ᠣᠨᠴᠠ ᠲᠤᠰᠠᠯᠠᠮᠵᠢ ᠬᠦᠷᠲᠡᠬᠦ ᠡᠲᠡᠭᠡᠳ ᠲᠤ ᠲᠤᠰᠠᠯᠠᠮᠵᠢ ᠶᠢᠨ ᠮᠥᠩᠭᠦ ᠣᠯᠭᠤᠬᠤ
ᠨᠡᠶᠢᠲᠡᠯᠡᠭᠰᠡᠨ ᠴᠠᠭ᠄
2021/10/12
     ᠬᠦᠯᠢᠶᠡᠨ ᠰᠢᠢᠳᠪᠦᠷᠢᠯᠡᠬᠦ ᠨᠥᠬᠦᠴᠡᠯ      ︵ᠨᠢᠭᠡ︶ ᠵᠥᠪᠰᠢᠶᠡᠷᠡᠬᠦ ᠨᠥᠬᠦᠴᠡᠯ᠄ ᠱᠠᠭᠠᠷᠳᠠᠯᠭ᠎ᠠ ᠳᠤ ᠨᠡᠶᠢᠴᠡᠭᠰᠡᠨ ᠣᠨᠴᠠ ᠲᠤᠰᠠᠯᠠᠮᠵᠢ ᠬᠦᠷᠲᠡᠵᠦ ᠪᠠᠶᠢᠭ᠎ᠠ ᠬᠥᠮᠦᠨ      ︵ᠬᠤᠶᠠᠷ︶ ᠥᠯᠥ ᠵᠦᠪᠰᠢᠶᠡᠷᠡᠬᠦ ᠪᠠᠶᠢᠳᠠᠯ᠄  ᠣᠯᠭᠤᠬᠤ ᠱᠠᠭᠠᠷᠳᠠᠯᠭ᠎ᠠ ᠳᠤ ᠥᠯᠥ ᠨᠡᠶᠢᠴᠡᠬᠦ ︵ᠨᠠᠰᠤ ᠪᠠᠷᠠᠭᠰᠠᠨ︶      ︵ᠭᠤᠷᠪᠠ︶ ᠲᠣᠳᠣᠷᠬᠠᠶᠢᠯᠠᠬᠤ ᠴᠢᠬᠤᠯᠠᠲᠠᠶ ᠪᠤᠰᠤᠳ ᠪᠠᠶᠢᠳᠠᠯ       ᠲᠤᠭᠲᠠᠭᠠᠭᠰᠠᠨ ᠦᠨᠳᠦᠰᠦᠯᠡᠯ       【ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ】 ︽ᠠᠵᠢᠯ ᠤᠨ ᠪᠠᠶᠢᠷᠢ ᠶᠢ ᠨᠢ ᠴᠣᠮᠬᠠᠳᠬᠠᠵᠤ ᠬᠠᠰᠤᠭᠰᠠᠨ ᠠᠬᠠᠮᠠᠳ ᠠᠵᠢᠯᠳᠠᠨ ᠠᠵᠢᠯᠴᠢᠨ ᠤ ᠠᠮᠢᠳᠤᠷᠠᠯ ᠤᠨ ᠬᠦᠴᠢᠷᠳᠡᠯ ᠢ ᠲᠡᠳᠬᠦᠬᠦ ᠠᠰᠠᠭᠤᠳᠠᠯ ᠤᠨ ᠲᠤᠬᠠᠶ ᠲᠦᠷᠦ ᠶᠢᠨ ᠶᠠᠪᠤᠳᠠᠯ ᠤᠨ ᠬᠤᠷᠢᠶᠠᠨ ᠤ ᠮᠡᠳᠡᠭᠳᠡᠯ︾ ︵﹇65﹈ ᠤᠯᠤᠰ ᠳᠣᠲᠣᠭᠠᠳᠤ ᠦᠰᠦᠭ 224 ᠳ᠋ᠦ᠋ᠭᠡᠷ ᠲᠣᠭᠠᠲᠤ︶ ᠤᠨ ᠬᠤᠶᠠᠳᠣᠭᠠᠷ ᠵᠣᠷᠪᠣᠰ᠂ ᠲᠤᠰ ᠬᠥᠮᠦᠨ ᠤ ᠤᠤᠯ ᠤᠨ ᠴᠠᠯᠢᠩ ᠤᠨ ᠢᠶᠠᠨ ᠵᠠᠭᠤᠨ ᠤ ᠭᠤᠴᠢ ᠶᠢᠨ ᠲᠡᠳᠬᠦᠮᠵᠢ ᠶᠢᠨ ᠵᠠᠷᠤᠳᠠᠯ ᠢ ᠨᠢᠭᠡᠨᠲᠡ ᠰᠠᠷ᠎ᠠ ᠪᠦᠷᠢ ᠬᠦᠷᠲᠡᠵᠦ ᠪᠠᠶᠢᠭ᠎ᠠ ᠠᠵᠢᠯ ᠠᠴᠠ ᠪᠠᠨ ᠪᠠᠭᠤᠭᠰᠠᠨ ᠨᠠᠰᠤᠲᠠᠢ ᠪᠠᠭᠤᠷᠠᠶ ᠵᠡᠮᠳᠡᠭ ᠠᠵᠢᠯᠳᠠᠨ ᠠᠵᠢᠯᠴᠢᠨ ᠪᠦᠬᠦᠨ ᠳᠤ ᠲᠤᠰ ᠮᠡᠳᠡᠭᠳᠡᠯ ᠢ ᠪᠠᠭᠤᠯᠭᠠᠭᠰᠠᠨ ᠤ ᠳᠠᠷᠠᠭᠠᠬᠢ ᠲᠠᠷᠠᠭ᠎ᠠ ᠰᠠᠷ᠎ᠠ ᠠᠴᠠ ᠨᠢ ᠡᠬᠢᠯᠡᠨ ᠴᠥᠮ ᠲᠤᠰ ᠬᠥᠮᠦᠨ ᠤ ᠤᠤᠯ ᠤᠨ ᠴᠠᠯᠢᠩ ᠤᠨ ᠵᠠᠭᠤᠨ ᠤ ᠳᠥᠴᠢ ᠪᠠᠷ ᠲᠡᠳᠬᠦᠮᠵᠢ ᠶᠢᠨ ᠵᠠᠷᠤᠳᠠᠯ ᠥᠭᠬᠦ ᠪᠣᠯᠭᠠᠨ ᠥᠭᠡᠷᠡᠴᠢᠯᠡᠨ᠎ᠡ᠃ ᠳᠣᠯᠣᠳᠣᠭᠠᠷ ᠵᠣᠷᠪᠣᠰ᠂ 1961 ᠣᠨ ᠠᠴᠠ ᠲᠤᠰ ᠮᠡᠳᠡᠭᠳᠡᠯ ᠢ ᠪᠠᠭᠤᠯᠭᠠᠭᠰᠠᠨ ᠡᠳᠦᠷ ᠪᠣᠯᠲᠠᠯᠠᠬᠢ ᠬᠤᠭᠤᠴᠠᠭᠠᠨ ᠳᠤ ᠠᠵᠢᠯ ᠤᠨ ᠪᠠᠶᠢᠷᠢ ᠶᠢ ᠨᠢ ᠴᠣᠮᠬᠠᠳᠬᠠᠨ ᠬᠠᠰᠤᠵᠤ ᠠᠵᠢᠯ  ᠠᠴᠠ ᠨᠢ ᠪᠠᠭᠤᠯᠭᠠᠭᠰᠠᠨ 1957 ᠣᠨ ᠤ ᠵᠢᠯ ᠤᠨ ᠡᠴᠦᠰ ᠠᠴᠠ ᠡᠮᠦᠨ᠎ᠡ ᠠᠵᠢᠯ ᠳᠤ ᠤᠷᠤᠭᠰᠠᠨ ᠠᠵᠢᠯᠳᠠᠨ ᠠᠵᠢᠯᠴᠢᠨ ᠤ ᠳᠣᠲᠣᠷ᠎ᠠ᠂ ᠲᠤᠰ ᠮᠡᠳᠡᠭᠳᠡᠯ ᠤᠨ ᠨᠢᠭᠡᠳᠦᠭᠡᠷ ᠵᠦᠢᠯ ᠳᠤ ᠲᠣᠭᠲᠠᠭᠠᠭᠰᠠᠨ ᠨᠦᠬᠦᠴᠡᠯ ᠳᠤ ᠨᠡᠶᠢᠴᠡᠬᠦ ᠦᠭᠡᠢ ᠪᠡᠶ᠎ᠡ ᠮᠠᠬᠠᠪᠣᠳ ᠤᠨ ᠰᠢᠯᠲᠠᠭᠠᠨ ᠠᠴᠠ ᠪᠤᠯᠵᠤ ᠠᠮᠢᠳᠤᠷᠠᠯ ᠨᠢ ᠬᠦᠴᠢᠷᠳᠡᠯ ᠲᠠᠢ ᠪᠠᠶᠢᠪᠠᠯ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠠᠴᠠ ᠠᠮᠢᠳᠤᠷᠠᠯ ᠤᠨ ᠲᠡᠳᠬᠦᠮᠵᠢ ᠥᠭᠴᠦ᠂ ᠲᠡᠳᠡᠨ ᠤ ᠠᠮᠢᠳᠤᠷᠠᠯ ᠢ ᠲᠤᠬᠠᠶ ᠶᠢᠨ ᠭᠠᠵᠠᠷ ᠤᠨ ᠡᠩ ᠤᠨ ᠰᠠᠭᠤᠭᠠᠯᠢ ᠠᠷᠠᠳ ᠤᠨ ᠠᠮᠢᠳᠤᠷᠠᠯ ᠠᠴᠠ ᠳᠣᠣᠷ᠎ᠠ ᠪᠠᠶᠢᠯᠭᠠᠵᠤ ᠪᠣᠯᠬᠤ ᠦᠭᠡᠢ᠃     【ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ】 ︽ᠠᠵᠢᠯ ᠤᠨ ᠪᠠᠶᠢᠷᠢ ᠶᠢ ᠨᠢ ᠴᠣᠮᠬᠠᠳᠬᠠᠨ ᠬᠠᠰᠣᠵᠣ ᠳᠣᠷᠣᠭᠰᠢ ᠪᠠᠭᠤᠯᠭᠠᠭᠰᠠᠨ ᠠᠵᠢᠯᠲᠠᠨ ᠠᠵᠢᠯᠴᠢᠨ ᠠᠵᠢᠯ ᠠᠴᠠ ᠪᠠᠨ ᠪᠠᠭᠤᠭᠰᠠᠨ ᠤ ᠳᠠᠷᠠᠭ᠎ᠠ ᠴᠠᠬᠢᠭᠤᠷᠲᠤ ᠠᠭᠤᠰᠬᠢᠨ ᠤ ᠡᠪᠡᠳᠴᠢᠨ ᠳᠤ ᠨᠡᠷᠪᠡᠭᠳᠡᠭᠰᠡᠨ ᠢᠶᠠᠨ ᠢᠯᠡᠷᠡᠭᠦᠯᠪᠡᠯ ᠵᠠᠭᠤᠨ ᠤ ᠳᠥᠴᠢ ᠶᠢᠨ ᠲᠡᠳᠬᠦᠮᠵᠢ ᠭᠥᠷᠳᠡᠵᠦ ᠳᠡᠶᠢᠯᠬᠦ ᠡᠰᠡᠬᠦ ᠠᠰᠠᠭᠤᠳᠠᠯ ᠤᠨ ᠲᠤᠬᠠᠢ ᠠᠷᠠᠳ ᠤᠨ ᠶᠠᠪᠤᠳᠠᠯ ᠤᠨ ᠶᠠᠮᠤᠨ ᠤ ᠴᠣᠬᠤᠯᠠᠪᠤᠷᠢ︾ ︵ᠠᠷᠠᠳ ᠲᠠᠷᠬᠠᠭᠠᠭᠰᠠᠨ ﹇1980﹈ 28 ᠳ᠋ᠤᠭᠠᠷ ᠲᠣᠭᠠᠲᠤ︶ 1961 ᠣᠨ ᠠᠴᠠ 1965 ᠣᠨ ᠤ 6 ᠰᠠᠷ᠎ᠠ ᠶᠢᠨ 9 ᠤ ᠡᠳᠦᠷ ᠪᠣᠯᠲᠠᠯᠠᠬᠢ ᠬᠤᠭᠤᠴᠠᠭᠠᠨ ᠳᠤ ᠠᠵᠢᠯ ᠤᠨ ᠪᠠᠶᠢᠷᠢ ᠶᠢ ᠨᠢ ᠴᠣᠮᠬᠠᠳᠬᠠᠨ ᠬᠠᠰᠤᠵᠤ ᠠᠵᠢᠯ ᠠᠴᠠ ᠨᠢ ᠪᠠᠭᠤᠯᠭᠠᠭᠰᠠᠨ ᠠᠵᠢᠯᠲᠠᠨ ᠠᠵᠢᠯᠴᠢᠨ ᠠᠵᠢᠯ ᠠᠴᠠ ᠪᠠᠨ ᠪᠠᠭᠤᠭᠰᠠᠨ ᠤ ᠳᠠᠷᠠᠭ᠎ᠠ ᠰᠠᠶ᠋ᠢ ᠴᠠᠬᠢᠭᠤᠷᠲᠤ ᠠᠭᠤᠰᠬᠢᠨ ᠤ ᠡᠪᠡᠳᠴᠢᠨ ᠳᠤ ᠨᠡᠷᠪᠡᠭᠳᠡᠭᠰᠡᠨ ᠢᠶᠠᠨ ᠢᠯᠡᠷᠡᠭᠦᠯᠪᠡᠯ᠂ ᠤᠤᠯ ᠤᠨ ᠨᠢᠭᠡᠴᠢ ᠠᠴᠠ ᠲᠤᠰ ᠬᠦᠮᠦᠨ ᠨᠡᠯᠢᠶᠡᠳ ᠤᠷᠲᠤ ᠬᠤᠭᠤᠴᠠᠭ᠎ᠠ ᠪᠠᠷ ᠴᠠᠬᠢᠭᠤᠷᠲᠤ ᠠᠭᠤᠰᠬᠢᠨ ᠤ ᠡᠪᠡᠳᠴᠢᠨ ᠢ ᠡᠭᠦᠰᠭᠡᠬᠦ ᠪᠣᠯᠤᠯᠴᠠᠭ᠎ᠠ ᠲᠠᠢ ᠠᠵᠢᠯ ᠲᠦᠷᠦᠯ ᠢ ᠬᠢᠵᠦ ᠪᠠᠶᠢᠭᠰᠠᠨ ᠢ ᠭᠡᠷᠡᠴᠢᠯᠡᠵᠦ᠂᠂ ᠮᠤᠵᠢ ᠶᠢᠨ ᠴᠠᠬᠢᠭᠤᠷᠲᠤ ᠠᠭᠤᠰᠬᠢᠨ ᠤ ᠡᠪᠡᠳᠴᠢᠨ ᠤ ᠣᠨᠣᠰᠢᠯᠠᠯᠲᠠ ᠶᠢᠨ ᠲᠥᠪ ᠠᠴᠠ ᠦᠨᠡᠬᠡᠷ ᠴᠠᠬᠢᠭᠤᠷᠲᠤ ᠠᠭᠤᠰᠬᠢᠨ ᠤ ᠡᠪᠡᠳᠴᠢᠨ ᠲᠠᠢ ᠪᠠᠶᠢᠬᠤ ᠶᠢ ᠰᠢᠯᠭᠠᠨ ᠲᠤᠭᠲᠠᠭᠠᠭᠰᠠᠨ᠂᠂ ᠬᠥᠳᠡᠯᠮᠦᠷᠢᠯᠡᠬᠦ ᠴᠢᠳᠠᠪᠤᠷᠢ ᠪᠠᠨ ᠬᠡᠰᠡᠭ ᠲᠠᠯ᠎ᠠ ᠪᠠᠷ ᠠᠯᠳᠠᠭᠰᠠᠨ ᠪᠥᠭᠡᠳ ᠭᠡᠷ ᠪᠦᠯᠢ ᠶᠢᠨ ᠠᠮᠢᠳᠤᠷᠠᠯ ᠨᠢ ᠲᠦᠰᠢᠭ ᠦᠭᠡᠢ ᠪᠠᠶᠢᠳᠠᠯ ᠳᠤ᠂ ᠭᠠᠵᠠᠷ ᠣᠷᠣᠨ᠂ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠪᠠᠷ ᠬᠢᠨᠠᠨ ᠵᠥᠪᠰᠢᠶᠡᠷᠡᠭᠦᠯᠦᠭᠡᠳ ᠤᠤᠯ ᠤᠨ ᠪᠠᠷᠢᠮᠵᠢᠶᠠᠲᠤ ᠴᠠᠯᠢᠩ ᠤᠨ 40% ᠶᠢᠨ ᠲᠡᠳᠬᠦᠮᠵᠢ ᠶᠢᠨ ᠵᠠᠷᠤᠳᠠᠯ ᠣᠯᠭᠤᠵᠤ ᠪᠣᠯᠤᠨ᠎ᠠ᠃      ᠰᠦᠢᠳᠬᠡᠯ ᠬᠤᠷᠢᠶᠠᠬᠤ ᠪᠠᠷᠢᠮᠵᠢᠶ᠎ᠠ ᠪᠣᠯᠤᠨ ᠦᠨᠳᠦᠰᠦᠯᠡᠯ      ᠰᠦᠢᠳᠬᠡᠯ ᠬᠤᠷᠢᠶᠠᠬᠤ ᠪᠠᠷᠢᠮᠵᠢᠶ᠎ᠠ ᠪᠠ ᠦᠨᠳᠦᠰᠦᠯᠡᠯ ᠲᠦᠷ ᠪᠠᠶᠢᠬᠤ ᠦᠭᠡᠢ      ᠭᠦᠢᠴᠡᠳᠬᠡᠬᠦ ᠭᠠᠵᠠᠷ᠄ ᠠᠷᠤ ᠬᠤᠷᠴᠢᠨ ᠬᠤᠰᠢᠭᠤᠨ ᠤ ᠲᠢᠶᠠᠨ ᠶᠤᠸᠠᠨ ᠶᠡᠭᠡ ᠵᠡᠭᠡᠯᠢ ᠶᠢᠨ ᠬᠤᠶᠢᠲᠤ ᠲᠠᠯ᠎ᠠ ᠶᠢᠨ 45 ᠳ᠋ᠤᠭᠠᠷ ᠨᠤᠮᠧᠷ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠬᠤᠶᠠᠳᠤᠭᠠᠷ ᠳᠠᠪᠬᠤᠷᠯᠢᠭ ᠤᠨ 18 ᠳ᠋ᠤᠭᠠᠷ ᠴᠣᠩᠬᠤᠪᠴᠢ      ᠭᠦᠢᠴᠡᠳᠬᠡᠬᠦ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ ᠦᠳᠡ ᠶᠢᠨ ᠡᠮᠦᠨᠡᠬᠢ 8᠄ 30 — 11᠄ 30᠂ ᠦᠳᠡ ᠶᠢᠨ ᠬᠤᠶᠢᠨᠠᠬᠢ 14᠄ 30 — 17᠄ 30 ︵ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠠᠴᠠ ᠭᠠᠳᠠᠨ᠎ᠠ︶      ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ ᠠᠴᠠ ᠣᠷᠴᠢᠭᠤᠯᠤᠨ ᠨᠡᠶᠢᠲᠡᠯᠡᠪᠡ᠃      ᠨᠠᠷᠢᠨ ᠠᠭᠤᠯᠭ᠎ᠠ ᠶᠢ ᠨᠢ ᠳᠤᠤᠷᠠᠬᠢ ᠰᠦᠯᠵᠢᠶᠡᠨ ᠤ ᠬᠠᠶ᠋ᠢᠭ ᠢᠶᠠᠷ ᠦᠵᠡᠭᠡᠷᠡᠢ᠄
 
ᠢᠷᠡᠯᠲᠡ᠄ ᠠᠷᠤ ᠬᠣᠷᠴᠢᠨ ᠬᠤᠰᠢᠭᠤᠨ ᠵᠠᠰᠠᠭ ᠤᠨ ᠣᠷᠳᠣᠨ ᠤ ᠮᠣᠩᠭᠣᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号