2020 ᠣᠨ ᠤ 7 ᠰᠠᠷ᠎ᠠ ᠶᠢᠨ 9 ᠤ ᠡᠳᠦᠷ ᠠᠷᠤ ᠬᠤᠷᠴᠢᠨ ᠬᠤᠰᠢᠭᠤᠨ ᠤ ᠬᠠᠨ ᠠᠭᠤᠯᠠ ᠪᠠᠭ᠎ᠠ | ᠰᠤᠷᠭᠠᠭᠤᠯᠢ ᠨᠢ ᠠᠷᠪᠠᠨ ᠬᠤᠶᠠᠳᠤᠭᠠᠷ ᠬᠤᠭᠤᠴᠠᠭᠠᠨ ᠤ ᠲᠡᠭᠦᠰᠬᠦ ᠰᠤᠷᠤᠭᠴᠢᠳ ᠤᠨ ᠠᠶᠠᠨ ᠤ ᠲᠥᠷᠥᠭᠡ ᠶᠢ ᠨᠢ | ᠴᠢᠩᠭᠠᠯᠠᠵᠤ᠂ ᠠᠬᠢᠨ ᠲᠠᠪᠰᠢᠬᠤ ᠢᠲᠡᠭᠡᠯ ᠢ ᠨᠢ ᠮᠢᠯᠢᠶᠠᠬᠤ ᠲᠡᠭᠦᠰᠬᠦ ᠶᠣᠰᠤᠯᠠᠯ ᠢᠶᠠᠨ ᠠᠮᠵᠢᠯᠲᠠ ᠲᠠᠢ | ᠶᠠᠪᠤᠭᠳᠠᠭᠤᠯᠤᠭᠰᠠᠨ ᠪᠠᠶᠢᠨ᠎ᠠ᠃ | ᠬᠤᠷᠠᠯ ᠢ ᠰᠤᠷᠭᠠᠭᠤᠯᠢ ᠶᠢᠨ ᠬᠢᠴᠢᠶᠡᠯ ᠬᠦᠮᠦᠵᠢᠯ ᠤᠨ ᠡᠷᠬᠢᠯᠡᠭᠴᠢ ᠭᠤᠸ᠎ᠠ ᠡᠷᠬᠢᠯᠡᠵᠦ᠂ ᠰᠢᠯᠢᠳᠡᠭ | ᠰᠤᠷᠤᠭᠴᠢ ᠶᠢ ᠱᠠᠩᠨᠠᠨ ᠬᠦᠬᠢᠭᠦᠯᠵᠦ᠂ ᠲᠡᠳ᠋ ᠵᠠᠬᠢᠷᠤᠯ ᠬᠠᠢ ᠢᠣᠢ ᠪᠠᠭᠰᠢ ᠠᠴᠠ ᠰᠤᠷᠭᠠᠭᠤᠯᠢ ᠶᠢᠨ ᠳᠦᠷᠢᠮ | ᠲᠤᠭᠳᠠᠭᠠᠯ ᠢ ᠨᠡᠶᠢᠲᠡᠯᠡᠨ᠂ ᠰᠤᠷᠤᠭᠴᠢᠳ ᠲᠤ ᠪᠠᠭ᠎ᠠ ᠰᠤᠷᠭᠠᠭᠤᠯᠢ ᠲᠡᠭᠦᠰᠬᠦ ᠦᠨᠡᠮᠯᠡᠯ ᠢ ᠭᠠᠷᠳᠠᠭᠤᠯᠵᠣ᠂ ᠪᠠᠭ᠎ᠠ | ᠨᠠᠰᠤᠨ ᠤ ᠰᠤᠷᠤᠯᠭ᠎ᠠ ᠠᠮᠢᠳᠤᠷᠠᠯ ᠤᠨ ᠪᠠᠰᠠ ᠨᠢᠭᠡ ᠱᠠᠳᠤ ᠥᠶ᠎ᠡ ᠶᠢ ᠨᠢ ᠦᠨᠡᠯᠡᠭᠰᠡᠨ ᠪᠠᠶᠢᠨ᠎ᠠ᠃ ᠲᠡᠭᠦᠰᠬᠦ | ᠰᠤᠷᠤᠭᠴᠢᠳ ᠠᠴᠠ ︽ᠰᠤᠷᠭᠠᠭᠤᠯᠢ ᠲᠡᠭᠦᠰᠬᠦ ᠲᠠᠭᠤᠤ︾ ᠪᠠᠨ ᠪᠠᠭᠰᠢ ᠨᠠᠷ ᠲᠤ ᠪᠠᠨ ᠡᠷᠭᠦᠵᠦ᠂ ︽ᠪᠠᠭᠰᠢ ᠮᠢᠨᠢ | ᠲᠠ︾ ᠭᠡᠬᠦ ᠰᠢᠯᠥᠭ ᠢᠶᠠᠨ ᠤᠶᠠᠩᠭᠠᠯᠠᠨ᠂ ᠲᠡᠭᠦᠰᠬᠦ ᠰᠤᠷᠤᠭᠴᠢᠳ ᠤᠨ ᠲᠦᠯᠥᠭᠡᠯᠡᠭᠴᠢ᠂ ᠲᠡᠭᠦᠰᠬᠦ ᠣᠨ ᠤ ᠠᠩᠭᠢ | ᠡᠷᠬᠢᠯᠡᠭᠴᠢ ᠪᠠᠭᠰᠢ ᠠᠴᠠ ᠰᠡᠳᠭᠢᠯ ᠤᠨ ᠦᠭᠡ ᠪᠠᠨ ᠲᠡᠯᠭᠡᠵᠦ᠂ ᠰᠤᠷᠭᠠᠭᠤᠯᠢ ᠳᠤ ᠪᠠᠨ ᠦᠯᠡᠳᠡᠬᠦ ᠰᠤᠷᠤᠭᠴᠢᠳ ᠴᠤ | ᠲᠡᠭᠡᠷ᠎ᠡ ᠣᠨ ᠤ ᠠᠬ᠎ᠠ ᠡᠭᠡᠴᠢ ᠠᠴᠠ ᠪᠠᠨ ᠲᠠᠭᠠᠵᠤ ᠰᠤᠷᠤᠯᠴᠠᠬᠤ ᠵᠣᠷᠢᠭ ᠢᠶᠠᠨ ᠢᠯᠡᠳᠭᠡᠭᠰᠡᠨ ᠪᠠᠶᠢᠨ᠎ᠠ᠃ | ᠰᠤᠷᠭᠠᠭᠤᠯᠢ ᠶᠢᠨ ᠵᠠᠬᠢᠷᠤᠯ ᠪᠦᠷᠢᠨ ᠨᠦᠬᠦᠷ ᠠᠴᠠ ᠲᠡᠭᠦᠰᠬᠦ ᠰᠤᠷᠤᠭᠴᠢᠳ ᠲᠤ ᠪᠠᠨ ᠲᠠᠪᠰᠢᠨ ᠰᠤᠷᠤᠯᠴᠠᠬᠤ | ᠢᠲᠡᠭᠡᠯ ᠵᠣᠷᠢᠭ ᠱᠠᠩᠨᠠᠵᠤ᠂ ᠬᠤᠶᠢᠰᠢᠲᠡ ᠡᠬᠡ ᠰᠤᠷᠭᠠᠭᠤᠯᠢ᠂ ᠡᠬᠡ ᠨᠣᠳᠤᠭ᠂ ᠡᠬᠡ ᠣᠷᠤᠨ ᠳᠤ ᠪᠠᠨ ᠬᠡᠷᠡᠭᠴᠡᠭᠡ | ᠲᠠᠢ ᠬᠦᠮᠦᠨ ᠪᠣᠯᠵᠤ ᠬᠦᠮᠦᠵᠢᠭᠳᠡᠬᠦ ᠬᠦᠰᠡᠯ ᠨᠠᠶᠢᠳᠠᠯᠭ᠎ᠠ ᠲᠠᠯᠪᠢᠭᠰᠠᠨ ᠪᠠᠶᠢᠨ᠎ᠠ᠃ ᠲᠠᠷᠠᠭ᠎ᠠ ᠨᠢ ᠲᠡᠭᠦᠰᠬᠦ | ᠰᠤᠷᠤᠭᠴᠢᠳ ᠤᠨ ᠬᠠᠷᠢᠭᠤ ᠮᠡᠳᠡᠭᠦᠯᠦᠯᠲᠡ ᠶᠢᠨ ᠲᠤᠭᠯᠠᠯᠲᠠ ᠠᠮᠵᠢᠯᠲᠠ ᠲᠠᠢ ᠶᠠᠪᠤᠭᠳᠠᠵᠤ᠂ ᠡᠨᠡᠷᠢᠵᠦ | ᠬᠦᠮᠦᠵᠢᠭᠦᠯᠦᠭᠰᠡᠨ ᠠᠴᠢᠳᠦ ᠪᠠᠭᠰᠢ᠂ ᠡᠩᠭᠦᠷᠡᠶᠢᠯᠡᠨ ᠪᠦᠪᠡᠶᠢᠯᠡᠭᠰᠡᠨ ᠡᠬᠡ ᠰᠤᠷᠭᠠᠭᠤᠯᠢ ᠳᠤ ᠪᠠᠨ ᠬᠠᠷᠢᠭᠤ ᠪᠡᠯᠡᠭ | ᠪᠣᠯᠭᠠᠨ ᠪᠠᠷᠢᠵᠤ ᠰᠠᠯᠵᠤ ᠶᠠᠳᠠᠭᠰᠠᠨ ᠰᠡᠳᠭᠢᠯ᠂ ᠰᠢᠮᠳᠡᠨ ᠴᠢᠷᠮᠠᠶᠢᠭᠰᠠᠨ ᠦᠷ᠎ᠡ ᠪᠦᠲᠦᠭᠡᠯ᠂ ᠰᠠᠷᠠᠭᠤᠯ ᠢᠷᠡᠭᠡᠳᠦᠢ | ᠵᠦᠭ ᠤᠷᠤᠭᠰᠢᠯᠠᠬᠤ ᠢᠲᠡᠭᠡᠯ ᠵᠣᠷᠢᠭ ᠢᠶᠠᠨ ᠢᠯᠡᠳᠭᠡᠭᠰᠡᠨ ᠪᠠᠶᠢᠨ᠎ᠠ᠃ | | | | | ᠵᠠᠬᠢᠷᠤᠯ ᠪᠦᠷᠢᠨ ᠠᠴᠠ ᠰᠢᠯᠢᠳᠡᠭ ᠰᠤᠷᠤᠭᠴᠢ ᠳᠤ ᠪᠠᠨ ᠱᠠᠩᠨᠠᠯ ᠭᠠᠷᠳᠠᠭᠤᠯᠵᠣ ᠪᠠᠶᠢᠨ᠎ᠠ | | | | | ᠰᠢᠯᠢᠳᠡᠭ ᠰᠤᠷᠤᠭᠴᠢ ᠪᠠᠨ ᠱᠠᠩᠨᠠᠨ ᠬᠦᠬᠢᠭᠦᠯᠪᠠ | | | | | ᠬᠤᠷᠠᠯ ᠤᠨ ᠲᠠᠯᠠᠪᠠᠢ | | | | | ᠲᠡᠭᠦᠰᠬᠦ ᠰᠣᠷᠣᠭᠴᠢᠳ ᠠᠴᠠ ᠪᠠᠭᠰᠢ ᠨᠠᠷ ᠲᠤ ᠪᠠᠨ ᠬᠠᠳᠠᠭ ᠡᠷᠭᠦᠨ ᠵᠣᠯᠭᠠᠵᠤ ᠲᠠᠯᠠᠷᠬᠠᠵᠤ ᠪᠠᠶᠢᠭ᠎ᠠ | ᠰᠡᠳᠭᠢᠯᠭᠡ ᠪᠠᠨ ᠢᠯᠡᠳᠭᠡᠵᠦ ᠪᠠᠶᠢᠨ᠎ᠠ | | | | | ᠠᠩᠭᠢ ᠶᠢᠨ ᠡᠷᠬᠢᠯᠡᠭᠴᠢ ᠬᠠᠰᠲᠤᠩᠭᠠᠯᠠᠭ ᠪᠠᠭᠰᠢ ᠠᠴᠠ ᠲᠡᠭᠦᠰᠬᠦ ᠰᠣᠷᠣᠭᠴᠢᠳ ᠲᠠᠭᠠᠨ ᠨᠠᠨᠳᠢᠨ ᠵᠠᠬᠢᠶ᠎ᠠ | ᠵᠠᠬᠢᠵᠤ ᠪᠠᠶᠢᠨ᠎ᠠ | | | | | ᠲᠡᠭᠦᠰᠬᠦ ᠰᠤᠷᠤᠭᠴᠢᠳ ᠤᠨ ᠲᠤᠭᠯᠠᠯᠲᠠ ︵ᠰᠢᠨᠡᠴᠡᠴᠡᠭ ᠤᠨ ᠪᠦᠵᠢᠭ︶ | | ︵ᠵᠠᠯᠭᠠᠬᠦᠦ︶ | | |