ᠠᠷᠤ ᠬᠤᠷᠴᠢᠨ ᠬᠤᠰᠢᠭᠤᠨ ᠤ  ᠪᠠᠶᠠᠨᠬᠤᠸᠠ᠂ ᠰᠠᠶᠢᠬᠠᠨᠲᠠᠯ᠎ᠠ᠂ ᠬᠠᠨ ᠠᠭᠤᠯᠠ ᠪᠠᠭ᠎ᠠ ᠰᠤᠷᠭᠠᠭᠤᠯᠢ ᠶᠢᠨ ᠬᠤᠯᠪᠤᠭᠠᠲᠤ ᠨᠠᠮ ᠤᠨ ᠡᠭᠦᠷ ᠰᠢᠷᠢᠰ ᠠᠵᠢᠯᠯᠠᠭᠠᠨ ᠦᠷᠨᠢᠭᠦᠯᠪᠡ
ᠨᠡᠶᠢᠲᠡᠯᠡᠭᠰᠡᠨ ᠴᠠᠭ᠄
2020/7/8
       2020 ᠣᠨ ᠤ 7 ᠰᠠᠷ᠎ᠠ ᠶᠢᠨ 3 ᠤ ᠡᠳᠦᠷ ᠠᠷᠤ ᠬᠤᠷᠴᠢᠨ ᠬᠤᠰᠢᠭᠤᠨ ᠤ ᠪᠠᠶᠠᠨᠬᠤᠸᠠ ᠪᠠᠭ᠎ᠠ ᠰᠤᠷᠭᠠᠭᠤᠯᠢ᠂ ᠰᠠᠶᠢᠬᠠᠨᠲᠠᠯ᠎ᠠ ᠪᠠᠭ᠎ᠠ ᠰᠤᠷᠭᠠᠭᠤᠯᠢ᠂ ᠬᠠᠨ ᠠᠭᠤᠯᠠ ᠪᠠᠭ᠎ᠠ ᠰᠤᠷᠭᠠᠭᠤᠯᠢ ᠶᠢᠨ ᠬᠤᠯᠪᠤᠭᠠᠲᠤ ᠨᠠᠮ ᠤᠨ ᠡᠭᠦᠷ ᠤᠨ ᠰᠢᠷᠢᠰ ᠠᠵᠢᠯᠯᠠᠭᠠᠨ ᠢᠶᠠᠨ ᠠᠮᠵᠢᠯᠲᠠ ᠲᠠᠢ ᠦᠷᠨᠢᠭᠦᠯᠪᠡ᠃ ᠠᠵᠢᠯᠯᠠᠭᠠᠨ ᠳᠤ ᠭᠤᠷᠪᠠᠨ ᠰᠤᠷᠭᠠᠭᠤᠯᠢ ᠶᠢᠨ ᠪᠦᠬᠦ ᠪᠠᠭᠰᠢ ᠨᠠᠷ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠳᠤ ᠣᠷᠤᠯᠴᠠᠵᠤ᠂ ᠪᠣᠯᠪᠠᠰᠣᠷᠠᠯ ᠳᠤ ᠣᠷᠤᠨ ᠤ ᠵᠢᠭᠠᠬᠤ ᠶᠢ ᠰᠣᠳᠤᠯᠬᠤ ᠭᠠᠵᠠᠷ ᠤᠨ ᠦᠨᠳᠦᠰᠦᠲᠡᠨ ᠤ ᠰᠤᠷᠭᠠᠨ ᠬᠦᠮᠦᠵᠢᠯ ᠤᠨ ᠰᠠᠯᠠᠭᠠᠨ ᠤ ᠡᠷᠬᠢᠯᠡᠭᠴᠢ᠂ ᠣᠨᠴᠠ ᠲᠡᠰ ᠤᠨ ᠪᠠᠭᠰᠢ᠂ ᠪᠦᠬᠦ ᠣᠷᠤᠨ ᠤ ᠪᠠᠭ᠎ᠠ ᠰᠤᠷᠭᠠᠭᠤᠯᠢ ᠶᠢᠨ ᠳᠦᠷᠪᠡᠨ ᠴᠢᠭᠯᠡᠯᠲᠦ ᠰᠣᠳᠤᠯᠭᠠᠨ ᠢ ᠡᠭᠦᠳᠦᠨ ᠰᠣᠳᠤᠯᠤᠭᠰᠠᠨ ᠡᠷᠳᠡᠮᠳᠡᠨ᠂ ︽ᠲᠣᠭᠠᠨ ᠤ ᠤᠬᠠᠭᠠᠨ ᠤ ᠰᠠᠭᠤᠷᠢ ᠮᠡᠳᠡᠯᠭᠡ ᠶᠢᠨ ᠢᠵᠢ ᠲᠤᠭᠯᠠᠭᠠᠮ︾ ᠵᠡᠷᠭᠡ 15 ᠵᠥᠢᠯ ᠤᠨ ᠣᠯᠤᠰ ᠤᠨ ᠲᠤᠰᠬᠠᠢ ᠠᠰᠢᠭ ᠡᠭᠦᠳᠦᠭᠰᠡᠨ ᠰᠡᠷᠭᠦᠯᠡᠩ ᠪᠠᠭᠰᠢ ᠠᠴᠠ ᠪᠠᠭᠰᠢ ᠨᠠᠷ ᠲᠤ ᠲᠤᠬᠠᠶᠢᠯᠠᠭᠰᠠᠨ ᠠᠵᠢᠯ ᠤᠨ ᠲᠣᠬᠠᠢ ᠶᠠᠷᠢᠶ᠎ᠠ ᠲᠠᠶᠢᠯᠤᠮᠵᠢ ᠪᠠ ᠰᠣᠳᠤᠯᠭᠠᠨ ᠤ ᠠᠵᠢᠯ ᠢ ᠬᠡᠷᠬᠢᠨ ᠦᠷ᠎ᠡ ᠠᠰᠢᠭ ᠲᠠᠢ ᠬᠢᠬᠦ ᠲᠤᠬᠠᠢ ᠪᠣᠳᠠᠳᠤ ᠬᠡᠷᠡᠭ ᠵᠢᠱᠢᠶ᠎ᠡ ᠲᠠᠢ ᠤᠶᠠᠯᠳᠤᠭᠤᠯᠤᠨ ᠵᠢᠭᠠᠨ ᠵᠢᠯᠣᠭᠤᠳᠤᠭᠰᠠᠨ ᠪᠠᠶᠢᠨ᠎ᠠ᠃
