ᠠᠷᠤ ᠬᠤᠷᠴᠢᠨ ᠬᠤᠰᠢᠭᠤᠨ ᠤ ᠬᠠᠨ ᠠᠭᠤᠯᠠ ᠪᠠᠭ᠎ᠠ ᠰᠤᠷᠭᠠᠭᠤᠯᠢ ᠨᠢ ᠣᠷᠤᠨ ᠤ ᠵᠢᠭᠠᠬᠤ ᠶᠢ ᠰᠣᠳᠤᠯᠬᠤ ᠭᠠᠵᠠᠷ ᠤᠨ ᠨᠡᠷᠡᠲᠦ ᠡᠷᠳᠡᠮᠳᠡᠨ ᠰᠡᠷᠭᠦᠯᠡᠩ ᠪᠠᠭᠰᠢ ᠶᠢ ᠤᠷᠢᠵᠤ ᠪᠠᠭᠰᠢ ᠨᠠᠷ ᠲᠤ ᠪᠠᠨ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠬᠦᠷᠲᠡᠭᠡᠪᠡ
ᠨᠡᠶᠢᠲᠡᠯᠡᠭᠰᠡᠨ ᠴᠠᠭ᠄
2020/7/9
       ᠠᠷᠤ ᠬᠤᠷᠴᠢᠨ ᠬᠤᠰᠢᠭᠤᠨ ᠤ ᠬᠠᠨ ᠠᠭᠤᠯᠠ ᠪᠠᠭ᠎ᠠ ᠰᠤᠷᠭᠠᠭᠤᠯᠢ ᠨᠢ ᠪᠠᠭᠰᠢ ᠨᠠᠷ ᠤᠨ ᠢᠶᠠᠨ ᠠᠵᠢᠯ ᠤᠨ ᠢᠳᠡᠪᠬᠢᠵᠢᠯ ᠢ ᠲᠠᠶᠢᠴᠢᠯᠠᠬᠤ ᠪᠠ ᠵᠢᠭᠠᠨ ᠰᠤᠷᠭᠠᠬᠤ ᠰᠣᠳᠤᠯᠭᠠᠨ ᠢ ᠤᠯᠠᠮ ᠦᠷ᠎ᠡ ᠠᠰᠢᠭ ᠲᠠᠢ ᠬᠢᠬᠦ ᠶᠢᠨ ᠲᠥᠯᠥᠭᠡ 2020 ᠣᠨ ᠤ 7 ᠰᠠᠷ᠎ᠠ ᠶᠢᠨ 3 ᠤ ᠡᠳᠦᠷ ᠣᠷᠤᠨ ᠤ ᠵᠢᠭᠠᠬᠤ ᠶᠢ ᠰᠣᠳᠤᠯᠬᠤ ᠭᠠᠵᠠᠷ ᠤᠨ ᠦᠨᠳᠦᠰᠦᠲᠡᠨ ᠤ ᠰᠤᠷᠭᠠᠨ ᠬᠦᠮᠦᠵᠢᠯ ᠤᠨ ᠰᠠᠯᠠᠭᠠᠨ ᠤ ᠡᠷᠬᠢᠯᠡᠭᠴᠢ᠂ ᠣᠨᠴᠠ ᠲᠡᠰ ᠤᠨ ᠪᠠᠭᠰᠢ᠂ ᠪᠦᠬᠦ ᠣᠷᠤᠨ ᠤ ᠪᠠᠭ᠎ᠠ ᠰᠤᠷᠭᠠᠭᠤᠯᠢ ᠶᠢᠨ ᠳᠦᠷᠪᠡᠨ ᠴᠢᠭᠯᠡᠯᠲᠦ ᠰᠣᠳᠤᠯᠭᠠᠨ ᠢ ᠡᠭᠦᠳᠦᠨ ᠰᠣᠳᠤᠯᠤᠭᠰᠠᠨ ᠡᠷᠳᠡᠮᠳᠡᠨ᠂ ︽ᠲᠣᠭᠠᠨ ᠤ ᠤᠬᠠᠭᠠᠨ ᠤ ᠰᠠᠭᠤᠷᠢ ᠮᠡᠳᠡᠯᠭᠡ ᠶᠢᠨ ᠢᠵᠢ ᠲᠤᠭᠯᠠᠭᠠᠮ︾ ᠵᠡᠷᠭᠡ 15 ᠵᠥᠢᠯ ᠤᠨ ᠣᠯᠤᠰ ᠤᠨ ᠲᠤᠰᠬᠠᠢ ᠠᠰᠢᠭ ᠡᠭᠦᠳᠦᠭᠰᠡᠨ ᠰᠡᠷᠭᠦᠯᠡᠩ ᠪᠠᠭᠰᠢ ᠶᠢ ᠤᠷᠢᠵᠤ ᠪᠠᠭᠰᠢ ᠨᠠᠷ ᠲᠤ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠬᠦᠷᠲᠡᠭᠡᠪᠡ᠃
       ᠪᠣᠯᠪᠠᠰᠤᠷᠠᠯ ᠳᠤ ᠰᠡᠷᠭᠦᠯᠡᠩ ᠪᠠᠭᠰᠢ ᠠᠴᠠ ︽ᠲᠣᠭᠠᠨ ᠤ ᠤᠬᠠᠭᠠᠨ ᠤ ᠭᠤᠷᠪᠠᠨ ᠠᠯᠬᠤᠮᠲᠤ ᠵᠢᠭᠠᠬᠤ ᠠᠷᠭ᠎ᠠ ᠶᠢᠨ ᠰᠣᠳᠤᠯᠭᠠᠨ︾ ᠤ ᠠᠭᠤᠯᠭ᠎ᠠ ᠪᠠᠷ ᠪᠠᠭᠰᠢ ᠨᠠᠷ ᠤᠨ ᠲᠣᠭᠠᠨ ᠤ ᠤᠬᠠᠭᠠᠨ ᠤ ᠵᠢᠭᠠᠨ ᠰᠣᠷᠭᠠᠯᠲᠠ ᠳᠤ ᠬᠡᠷᠬᠢᠨ ᠰᠤᠷᠤᠭᠴᠢᠳ ᠤᠨ ᠤᠷᠮ᠎ᠠ ᠪᠠᠬ᠎ᠠ ᠶᠢ ᠳᠠᠲᠠᠭᠰᠠᠨ ᠲᠣᠭᠯᠠᠭᠠᠮ ᠤᠨ ᠠᠷᠭ᠎ᠠ ᠪᠠᠷ ᠵᠢᠭᠠᠨ ᠰᠣᠷᠭᠠᠬᠤ ᠠᠷᠭ᠎ᠠ ᠶᠢ ᠪᠣᠳᠠᠳᠤ ᠵᠢᠱᠢᠶ᠎ᠡ ᠲᠠᠢ ᠲᠠᠶᠢᠯᠪᠦᠷᠢᠯᠠᠨ ᠶᠠᠷᠢᠵᠦ᠂ ᠪᠠᠭᠰᠢ ᠪᠦᠬᠦᠨ ᠤ ᠰᠡᠳᠭᠢᠯ ᠢ ᠲᠤᠭᠳᠤᠯᠤᠭᠤᠯᠤᠮ᠎ᠠ ᠦᠨᠡᠲᠦ ᠵᠢᠭᠠᠨ ᠰᠤᠷᠭᠠᠬᠤ ᠤᠷ᠎ᠠ ᠳᠡᠮ — ᠰᠤᠷᠤᠭᠴᠢᠳ ᠢᠶᠠᠨ ᠬᠡᠷᠬᠢᠨ ᠣᠷᠠᠯᠢᠭ᠂ ᠰᠢᠨᠵᠢᠯᠡᠬᠦ ᠤᠬᠠᠭᠠᠨᠴᠢ ᠠᠷᠭ᠎ᠠ ᠪᠠᠷ ᠰᠣᠳᠤᠯᠤᠨ ᠰᠤᠷᠤᠯᠴᠠᠭᠤᠯᠬᠤ ᠲᠤᠬᠠᠢ ᠡᠷᠬᠢᠮ ᠨᠠᠨᠳᠢᠨ ᠵᠢᠭᠠᠨ ᠵᠢᠯᠣᠭᠤᠳᠤᠯᠭ᠎ᠠ ᠬᠦᠷᠲᠡᠭᠡᠭᠰᠡᠨ ᠪᠠᠶᠢᠨ᠎ᠠ ᠃ ᠮᠣᠩᠭᠤᠯ ᠬᠡᠯᠡᠨ ᠤ ᠵᠢᠭᠠᠨ ᠰᠣᠷᠭᠠᠯᠲᠠ ᠳᠤ ᠰᠡᠷᠭᠦᠯᠡᠩ ᠪᠠᠭᠰᠢ ᠠᠴᠠ ︽ᠳᠦᠷᠪᠡᠨ ᠪᠣᠭᠤᠮᠲᠠ ᠲᠠᠪᠠᠭᠤᠯᠬᠤ︾ ᠰᠣᠳᠤᠯᠭᠠᠨ ᠤ ᠲᠤᠬᠠᠢ ᠭᠦᠨᠵᠡᠭᠡᠢ ᠶᠠᠷᠢᠵᠦ᠂ ᠬᠡᠯᠡᠨ ᠤ ᠵᠢᠭᠠᠨ ᠰᠣᠷᠭᠠᠯᠲᠠ ᠳᠤ ᠬᠡᠣᠬᠡᠳ ᠤᠨ ︽ᠰᠣᠨᠤᠰᠴᠤ ᠶᠠᠷᠢᠬᠤ᠂ ᠦᠰᠦᠭᠯᠡᠯ᠂ ᠣᠩᠰᠢᠵᠤ ᠦᠢᠯᠠᠭᠠᠬᠤ᠂ ᠵᠣᠬᠢᠶᠠᠵᠤ ᠨᠠᠶᠢᠷᠠᠭᠤᠯᠬᠤ︾ ᠪᠣᠭᠤᠮᠲᠠ ᠶᠢ ᠲᠠᠪᠠᠭᠤᠯᠬᠤ ᠰᠤᠳᠤᠯᠭᠠᠨ ᠢ ᠬᠡᠷᠬᠢᠨ ᠬᠢᠬᠦ ᠲᠤᠬᠠᠢ ᠨᠠᠷᠢᠯᠢᠭ ᠪᠣᠳᠠᠳᠠᠢ ᠵᠢᠭᠠᠨ ᠵᠢᠯᠣᠭᠤᠳᠤᠭᠰᠠᠨ ᠪᠠᠶᠢᠨ᠎ᠠ᠃
       ᠲᠤᠰ ᠤᠳᠠᠭᠠᠨ ᠤ ᠪᠣᠯᠪᠠᠰᠣᠷᠠᠯ ᠨᠢ ᠪᠠᠭᠰᠢ ᠨᠠᠷ ᠤᠨ ᠵᠢᠭᠠᠨ ᠰᠣᠷᠭᠠᠯᠲᠠ ᠳᠤ ᠰᠡᠩᠬᠡᠷᠡᠭᠦᠯᠬᠦ ᠴᠢᠨᠠᠷ ᠲᠠᠢ ᠵᠢᠯᠣᠭᠤᠳᠤᠯᠭ᠎ᠠ ᠪᠣᠯᠵᠤ᠂ ᠪᠠᠭᠰᠢ ᠨᠠᠷ ᠵᠥᠪᠬᠡᠨ ᠬᠢᠴᠢᠶᠡᠯ ᠵᠢᠭᠠᠬᠤ ᠪᠢᠰᠢ᠂ ᠵᠠᠪᠠᠯ ᠰᠣᠳᠤᠯᠭᠠᠨ ᠬᠢᠬᠦ ᠬᠡᠷᠡᠭᠲᠡᠢ᠂ ᠵᠠᠪᠠᠯ ᠬᠡᠣᠬᠡᠳ ᠤᠨ ᠣᠨᠴᠠᠯᠢᠭ ᠲᠤ ᠨᠡᠶᠢᠴᠡᠭᠰᠡᠨ ᠵᠢᠭᠠᠨ ᠰᠣᠷᠭᠠᠯᠲᠠ᠂ ᠬᠡᠣᠬᠡᠳ ᠲᠤ ᠲᠠᠷᠤᠭᠠᠰᠣ ᠦᠭᠡᠢ ᠰᠤᠷᠭᠠᠨ ᠬᠦᠮᠦᠵᠢᠯ ᠬᠢᠬᠦ ᠬᠡᠷᠡᠭᠲᠡᠢ ᠭᠡᠰᠡᠨ ᠢ ᠦᠢᠯᠠᠭᠠᠭᠤᠯᠵᠣ᠂ ᠮᠠᠨ ᠤ ᠰᠤᠷᠭᠠᠭᠤᠯᠢ ᠶᠢᠨ ᠰᠤᠷᠭᠠᠨ ᠬᠦᠮᠦᠵᠢᠯ ᠵᠢᠭᠠᠨ ᠰᠣᠷᠭᠠᠯᠲᠠ ᠶᠢᠨ ᠠᠵᠢᠯ ᠳᠤ ᠲᠦᠯᠬᠢᠴᠡ ᠦᠢᠯᠡᠳᠦᠯ ᠦᠵᠡᠭᠦᠯᠬᠦ ᠨᠢ ᠯᠠᠪᠲᠠᠢ᠃ ︵ᠵᠠᠯᠭᠠᠬᠦᠦ︶
 
ᠢᠷᠡᠯᠲᠡ᠄ ᠠᠷᠣ ᠬᠤᠷᠴᠢᠨ ᠬᠤᠰᠢᠭᠤᠨ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号