ᠠᠷᠤ ᠬᠤᠷᠴᠢᠨ ᠬᠤᠰᠢᠭᠤᠨ ᠤ ᠬᠠᠨ ᠠᠭᠤᠯᠠ ᠪᠠᠭ᠎ᠠ ᠰᠤᠷᠭᠠᠭᠤᠯᠢ ᠨᠢ ᠰᠤᠷᠭᠠᠨ ᠬᠦᠮᠦᠵᠢᠯ ᠤᠨ ᠲᠣᠪᠴᠢᠶᠠᠨ ᠤ ᠪᠦᠬᠦ ᠬᠤᠰᠢᠭᠤᠨ ᠤ ᠰᠤᠷᠤᠭᠴᠢ ᠶᠢᠨ ᠪᠠᠶᠢᠷᠢ ᠶᠢᠨ ᠭᠡᠷ᠂ ᠲᠣᠭᠤᠭᠠᠨ ᠭᠡᠷ ᠤᠨ ᠰᠤᠶᠤᠯ ᠤᠨ ᠪᠦᠲᠦᠭᠡᠨ ᠪᠠᠶᠢᠭᠤᠯᠤᠯᠲᠠ ᠶᠢ ᠠᠳᠠᠯᠢᠳᠬᠠᠨ ᠰᠢᠯᠭᠠᠷᠠᠭᠤᠯᠬᠤ ᠪᠠᠶᠢᠴᠠᠭᠠᠯᠲᠠ ᠶᠢ ᠬᠦᠯᠢᠶᠡᠪᠡ
ᠨᠡᠶᠢᠲᠡᠯᠡᠭᠰᠡᠨ ᠴᠠᠭ᠄
2020/7/9
           
       2020 ᠣᠨ ᠤ 7 ᠰᠠᠷ᠎ᠠ ᠶᠢᠨ 3 ᠤ ᠡᠳᠦᠷ ᠠᠷᠤ ᠬᠤᠷᠴᠢᠨ ᠬᠤᠰᠢᠭᠤᠨ ᠤ ᠬᠠᠨ ᠠᠭᠤᠯᠠ ᠪᠠᠭ᠎ᠠ ᠰᠤᠷᠭᠠᠭᠤᠯᠢ ᠨᠢ ᠬᠤᠰᠢᠭᠤᠨ ᠤ ᠰᠤᠷᠭᠠᠨ ᠬᠦᠮᠦᠵᠢᠯ ᠤᠨ ᠲᠣᠪᠴᠢᠶᠠᠨ ᠤ ᠣᠳᠤᠷᠢᠳᠤᠯᠭ᠎ᠠ ᠨᠠᠷ ᠤᠨ ᠪᠦᠬᠦ ᠬᠤᠰᠢᠭᠤᠨ ᠤ ᠰᠤᠷᠤᠭᠴᠢ ᠶᠢᠨ ᠪᠠᠶᠢᠷᠢ ᠶᠢᠨ ᠭᠡᠷ᠂ ᠲᠣᠭᠤᠭᠠᠨ ᠭᠡᠷ ᠤᠨ ᠰᠤᠶᠤᠯ ᠤᠨ ᠪᠦᠲᠦᠭᠡᠨ ᠪᠠᠶᠢᠭᠤᠯᠤᠯᠲᠠ ᠶᠢᠨ ᠠᠳᠠᠯᠢᠳᠬᠠᠨ ᠰᠢᠯᠭᠠᠷᠠᠭᠤᠯᠤᠯᠲᠠ ᠶᠢ ᠬᠦᠯᠢᠶᠡᠪᠡ᠃ ᠬᠤᠰᠢᠭᠤᠨ ᠤ ᠰᠣᠷᠭᠠᠨ ᠬᠦᠮᠦᠵᠢᠯ ᠤᠨ ᠲᠣᠪᠴᠢᠶᠠᠨ ᠤ ᠳᠡᠳ᠋ ᠲᠠᠷᠤᠭ᠎ᠠ ᠬᠡᠰᠢᠭᠳᠡᠯᠭᠡᠷ ᠪᠠᠶᠢᠴᠠᠭᠠᠯᠲᠠ ᠶᠢᠨ ᠪᠦᠯᠬᠦᠮ ᠳᠠᠭᠠᠭᠤᠯᠣᠨ ᠰᠤᠷᠭᠠᠭᠤᠯᠢ ᠶᠢᠨ ᠰᠤᠷᠤᠭᠴᠢᠳ ᠤᠨ ᠪᠠᠶᠢᠷᠢ ᠶᠢᠨ ᠭᠡᠷ ᠢᠶᠠᠷ ᠭᠦᠨᠵᠡᠭᠡᠶᠢᠷᠡᠵᠦ᠂ ᠪᠠᠶᠢᠷᠢ ᠶᠢᠨ ᠭᠡᠷ ᠤᠨ ᠭᠤᠳᠤᠮᠵᠢ᠂ ᠲᠠᠰᠤᠭ ᠪᠣᠯᠭᠠᠨ ᠤ ᠰᠤᠶᠤᠯᠵᠢᠭᠤᠯᠤᠯᠲᠠ᠂ ᠰᠤᠷᠤᠭᠴᠢ ᠶᠢᠨ ᠲᠣᠭᠤᠭᠠᠨ ᠭᠡᠷ ᠤᠨ ᠠᠷᠢᠭᠤᠨ ᠴᠡᠪᠡᠷ᠂ ᠰᠣᠶᠤᠯ ᠤᠨ ᠪᠦᠲᠦᠭᠡᠨ ᠪᠠᠶᠢᠭᠤᠯᠤᠯᠲᠠ ᠵᠡᠷᠭᠡ ᠶᠢ ᠪᠠᠶᠢᠴᠠᠭᠠᠨ ᠦᠵᠡᠵᠦ ᠦᠨᠳᠦᠷ ᠦᠨᠡᠯᠡᠯᠲᠡ ᠦᠭᠭᠦᠭᠰᠡᠨ ᠪᠠᠶᠢᠨ᠎ᠠ᠃
 
       ᠬᠠᠨ ᠠᠭᠤᠯᠠ ᠪᠠᠭ᠎ᠠ ᠰᠤᠷᠭᠠᠭᠤᠯᠢ ᠨᠢ ᠪᠠᠶᠢᠷᠢᠯᠠᠬᠤ ᠳᠦᠷᠢᠮᠲᠦ ᠪᠠᠭ᠎ᠠ ᠰᠤᠷᠭᠠᠭᠤᠯᠢ ᠪᠣᠯᠤᠭᠰᠠᠨ ᠤ ᠬᠤᠪᠢ ᠠᠴᠠ ︽ᠠᠮᠤᠷ ᠲᠦᠪᠰᠢᠨ᠂ ᠴᠢᠨᠠᠷ ᠴᠢᠨᠰᠠᠭ᠎ᠠ ᠲᠠᠢ᠂ ᠬᠡᠪ ᠳᠦᠷᠢᠮᠵᠢᠭᠦᠨ︾ ᠪᠣᠯᠬᠤ ᠪᠠᠷ ᠡᠬᠢᠯᠡᠯᠲᠡ ᠶᠢᠨ ᠴᠡᠭ ᠪᠣᠯᠭᠠᠵᠤ᠂ ︽ᠡᠷᠡᠭᠦᠯ ᠴᠢᠬᠢᠷᠠᠭ᠂ ᠠᠷᠢᠭᠤᠨ ᠴᠡᠪᠡᠷ᠂ ᠪᠣᠬᠢᠷᠳᠦᠯ ᠦᠭᠡᠢ᠂ ᠠᠮᠤᠷ ᠲᠥᠪᠰᠢᠨ︾ ᠪᠠᠶᠢᠬᠤ ᠪᠠᠷ ᠦᠵᠡᠯ ᠰᠠᠨᠠᠭᠠᠨ ᠤ ᠣᠨᠤᠯᠵᠢᠬᠤᠨ ᠪᠣᠯᠭᠠᠵᠤ᠂ ︽ᠲᠦᠷᠢᠮᠵᠢᠭᠰᠡᠨ ᠬᠠᠮᠢᠶᠠᠷᠤᠯᠲᠠ᠂ ᠪᠠᠷᠢᠮᠵᠢᠶ᠎ᠠ ᠬᠠᠮᠢᠶᠠᠷᠤᠯᠲᠠ᠂ ᠬᠠᠯᠠᠭᠤᠮᠰᠤᠭ ᠢᠶᠠᠷ ᠦᠢᠯᠡᠴᠢᠯᠡᠬᠦ᠂ ᠶᠠᠰᠤ ᠴᠢᠨᠠᠷ ᠨᠢᠭᠡᠳᠦᠭᠡᠷ︾ ᠪᠠᠶᠢᠬᠤ ᠪᠠᠷ ᠭᠤᠣᠯ ᠴᠢᠮᠦᠭᠡ ᠪᠣᠯᠭᠠᠵᠤ᠂ ᠦᠢᠯᠡᠴᠢᠯᠡᠭᠡᠨ ᠢᠶᠠᠷ ᠬᠦᠮᠦᠨ ᠢ ᠬᠦᠮᠦᠵᠢᠭᠦᠯᠬᠦ᠂ ᠣᠷᠴᠢᠨ ᠲᠣᠭᠤᠷᠢᠨ ᠢᠶᠠᠷ ᠬᠦᠮᠦᠨ ᠢ ᠬᠦᠮᠦᠵᠢᠭᠦᠯᠬᠦ ᠶᠢ ᠠᠩᠬᠠᠷᠴᠦ᠂ ᠪᠣᠯᠪᠠᠰᠤᠨ ᠶᠣᠰᠤᠷᠬᠠᠭ ᠬᠤᠶᠢᠴᠢ ᠥᠶ᠎ᠡ ᠶᠢᠨ ᠵᠠᠯᠭᠠᠮᠵᠢᠯᠠᠭᠴᠢ ᠶᠢ ᠬᠦᠮᠦᠵᠢᠭᠦᠯᠦᠨ᠂ ᠰᠤᠷᠤᠭᠴᠢᠳ ᠤᠨ ᠪᠡᠶ᠎ᠡ ᠡᠷᠡᠭᠦᠯ᠂ ᠰᠡᠳᠭᠢᠯ ᠰᠠᠷᠠᠭᠤᠯ ᠢᠶᠠᠷ ᠰᠤᠷᠤᠯᠴᠠᠨ ᠠᠮᠢᠳᠤᠷᠠᠵᠤ᠂ ᠲᠡᠳᠡᠨ ᠤ ᠪᠦᠬᠦ ᠲᠠᠯ᠎ᠠ ᠶᠢᠨ ᠬᠦᠭᠵᠢᠯᠲᠡ ᠶᠢ ᠠᠬᠢᠭᠤᠯᠬᠤ ᠳᠤ ᠴᠢᠬᠤᠯᠠ ᠪᠦᠬᠦᠢ ᠨᠦᠬᠦᠴᠡᠯ ᠬᠠᠩᠭᠠᠭᠰᠠᠭᠠᠷ ᠢᠷᠡᠪᠡ᠃  ︵ᠵᠠᠯᠭᠠᠬᠦᠦ
 
ᠢᠷᠡᠯᠲᠡ᠄ ᠠᠷᠣ ᠬᠤᠷᠴᠢᠨ ᠬᠤᠰᠢᠭᠤᠨ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号