       ᠲᠠᠷᠠᠭ᠎ᠠ ᠨᠢ ᠬᠤᠯᠪᠤᠭᠠᠲᠤ ᠨᠠᠮ ᠤᠨ ᠡᠭᠦᠷ ᠤᠨ ᠲᠠᠶᠢᠴᠢᠯᠠᠯᠲᠠ ᠶᠢᠨ ᠬᠤᠷᠠᠯ ᠬᠤᠷᠠᠯᠳᠤᠭᠤᠯᠵᠤ᠂ ᠬᠤᠯᠪᠤᠭᠠᠲᠤ ᠨᠠᠮ ᠤᠨ ᠡᠭᠦᠷ ᠤᠨ ᠱᠦᠵᠢ ᠰᠣᠶᠣᠯᠲᠤ ᠪᠠᠭᠰᠢ ᠠᠴᠠ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠢᠭᠤᠨ ᠴᠢᠭᠡᠴᠢ ᠪᠠᠷ ᠪᠡᠶ᠎ᠡ ᠪᠠᠨ ᠪᠠᠶᠢᠴᠠᠭᠠᠬᠤ ᠪᠠᠷᠢᠮᠵᠢᠶ᠎ᠠ︾ ᠭᠡᠬᠦ ᠭᠤᠣᠯ ᠰᠡᠳᠦᠪ ᠢᠶᠠᠷ ᠨᠠᠮ ᠤᠨ ᠬᠢᠴᠢᠶᠡᠯ ᠣᠷᠤᠭᠰᠠᠨ ᠪᠠᠶᠢᠨ᠎ᠠ᠃ ᠲᠠᠬᠢᠨ ᠬᠠᠨ ᠠᠭᠤᠯᠠ ᠪᠠᠭ᠎ᠠ ᠰᠤᠷᠭᠠᠭᠤᠯᠢ ᠶᠢᠨ ᠰᠤᠷᠤᠭᠴᠢ ᠶᠢᠨ ᠪᠠᠶᠢᠷᠢ᠂ ᠲᠣᠭᠤᠭᠠᠨ ᠭᠡᠷ᠂ ᠬᠢᠴᠢᠶᠡᠯᠯᠡᠬᠦ ᠠᠰᠠᠷ ᠤᠨ ᠰᠤᠶᠤᠯ ᠤᠨ ᠪᠦᠲᠦᠭᠡᠨ ᠪᠠᠶᠢᠭᠤᠯᠤᠯᠲᠠ ᠶᠢ ᠲᠤᠭᠤᠷᠢᠨ ᠦᠵᠡᠭᠰᠡᠨ ᠪᠠᠶᠢᠨ᠎ᠠ᠃
       ᠲᠤᠰ ᠠᠵᠢᠯᠯᠠᠭᠠᠨ ᠨᠢ ᠬᠤᠯᠪᠤᠭᠠᠲᠤ ᠨᠠᠮ ᠤᠨ ᠡᠭᠦᠷ ᠤᠨ ᠨᠢᠭᠲᠠ ᠬᠠᠮᠵᠢᠯᠴᠠᠭ᠎ᠠ ᠶᠢ ᠴᠢᠩᠭᠠᠳᠬᠠᠵᠤ᠂ ᠨᠠᠮ ᠤᠨ ᠭᠡᠰᠢᠭᠦᠨ ᠪᠠᠭᠰᠢ ᠨᠠᠷ ᠤᠨ ᠰᠤᠷᠭᠠᠨ ᠬᠦᠮᠦᠵᠢᠯ᠂ ᠵᠢᠭᠠᠨ ᠰᠣᠷᠭᠠᠯᠲᠠ ᠶᠢᠨ ᠠᠵᠢᠯ ᠳᠤ ᠬᠤᠰᠢᠭᠤᠴᠢ ᠵᠢᠱᠢᠶᠡᠴᠢ ᠦᠢᠯᠡᠳᠦᠯ ᠦᠵᠡᠭᠦᠯᠬᠦ ᠶᠢ ᠲᠠᠶᠢᠴᠢᠯᠠᠨ ᠲᠠᠭᠠᠭᠤᠯᠤᠭᠰᠠᠨ ᠪᠠᠶᠢᠨ᠎ᠠ᠃  ︵ᠵᠠᠯᠭᠠᠬᠦᠣ︶
 
ᠢᠷᠡᠯᠲᠡ᠄ ᠠᠷᠣ ᠬᠤᠷᠴᠢᠨ ᠬᠤᠰᠢᠭᠤᠨ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号