ᠨᠤᠮ ᠤᠩᠰᠢᠬᠤ ᠨᠢ ᠣᠶᠣᠨ ᠪᠢᠯᠢᠭ ᠢ ᠭᠡᠭᠡᠷᠡᠭᠦᠯᠵᠦ᠂ ᠤᠬᠠᠭᠠᠨ ᠪᠣᠳᠤᠯ ᠢ ᠲᠤᠩᠭᠠᠯᠠᠭᠰᠢᠭᠤᠯᠳᠠᠭ ᠠᠴᠠ | ᠰᠤᠷᠤᠭᠴᠢᠳ ᠤᠨ ᠨᠤᠮ ᠤᠩᠰᠢᠬᠤ ᠤᠷᠮ᠎ᠠ ᠪᠠᠬ᠎ᠠ ᠶᠢ ᠲᠠᠶᠢᠴᠢᠯᠠᠵᠤ᠂ ᠨᠤᠮ ᠤᠩᠰᠢᠬᠤ ᠰᠠᠶᠢᠨ ᠰᠠᠶᠢᠬᠠᠨ | ᠲᠠᠳᠬᠠᠯ ᠢ ᠬᠦᠮᠦᠵᠢᠭᠦᠯᠤᠨ᠂ ᠨᠤᠮ ᠤᠩᠰᠢᠬᠤ ᠠᠭᠤᠷ ᠠᠮᠢᠰᠬᠤᠯ ᠢ ᠤᠯᠠᠮ ᠥᠳᠭᠡᠷᠡᠭᠦᠯᠬᠦ ᠶᠢᠨ ᠲᠥᠯᠥᠭᠡ ᠠᠷᠤ | ᠬᠤᠷᠴᠢᠨ ᠬᠤᠰᠢᠭᠤᠨ ᠤ ᠬᠠᠨ ᠠᠭᠤᠯᠠ ᠪᠠᠭ᠎ᠠ ᠰᠤᠷᠭᠠᠭᠤᠯᠢ ᠨᠢ 2020 ᠣᠨ ᠤ 6 ᠰᠠᠷ᠎ᠠ ᠶᠢᠨ 5 ᠤ | ᠦᠳᠡ ᠶᠢᠨ ᠡᠮᠦᠨ᠎ᠡ ︽ᠨᠤᠮ ᠪᠢᠳᠠ ᠬᠤᠶᠠᠷ︾ ᠰᠤᠷᠤᠭᠴᠢᠳ ᠤᠨ ᠨᠤᠮ ᠤᠩᠰᠢᠯᠭ᠎ᠠ ᠶᠢᠨ ᠠᠵᠢᠯᠯᠠᠭᠠᠨ ᠤ | ᠲᠠᠶᠢᠴᠢᠯᠠᠯᠲᠠ ᠶᠢᠨ ᠬᠤᠷᠠᠯ ᠬᠤᠷᠠᠯᠳᠤᠭᠤᠯᠪᠠ᠃ ᠠᠵᠢᠯᠯᠠᠭᠠᠨ ᠳᠤ ︽ᠨᠣᠮᠴᠢ ᠮᠡᠷᠭᠡᠨ ᠬᠡᠣᠬᠡᠳ︾ ᠨᠤᠮ | ᠤᠩᠰᠢᠯᠭ᠎ᠠ ᠶᠢᠨ ᠪᠦᠯᠬᠦᠮ ᠤᠨ ᠺᠣᠮᠢᠰ ᠢ ᠰᠣᠩᠭᠤᠨ ᠲᠤᠭᠳᠠᠭᠠᠵᠤ ᠰᠢᠨ᠎ᠡ ᠭᠡᠰᠢᠭᠦᠳ ᠢ ᠡᠯᠰᠡᠭᠰᠡᠨ ᠪᠠᠶᠢᠨ᠎ᠠ᠃ | | | | | | | | | | ᠲᠠᠷᠠᠭ᠎ᠠ ᠨᠢ ︽4.23︾ ᠲᠡᠯᠡᠬᠡᠢ ᠶᠢᠨ ᠨᠤᠮ ᠤᠩᠰᠢᠬᠤ ᠡᠳᠦᠷ ᠤᠨ ᠠᠵᠢᠯᠯᠠᠭᠠᠨ ᠳᠤ ︽ᠨᠤᠮ ᠤᠨ | ᠡᠭᠡᠰᠢᠭᠲᠦ ᠠᠩᠭᠢ ᠨᠢᠭᠡᠴᠢ︾ ᠪᠠᠷ ᠰᠢᠯᠭᠠᠷᠠᠭᠰᠠᠨ 3.4 ᠳ᠋ᠦ᠋ᠭᠡᠷ ᠠᠩᠭᠢ᠂ 4.1 ᠳ᠋ᠦ᠋ᠭᠡᠷ ᠠᠩᠭᠢ ᠵᠡᠷᠭᠡ 12 | ᠠᠩᠭᠢ ᠨᠢᠭᠡᠴᠢ ᠶᠢ ᠱᠠᠩᠨᠠᠨ ᠬᠦᠬᠢᠭᠦᠯᠦᠭᠰᠡᠨ ᠪᠠᠶᠢᠨ᠎ᠠ᠃ ᠰᠤᠷᠭᠠᠭᠤᠯᠢ ᠶᠢᠨ ᠣᠳᠤᠷᠢᠳᠤᠯᠭ᠎ᠠ ᠠᠴᠠ ᠠᠵᠢᠯᠯᠠᠭᠠᠨ ᠤ | ᠲᠦᠰᠦᠯ ᠢ ᠨᠡᠶᠢᠲᠡᠯᠡᠵᠦ᠂ ᠠᠵᠢᠯᠯᠠᠭᠠᠨ ᠳᠤ ᠳ᠋ᠦᠩᠨᠡᠯᠲᠡ ᠬᠢᠭᠰᠡᠨ ᠪᠠᠶᠢᠨ᠎ᠠ᠃ | | | | | | | | ᠦᠳᠡ ᠶᠢᠨ ᠬᠤᠶᠢᠨ᠎ᠠ ᠲᠠᠪᠤᠳᠤᠭᠠᠷ ᠣᠨ ᠤ ᠰᠤᠷᠤᠭᠴᠢᠳ ᠤᠨ ᠨᠤᠮ ᠲᠠᠨᠢᠯᠴᠠᠭᠤᠯᠭ᠎ᠠ ᠶᠢᠨ ᠠᠵᠢᠯᠯᠠᠭᠠᠨ | ᠶᠠᠪᠤᠭᠳᠠᠵᠤ᠂ ᠨᠤᠮ ᠲᠠᠨᠢᠯᠴᠠᠭᠤᠯᠤᠭᠴᠢ ᠠᠴᠠ ᠦᠪᠡᠷ ᠤᠨ ᠤᠩᠰᠢᠭᠰᠠᠨ ᠨᠤᠮ ᠤᠨ ᠠᠭᠤᠯᠭ᠎ᠠ᠂ ᠨᠤᠮ ᠠᠴᠠ | ᠬᠦᠷᠲᠡᠭᠰᠡᠨ ᠣᠯᠤᠯᠲᠠ ᠲᠦᠷᠦᠭᠳᠡᠯ ᠢᠶᠠᠨ ᠬᠤᠪᠢᠶᠠᠯᠴᠠᠨ ᠨᠤᠮ ᠢ ᠬᠡᠷᠬᠢᠨ ᠤᠩᠰᠢᠪᠠᠯ ᠨᠡᠩ ᠦᠨᠳᠦᠷ ᠦᠷ᠎ᠡ ᠠᠰᠢᠭ | ᠲᠠᠢ ᠪᠠᠶᠢᠬᠤ ᠶᠢ ᠨᠡᠩ ᠭᠦᠨᠵᠡᠭᠡᠢ ᠦᠢᠯᠠᠭᠠᠭᠤᠯᠤᠭᠰᠠᠨ ᠪᠠᠶᠢᠨ᠎ᠠ᠃ | | | | | | | | | | | ᠬᠠᠨ ᠠᠭᠤᠯᠠ ᠰᠤᠷᠭᠠᠭᠤᠯᠢ ᠨᠢ ᠨᠤᠮ ᠤᠨ ᠡᠭᠡᠰᠢᠭᠲᠦ ᠰᠤᠷᠭᠠᠭᠤᠯᠢ ᠪᠣᠯᠤᠭᠰᠠᠨ ᠤ ᠬᠤᠪᠢ ᠠᠴᠠ ᠨᠤᠮ | ᠤᠩᠰᠢᠬᠤ ᠶᠢ ᠡᠳᠦᠷ ᠲᠤᠳᠤᠮ ᠤᠨ ᠨᠢᠭᠡ ᠴᠢᠬᠤᠯᠠ ᠠᠭᠤᠯᠭ᠎ᠠ ᠪᠤᠯᠭᠠᠨ ᠠᠳᠬᠤᠵᠣ᠂ ᠪᠠᠭᠰᠢ ᠰᠣᠷᠤᠭᠴᠢᠳ ᠨᠤᠮ | ᠲᠠᠢ ᠨᠠᠶᠢᠵᠠᠯᠠᠨ᠂ ᠨᠤᠮ ᠤᠨ ᠤᠬᠠᠭᠠᠨ ᠢᠶᠠᠷ ᠭᠡᠭᠡᠷᠡᠵᠦ᠂ ᠰᠤᠶᠤᠯ ᠰᠡᠳᠭᠢᠬᠦᠢ ᠪᠠᠨ ᠬᠦᠭᠵᠢᠭᠦᠯᠦᠨ᠂ ᠮᠡᠷᠭᠡᠳ ᠤᠨ | ᠤᠬᠠᠭᠠᠨ ᠲᠠᠢ ᠵᠣᠯᠭᠠᠵᠤ ᠶᠠᠪᠤᠬᠤ ᠶᠢ ᠣᠷᠢᠶᠠᠯᠠᠭᠰᠠᠭᠠᠷ ᠢᠷᠡᠪᠡ᠃ ︵ᠵᠠᠯᠭᠠᠬᠦᠤ︶ | |