷᠭᠠᠭᠤᠯᠢ ᠶᠢᠨ ᠡᠯ᠎ᠡ ᠲᠠᠯ᠎ᠠ ᠶᠢᠨ ᠠᠵᠢᠯ ᠳᠤ ᠰᠠᠨᠠᠯ | ᠰᠠᠨᠠᠭᠤᠯᠭ᠎ᠠ ᠲᠤᠰᠬᠠᠬᠤ ᠪᠠ ᠰᠤᠷᠭᠠᠭᠤᠯᠢ ᠶᠢᠨ ᠡᠯ᠎ᠡ ᠴᠢᠳᠠᠮᠵᠢ ᠶᠢᠨ ᠭᠡᠷ ᠢᠶᠠᠷ ᠲᠣᠭᠤᠷᠢᠨ ᠦᠵᠡᠬᠦ ᠵᠡᠷᠭᠡ | ᠲᠠᠷᠠᠭᠠᠯᠠᠯ ᠢᠶᠠᠷ ᠠᠮᠵᠢᠯᠲᠠ ᠲᠠᠢ ᠶᠠᠪᠤᠭᠳᠠᠭᠰᠠᠨ ᠪᠠᠶᠢᠨ᠎ᠠ᠃ | | | | | | | | ᠲᠤᠰ ᠠᠵᠢᠯᠯᠠᠭᠠᠨ ᠨᠢ ᠭᠡᠷ ᠤᠨ ᠠᠬᠠᠮᠠᠳ ᠤᠨ ᠵᠥᠪᠯᠡᠯ ᠤᠨ ᠭᠡᠰᠢᠭᠦᠳ ᠤᠨ ᠦᠢᠯᠡᠳᠦᠯ ᠢ ᠭᠦᠢᠴᠡᠳ | ᠪᠠᠳᠠᠷᠠᠭᠤᠯᠵᠤ᠂ ᠰᠤᠷᠭᠠᠭᠤᠯᠢ ᠶᠢᠨ ᠠᠵᠢᠯ ᠳᠤ ᠬᠢᠨᠠᠯᠲᠠ ᠲᠠᠯᠪᠢᠬᠤ᠂ ᠬᠠᠪᠰᠤᠷᠠᠬᠤ ᠪᠠ ᠵᠣᠬᠢᠶᠠᠨ ᠪᠠᠶᠢᠭᠤᠯᠬᠤ ᠶᠢ | ᠬᠦᠰᠡᠨ ᠨᠠᠶᠢᠳᠠᠭᠰᠠᠨ ᠪᠦᠭᠡᠳ ᠰᠤᠷᠭᠠᠭᠤᠯᠢ᠂ ᠭᠡᠷ ᠪᠦᠯᠢ᠂ ᠨᠡᠶᠢᠭᠡᠮ ᠤᠨ ︽ᠭᠤᠷᠪᠠ ᠤᠶᠠᠯᠳᠤᠭᠰᠠᠨ ᠰᠤᠷᠭᠠᠨ | ᠬᠦᠮᠦᠵᠢᠯ︾ ᠢ ᠤᠯᠠᠮ ᠨᠢᠭᠡ ᠠᠯᠬᠤᠮ ᠠᠬᠢᠭᠤᠯᠤᠭᠰᠠᠨ ᠪᠠᠶᠢᠨ᠎ᠠ᠃ ︵ᠵᠠᠯᠭᠠᠬᠦᠦ︶ | |