| | 9 ᠰᠠᠷ᠎ᠠ ᠶᠢᠨ 25 ᠤ ᠡᠳᠤᠷ᠂ ᠰᠤᠷᠪᠤᠯᠵᠢᠯᠠᠭᠴᠢ ᠪᠠᠯᠴᠢᠷᠤᠳ ᠪᠠᠭ᠎ᠠ ᠰᠤᠷᠭᠠᠭᠤᠯᠢ ᠪᠠᠷ ᠬᠦᠷᠬᠦ ᠳᠤ | ᠴᠡᠪᠠᠷ ᠴᠡᠮᠴᠡᠭᠡᠷ ᠰᠤᠷᠭᠠᠭᠤᠯᠢ ᠶᠢᠨ ᠬᠦᠷᠢᠶᠠᠨ ᠠᠴᠠ ᠰᠤᠷᠤᠭᠴᠢᠳ ᠤᠨ ᠡᠭᠡ ᠤᠯᠤᠰ ᠢᠶᠠᠨ ᠮᠠᠭᠳᠠᠨ ᠲᠠᠭᠤᠯᠠᠭᠰᠠᠨ | ᠬᠠᠮᠳᠤ ᠶᠢᠨ ᠲᠠᠭᠤᠤ ᠶᠢᠨ ᠴᠤᠭ ᠵᠢᠪᠬᠤᠭ᠎ᠠ ᠲᠠᠢ ᠠᠶ᠎ᠠ ᠲᠠᠭᠤᠤ ᠬᠠᠩᠬᠢᠨᠠᠨ ᠴᠤᠤᠷᠢᠶᠠᠳᠤᠨ᠎ᠠ᠃ ᠤᠤᠯ ᠨᠢ ᠲᠠᠳᠠ | ︽ᠤᠯᠤᠰ ᠤᠨ ᠪᠠᠶᠠᠷ︾ ᠬᠦᠷᠴᠤ ᠢᠷᠡᠬᠦ ᠲᠠᠰᠢᠷᠠᠮ ᠢᠶᠠᠷ᠂ ᠤᠯᠤᠰ ᠢᠶᠠᠨ ᠬᠠᠶᠢᠷᠠᠯᠠᠬᠤ ᠬᠦᠮᠤᠵᠢᠯ ᠬᠢᠬᠦ ᠶᠢᠨ | ᠬᠠᠮᠳᠤ ︽10 · 1︾ ᠤ ᠪᠠᠶᠠᠷ ᠢᠶᠠᠨ ᠪᠡᠯᠭᠡᠯᠡᠬᠦ ᠠᠵᠢᠯᠯᠠᠭᠠᠨ ᠤ ᠪᠠᠯᠡᠳᠭᠡᠯ ᠬᠢᠵᠤ ᠪᠠᠶᠢᠭ᠎ᠠ ᠨᠢ ᠡᠨᠡ ᠠᠵᠢ᠃ | | | | ᠰᠤᠷᠪᠤᠯᠵᠢᠯᠠᠭᠴᠢ ᠮᠥᠨ ᠨᠢᠭᠡᠳᠤᠭᠡᠷ ᠤᠨ ᠤ ᠬᠢᠳᠡᠳ ᠭᠡᠯᠡ ᠪᠢᠴᠢᠭ ᠤᠨ ᠬᠢᠴᠢᠶᠠᠯ ᠤᠷᠤᠵᠤ ᠪᠠᠶᠢᠭ᠎ᠠ | ᠲᠠᠢ ᠠᠵᠠ ᠬᠠᠷᠭᠤᠨ ᠰᠤᠷᠪᠤᠯᠵᠢᠯᠠᠭ᠎ᠠ ᠠᠪᠤᠭᠰᠠᠨ ᠪᠢᠯᠡ᠃ ᠬᠢᠳᠡᠳ ᠭᠡᠯᠡᠨ ᠤ ᠪᠠᠭᠰᠢ ᠲᠡᠯᠭᠡᠷᠬᠦᠤ ᠠᠴᠠ ᠨᠢᠭᠡᠳᠦᠭᠡᠷ | ᠤᠨ ᠤ ᠭᠤᠴᠢ ᠰᠢᠬᠠᠮ ᠰᠤᠷᠤᠭᠴᠢᠳ ᠤᠨ ᠢᠶᠠᠨ ᠠᠮᠠᠷᠬᠠᠨ ᠤᠶᠢᠯᠠᠭᠠᠵᠤ ᠴᠡᠭᠡᠵᠢᠯᠡᠬᠦ ᠳᠤ ᠵᠤᠬᠢᠴᠠᠭᠤᠯᠤᠨ᠂ | ᠬᠢᠳᠡᠳ ᠦᠰᠦᠭ ᠤᠨ ᠭᠡᠯᠪᠠᠷᠢ ᠲᠦᠷᠰᠤ ᠠᠴᠠ ᠭᠠᠷᠳᠠᠨ᠂ ᠵᠢᠷᠤᠭ ᠲᠦᠷᠰᠤ᠂ ᠸᠢᠳᠢᠤ᠋ ᠪᠢᠴᠢᠯᠭᠡ ᠬᠠᠪᠰᠤᠷᠭᠠᠨ᠂ | ᠠᠮᠢᠳᠤᠯᠢᠭ ᠪᠤᠳᠠᠳᠠᠢ ᠮᠦᠷᠳᠡᠭᠡᠨ ᠬᠤᠤᠰ ᠭᠡᠯᠡ ᠪᠠᠷ ᠵᠠᠳᠠᠯᠤᠨ ᠲᠠᠶᠢᠯᠪᠤᠷᠢᠯᠠᠬᠤ ᠶᠢᠨ ᠬᠠᠮᠳᠤ ᠰᠤᠷᠤᠭᠴᠢ ᠪᠦᠷᠢ ᠪᠠᠷ | ᠤᠶᠢᠯᠠᠭᠠᠭᠰᠠᠨ ᠡᠰᠡᠬᠦ ᠶᠢ ᠨᠢ ᠪᠤᠳᠠᠳᠠᠢ ᠴᠢᠯᠦᠭᠡᠳᠡᠢ ᠭᠡᠯᠡᠵᠤ ᠶᠠᠷᠢᠭᠤᠯᠤᠨ᠂ ᠭᠡᠤᠭᠡᠳ ᠤᠨ ᠢᠶᠠᠨ ᠰᠤᠷᠤᠯᠴᠠᠬᠤ | ᠤᠷᠮᠠᠰᠢᠯ ᠢ ᠨᠢ ᠬᠦᠭᠵᠢᠭᠡᠨ᠂ ᠠᠩᠬᠠᠯᠠᠨ ᠬᠢᠳᠡᠳ ᠭᠡᠯᠡ ᠰᠤᠷᠴᠤ ᠪᠠᠶᠢᠭ᠎ᠠ ᠲᠠᠳᠠᠨᠠᠷ ᠤᠨ ᠢᠳᠡᠪᠬᠢᠵᠢᠯ ᠢ | ᠲᠠᠶᠢᠴᠢᠯᠠᠵᠤ ᠴᠢᠳᠠᠭᠰᠠᠨ ᠪᠠᠶᠢᠯ᠎ᠠ᠃ | | | | | | ᠰᠢᠨ᠎ᠠ ᠰᠤᠷᠤᠯᠭ᠎ᠠ ᠶᠢᠨ ᠬᠤᠭᠤᠴᠠᠭ᠎ᠠ ᠡᠬᠢᠯᠡᠭᠰᠡᠨ ᠠᠴᠠ ᠨᠠᠭᠠᠰᠢ᠂ ᠪᠠᠯᠴᠢᠷᠤᠳ ᠪᠠᠭ᠎ᠠ ᠰᠤᠷᠭᠠᠭᠤᠯᠢ ᠨᠢ | ᠪᠠᠭᠰᠢ ᠰᠤᠷᠤᠭᠴᠢ ᠭᠡᠷ ᠤᠨ ᠠᠬᠠᠮᠠᠳ ᠤᠨ ᠬᠠᠮᠵᠢᠯᠴᠠᠭ᠎ᠠ ᠶᠢ ᠡᠶ᠎ᠡ ᠡᠪᠳᠠᠢ ᠵᠤᠬᠢᠴᠠᠭᠤᠯᠤᠨ᠂ ᠲᠡᠳᠡᠨ ᠤ ᠬᠠᠮᠳᠤ | ᠶᠢᠨ ᠤᠶᠢᠯᠠᠭᠠᠯᠴᠠᠭ᠎ᠠ ᠴᠢᠷᠮᠠᠶᠢᠯᠭ᠎ᠠ ᠪᠠᠷ ᠰᠤᠷᠭᠠᠭᠤᠯᠢ ᠶᠢᠨ ᠡᠯ᠎ᠠ ᠲᠠᠯ᠎ᠠ ᠶᠢᠨ ᠠᠵᠢᠯ ᠤᠷᠤᠭᠰᠢᠳᠠᠢ ᠶᠠᠪᠤᠭᠳᠠᠵᠤ | ᠢᠷᠡᠭᠰᠡᠨ ᠶᠤᠮ᠃ ᠢᠯᠠᠩᠭᠤᠶ᠎ᠠ ᠤᠷᠴᠢᠮ ᠤᠨ ᠡᠳᠤᠷ ᠤᠳ ᠲᠤ᠂ ᠤᠯᠤᠰ ᠤᠨ ᠨᠢᠭᠡᠳᠦᠯᠳᠡᠢ ᠨᠠᠶᠢᠷᠠᠭᠤᠯᠤᠭᠰᠠᠨ | ᠵᠢᠭᠠᠬᠤ ᠮᠠᠲ᠋ᠧᠷᠢᠶᠠᠯ ᠤᠨ ᠲᠦᠷᠤ ᠶᠢᠨ ᠪᠤᠳᠤᠯᠭ᠎ᠠ ᠶᠢᠨ ᠲᠤᠬᠠᠢ ᠮᠠᠨ ᠤ ᠬᠤᠰᠢᠭᠤᠨ ᠤ ︽ᠡᠷᠡᠭᠡᠯᠵᠡᠭᠡ ᠶᠢ | ᠠᠷᠢᠯᠭᠠᠵᠤ᠂ ᠪᠦᠯᠬᠦᠮᠳᠠᠯ ᠢ ᠠᠬᠢᠭᠤᠯᠬᠤ︾ ᠲᠦᠪᠯᠡᠷᠡᠭᠰᠡᠨ ᠠᠵᠢᠯᠯᠠᠭᠠᠨ ᠤ ᠭᠠᠷᠠᠭ ᠤᠨ ᠤᠬᠠᠭᠤᠯᠤᠨ | ᠲᠠᠶᠢᠯᠪᠤᠷᠢᠯᠠᠬᠤ ᠬᠤᠷᠠᠯ ᠢᠶᠠᠷ ᠲᠠᠮᠵᠢᠭᠤᠯᠤᠨ ᠪᠠᠭᠰᠢ ᠰᠤᠷᠤᠭᠴᠢ ᠭᠡᠷ ᠤᠨ ᠠᠬᠠᠮᠠᠳ ᠤᠨ ᠬᠠᠮᠳᠤ ᠶᠢᠨ ᠬᠢᠴᠢᠶᠠᠯᠯᠡᠭᠡ | ᠂ ᠦᠨᠳᠦᠰᠦᠳᠠᠨ ᠤ ᠪᠦᠯᠬᠦᠮᠳᠠᠯ ᠲᠠᠪᠰᠢᠯᠳᠠ ᠶᠢᠨ ᠬᠦᠮᠤᠵᠢᠯ ᠢ ᠬᠦᠨᠵᠡᠭᠡᠶᠢᠷᠡᠬᠦᠯᠬᠦ᠂ ᠲᠤᠮᠳᠠᠳᠤ ᠶᠢᠨ ᠦᠨᠳᠤᠰᠤᠳᠠᠨ | ᠤ ᠬᠠᠮᠳᠤ ᠶᠢᠨ ᠴᠤᠭᠴᠠ ᠶᠢᠨ ᠤᠬᠠᠮᠰᠠᠷ ᠢ ᠪᠠᠳᠤ ᠴᠤᠭᠴᠠᠯᠠᠬᠤ ᠵᠡᠷᠭᠡ ᠠᠵᠢᠯᠯᠠᠭᠠᠨ ᠨᠤᠭᠤᠳ ᠢ ᠦᠷᠨᠢᠬᠦᠯᠤᠨ᠂ | ᠰᠤᠷᠭᠠᠭᠤᠯᠢ ᠶᠢᠨ ᠡᠯ᠎ᠠ ᠲᠠᠯ᠎ᠠ ᠶᠢᠨ ᠠᠵᠢᠯ ᠨᠠᠩ ᠢᠯᠭᠤᠮ ᠤᠷᠤᠭᠰᠢᠳᠠᠢ ᠶᠠᠪᠤᠭᠳᠠᠵᠤ ᠪᠠᠶᠢᠨ᠎ᠠ᠃ | ᠰᠤᠷᠪᠤᠯᠵᠢᠯᠠᠭᠴᠢ᠄ ᠨᠠᠷᠠᠨᠳᠤᠶᠠᠭ᠎ᠠ ᠦᠯᠵᠡᠶᠢᠭᠡᠰᠢᠭ ᠬᠤ᠋ ᠵᠢᠩ ᠶᠤᠸᠠᠨ | | | | | |