ᠠᠮᠢᠳᠤᠷᠠᠯ ᠨᠢ ᠨᠠᠶᠢᠳᠠᠪᠤᠷᠢ ᠦᠭᠡᠢ ᠬᠤᠳᠠ ᠶᠢᠨ ᠲᠡᠨᠦᠭᠦᠯ ᠭᠤᠶᠢᠷᠠᠨᠴᠢᠳ ᠢ ᠠᠪᠤᠷᠠᠨ ᠲᠤᠰᠠᠯᠠᠬᠤ ᠬᠠᠮᠢᠶᠠᠷᠤᠯᠲᠠ
ᠨᠡᠶᠢᠲᠡᠯᠡᠭᠰᠡᠨ ᠴᠠᠭ᠄
2021/10/12
ᠬᠦᠯᠢᠶᠡᠨ ᠰᠢᠢᠳᠪᠦᠷᠢᠯᠡᠬᠦ ᠨᠥᠬᠦᠴᠡᠯ         ︵ᠨᠢᠭᠡ︶ ᠵᠥᠪᠰᠢᠶᠡᠷᠡᠬᠦ ᠨᠥᠬᠦᠴᠡᠯ᠄ 1. ᠨᠥᠬᠦᠴᠡᠯ ᠳᠤ ᠨᠡᠶᠢᠴᠡᠬᠦ ᠲᠡᠨᠦᠭᠦᠯ ᠭᠤᠶᠢᠷᠠᠨᠴᠢᠳ ᠰᠠᠶᠢᠨ ᠳᠤᠷ᠎ᠠ ᠠᠴᠠ ᠪᠠᠨ ᠠᠪᠤᠷᠠᠨ ᠲᠤᠰᠠᠯᠠᠬᠤ ᠥᠷᠲᠡᠭᠡᠨ ᠳᠤ ᠬᠦᠷᠴᠦ ᠠᠪᠤᠷᠠᠨ ᠲᠤᠰᠠᠯᠠᠭᠤᠯᠬᠤ ᠪᠠᠷ ᠭᠤᠶᠤᠴᠢᠯᠠᠨ᠎ᠠ᠃ 2. ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠪᠣᠯᠤᠨ ᠪᠤᠰᠤᠳ ᠬᠤᠯᠪᠣᠭᠳᠠᠯ ᠪᠥᠬᠦᠶ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠠᠵᠢᠯᠲᠠᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠳᠡᠭᠡᠨ ᠲᠡᠨᠦᠭᠦᠴᠢᠯᠡᠨ ᠭᠤᠶᠢᠷᠠᠨᠴᠢᠯᠠᠵᠤ ᠪᠠᠶᠢᠭ᠎ᠠ ᠬᠥᠮᠦᠰ ᠢ ᠣᠯᠵᠤ ᠮᠡᠳᠡᠪᠡᠯ᠂ ᠠᠪᠤᠷᠠᠨ ᠲᠤᠰᠠᠯᠠᠬᠤ ᠥᠷᠲᠡᠭᠡ ᠠᠴᠠ ᠲᠤᠰᠠᠯᠠᠮᠵᠢ ᠭᠤᠶᠤᠴᠢᠯᠠᠬᠤ ᠶᠢ ᠲᠡᠳᠡᠨ ᠳᠤ ᠬᠡᠯᠡᠵᠦ ᠥᠭᠬᠦ ᠬᠡᠷᠡᠭᠲᠡᠶ᠃ ᠲᠡᠳᠡᠠ ᠤ ᠳᠣᠲᠣᠷᠠᠬᠢ ᠵᠡᠮᠳᠡᠭᠴᠦᠳ᠂ ᠨᠠᠰᠤᠨ ᠳᠤ ᠤᠢᠯᠦ ᠬᠦᠷᠦᠭᠰᠡᠦᠠ᠂ ᠨᠠᠰᠤᠲᠠᠶᠢᠴᠤᠳ ᠪᠠ ᠬᠥᠳᠡᠯᠵᠦ ᠪᠠᠷᠢᠬᠤ ᠳᠤ ᠳᠥᠭᠦᠮ ᠦᠭᠡᠢ ᠪᠤᠰᠤᠳ ᠬᠥᠮᠦᠰ ᠢ ᠪᠠᠰᠠ ᠳᠠᠭᠠᠭᠤᠯᠤᠨ ᠠᠪᠤᠷᠠᠨ ᠲᠤᠰᠠᠯᠠᠬᠤ ᠤᠢᠷᠳᠡᠭᠡ ᠳᠤ ᠬᠠᠮᠠᠭᠠᠯᠠᠨ ᠬᠦᠷᠭᠡᠬᠦ ᠬᠡᠷᠡᠭᠲᠡᠶ᠃ ᠵᠡᠭᠡᠯᠢ ᠭᠤᠳᠤᠮᠵᠢ ᠪᠠᠷ ᠲᠡᠨᠦᠭᠦᠴᠢᠯᠡᠨ ᠭᠤᠶᠢᠷᠠᠨᠴᠢᠯᠠᠵᠤ ᠪᠠᠶᠢᠭ᠎ᠠ ᠬᠥᠮᠦᠰ ᠤᠨ ᠳᠣᠲᠣᠷᠠᠬᠢ ᠬᠦᠨᠳᠦ ᠲᠦᠭᠰᠢᠭᠦᠷᠢ ᠲᠠᠢ ᠡᠪᠡᠳᠴᠢᠲᠡᠨ᠂ ᠬᠠᠯᠳᠠᠪᠤᠷᠢᠲᠤ ᠡᠪᠡᠳᠴᠢᠨ ᠲᠠᠢ ᠬᠥᠮᠦᠨ ᠢ ᠣᠯᠵᠤ ᠮᠡᠳᠡᠪᠡᠯ᠂  ᠪᠠᠶᠢᠭᠤᠯᠤᠭ᠎ᠠ ᠨᠢᠭᠡᠴᠡ ᠪᠣᠯᠤᠨ ᠬᠤᠪᠢ ᠬᠥᠮᠦᠨ ᠳᠠᠷᠦ᠋ᠢᠬᠠᠨ 120 ᠲᠦᠷᠭᠡᠨ ᠠᠪᠤᠷᠠᠬᠤ ᠲᠥᠪ ᠲᠤ ᠮᠡᠳᠡᠭᠳᠡᠵᠦ ᠤᠢᠢᠷ᠎ᠠ ᠪᠠᠶᠢᠭ᠎ᠠ ᠡᠮᠨᠡᠯᠭᠡ ᠶᠢᠨ ᠬᠤᠷᠢᠶ᠎ᠠ ᠳᠤ ᠬᠦᠷᠭᠡᠵᠦ ᠡᠮᠨᠡᠨ ᠵᠠᠰᠠᠭᠤᠯᠬᠤ ᠬᠡᠷᠡᠭᠲᠡᠶ᠂ ᠡᠪᠡᠳᠴᠢᠨ ᠤ ᠪᠠᠶᠢᠳᠠᠯ ᠨᠢ ᠲᠣᠭᠲᠠᠭᠤᠨ ᠪᠣᠯᠣᠭᠰᠠᠨ ᠪᠤᠶᠤ ᠠᠮᠢ ᠨᠠᠰᠤᠨ ᠳᠤ ᠠᠶᠤᠯ ᠦᠭᠡᠢ ᠪᠣᠯᠣᠭᠰᠠᠨ ᠤ ᠲᠠᠷᠠᠭ᠎ᠠ᠂ ᠡᠮᠨᠡᠯᠭᠡ ᠶᠢᠨ ᠬᠤᠷᠢᠶ᠎ᠠ ᠠᠴᠠ ᠠᠪᠤᠷᠠᠨ ᠲᠤᠰᠠᠯᠠᠬᠤ ᠬᠠᠮᠢᠶᠠᠷᠤᠯᠲᠠ ᠶᠢᠨ ᠥᠷᠳᠡᠭᠡ ᠳᠤ ᠮᠡᠳᠡᠭᠳᠡᠵᠦ ᠨᠤᠲᠠᠯᠠᠭᠤᠯᠤᠨ᠎ᠠ᠂ ᠠᠪᠤᠷᠠᠨ ᠲᠤᠰᠠᠯᠠᠬᠤ ᠡᠲᠡᠭᠡᠳ ᠲᠤ ᠬᠠᠷᠢᠶᠠᠯᠠᠭᠳᠠᠬᠤ ᠶᠢ ᠨᠢ ᠠᠪᠤᠷᠠᠨ ᠲᠤᠰᠠᠯᠠᠬᠤ ᠬᠠᠮᠢᠶᠠᠷᠤᠯᠲᠠ ᠶᠢᠨ ᠥᠷᠳᠡᠭᠡ ᠠᠴᠠ ᠲᠤᠰᠴᠤ ᠠᠪᠠᠴᠢᠬᠤ ᠶᠢᠨ ᠬᠠᠮᠲᠤ ᠡᠷᠥᠭᠡ ᠠᠮᠠ ᠶᠢᠨ ᠪᠠᠶᠢᠭ᠎ᠠ ᠭᠠᠵᠠᠷ ᠲᠤᠨᠢ ᠬᠠᠮᠠᠭᠠᠯᠠᠨ ᠬᠦᠷᠭᠡᠬᠦ ᠬᠡᠷᠡᠭᠲᠡᠶ᠃ ᠵᠡᠭᠡᠯᠢ ᠭᠤᠳᠤᠮᠵᠢ ᠪᠠᠷ ᠲᠡᠨᠦᠭᠦᠴᠢᠯᠡᠨ ᠭᠤᠶᠢᠷᠠᠨᠴᠢᠯᠠᠵᠤ ᠪᠠᠶᠢᠭ᠎ᠠ ᠬᠥᠮᠦᠰ ᠤᠨ ᠳᠣᠲᠣᠷᠠᠬᠢ ᠮᠡᠳᠡᠷᠡᠯ ᠤᠨ ᠡᠪᠡᠳᠴᠢᠨ ᠲᠠᠢ ᠡᠪᠡᠳᠴᠢᠲᠡᠨ ᠢ ᠣᠯᠵᠤ ᠮᠡᠳᠡᠪᠡᠯ᠂ ᠨᠢᠭᠡᠴᠡ ᠪᠤᠶᠤ ᠬᠤᠪᠢ ᠬᠥᠮᠦᠨ ᠳᠣᠲᠣᠭᠠᠳᠤ ᠶᠢ ᠬᠠᠮᠠᠭᠠᠯᠠᠬᠤ ︽110︾ ᠵᠢᠯᠣᠭᠤᠳᠬᠤ ᠲᠥᠪ ᠲᠤ ᠮᠡᠳᠡᠭᠳᠡᠵᠦ᠂ ︽110︾ ᠵᠢᠯᠣᠭᠤᠳᠬᠤ ᠲᠥᠪ ᠠᠴᠠ ᠬᠤᠲᠠ ᠶᠢᠨ ᠮᠡᠳᠡᠷᠡᠯ ᠤᠨ ᠡᠷᠡᠭᠦᠯᠵᠢᠯ ᠤᠨ ᠡᠮᠨᠡᠯᠭᠡ ᠶᠢᠨ ᠬᠤᠷᠢᠶ᠎ᠠ ᠳᠤ ᠬᠠᠮᠠᠭᠠᠯᠠᠨ ᠬᠦᠷᠭᠡᠵᠦ ᠡᠮᠨᠡᠨ ᠵᠠᠰᠠᠭᠤᠯᠤᠨ᠎ᠠ᠂ ᠡᠪᠡᠳᠴᠢᠨ ᠤ ᠪᠠᠶᠢᠳᠠᠯ ᠲᠣᠭᠲᠠᠭᠤᠨ ᠪᠣᠯᠤᠭᠰᠠᠨ ᠤ ᠳᠠᠷᠠᠭ᠎ᠠ ᠡᠮᠨᠡᠯᠭᠡ ᠶᠢᠨ ᠬᠤᠷᠢᠶ᠎ᠠ ᠠᠴᠠ ᠠᠪᠤᠷᠠᠨ ᠲᠤᠰᠠᠯᠠᠬᠤ ᠬᠠᠮᠢᠶᠠᠷᠤᠯᠲᠠ ᠶᠢᠨ ᠥᠷᠲᠡᠭᠡ ᠳᠤ ᠮᠡᠳᠡᠭᠳᠡᠵᠦ ᠨᠤᠲᠠᠯᠠᠭᠤᠯᠤᠨ᠎ᠠ᠂ ᠠᠪᠤᠷᠠᠨ ᠲᠤᠰᠠᠯᠠᠬᠤ ᠡᠲᠡᠭᠡᠳ ᠲᠤ ᠬᠠᠷᠢᠶᠠᠯᠠᠭᠳᠠᠬᠤ ᠶᠢ ᠨᠢ ᠠᠪᠤᠷᠠᠨ ᠲᠤᠰᠠᠯᠠᠬᠤ ᠬᠠᠮᠢᠶᠠᠷᠤᠯᠲᠠ ᠶᠢᠨ ᠥᠷᠲᠡᠭᠡ ᠠᠴᠠ ᠲᠤᠰᠴᠤ ᠠᠪᠠᠴᠢᠨ᠎ᠠ᠃        ︵ᠬᠤᠶᠠᠷ︶ ᠦᠯᠦ ᠵᠥᠪᠰᠢᠶᠡᠷᠡᠬᠦ ᠪᠠᠶᠢᠳᠠᠯ᠄ ᠥᠪᠡᠷ ᠢᠶᠠᠨ ᠢᠳᠡᠵᠦ ᠤᠤᠭᠤᠬᠤ ᠬᠤᠨᠣᠵᠤ ᠬᠡᠪᠲᠡᠬᠦ ᠠᠰᠠᠭᠤᠳᠠᠯ ᠢᠶᠠᠨ ᠰᠢᠢᠳᠪᠦᠷᠢᠯᠡᠬᠦ ᠴᠢᠳᠠᠪᠤᠷᠢ ᠲᠠᠢ ᠪᠠᠶᠢᠬᠤ᠃ ᠬᠢᠨᠠᠨ ᠲᠤᠳᠤᠯᠠᠬᠤ ᠪᠠᠷ ᠲᠠᠮᠵᠢᠨ ᠲᠡᠨᠦᠭᠦᠴᠢᠯᠡᠨ ᠭᠤᠶᠢᠷᠠᠨᠴᠢᠯᠠᠭᠰᠠᠨ ᠬᠡᠷᠡᠭ ᠢ ᠬᠤᠳᠠᠯ ᠢᠶᠠᠷ ᠵᠣᠬᠢᠶᠠᠵᠤ᠂ ᠠᠪᠤᠷᠠᠨ ᠲᠤᠰᠠᠯᠠᠯᠲᠠ ᠶᠢ ᠮᠡᠬᠡᠯᠡᠨ ᠣᠯᠤᠭᠰᠠᠨ ᠢ ᠪᠠᠶᠢᠴᠠᠭᠠᠨ ᠲᠤᠳᠤᠯᠠᠭᠰᠠᠨ᠃ ᠠᠪᠤᠷᠠᠨ ᠲᠤᠰᠠᠯᠠᠭᠤᠯᠬᠤ ᠪᠠᠷ ᠭᠤᠶᠤᠴᠢᠯᠠᠭᠰᠠᠨ ᠭᠠᠵᠠᠷ ᠤᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠪᠤᠶᠤ ᠬᠥᠳᠡᠭᠡ ᠲᠣᠰᠬᠤᠨ ᠤ ᠲᠠᠪᠤᠨ  ᠪᠠᠲᠤᠯᠠᠭᠠᠲᠤ ᠠᠰᠠᠷᠠᠮᠵᠢ ᠶᠢ ᠬᠦᠷᠲᠡᠭᠰᠡᠨ᠃ ᠬᠤᠪᠢ ᠬᠥᠮᠦᠨ ᠤ ᠦᠨᠡᠨ ᠪᠣᠳᠠᠲᠠᠢ ᠪᠠᠶᠢᠳᠠᠯ ᠢᠶᠠᠨ ᠬᠠᠩᠭᠠᠬᠤ ᠶᠢ ᠲᠡᠪᠴᠢᠭᠰᠡᠨ ᠪᠤᠶᠤ ᠦᠨᠡᠨ ᠮᠥᠨ ᠢᠶᠠᠷ ᠨᠢ ᠬᠠᠩᠭᠠᠭᠰᠠᠨ ᠦᠭᠡᠢ᠂ ᠡᠰᠡᠬᠦᠯ᠎ᠡ ᠵᠣᠷᠢᠭᠤᠳᠠ ᠬᠤᠳᠠᠯ ᠬᠠᠭᠤᠷᠮᠠᠭ ᠢᠶᠠᠷ ᠬᠠᠩᠭᠠᠭᠰᠠᠨ᠃ ᠠᠶᠤᠯᠭᠦᠶ ᠶᠢᠨ ᠪᠠᠶᠢᠴᠠᠭᠠᠯᠲᠠ ᠶᠢ ᠲᠡᠪᠴᠢᠭᠰᠡᠨ᠃ ᠠᠪᠤᠷᠠᠨ ᠲᠤᠰᠠᠯᠠᠬᠤ ᠨᠥᠬᠦᠴᠡᠯ ᠳᠤ ᠨᠡᠶᠢᠴᠡᠬᠦ ᠤᠢᠭᠡᠢ ᠪᠠᠶᠢᠬᠤ ᠶᠢ ᠪᠠᠶᠢᠴᠠᠭᠠᠨ ᠲᠤᠳᠦᠯᠡᠬᠰᠡᠠ᠃ ᠬᠠᠤᠯᠢ ᠶᠢ ᠵᠥᠷᠢᠴᠡᠨ ᠰᠠᠬᠢᠯᠭ᠎ᠠ ᠪᠠᠲᠤ ᠶᠢ ᠵᠥᠷᠢᠴᠡᠵᠦ᠂ ᠬᠠᠮᠢᠶᠠᠷᠤᠯᠲᠠ ᠶᠢᠨ ᠡᠮᠬᠢ ᠵᠢᠷᠤᠮ ᠢ ᠰᠠᠮᠠᠭᠤᠷᠠᠭᠤᠯᠵᠤ᠂ ᠬᠠᠮᠢᠶᠠᠷᠤᠯᠲᠠ ᠶᠢ ᠲᠡᠭᠠᠬᠤ ᠤᠢᠭᠡᠢ ᠪᠥᠭᠡᠳ ᠮᠠᠭᠤ ᠨᠥᠯᠥᠭᠡ ᠭᠠᠷᠭᠠᠭᠰᠠᠨ᠃ ᠬᠤᠳᠠᠯ ᠬᠠᠭᠤᠷᠮᠠᠭ ᠪᠠᠶᠢᠳᠠᠯ ᠬᠠᠩᠭᠠᠵᠤ ᠠᠪᠤᠷᠠᠨ ᠲᠤᠰᠠᠯᠠᠯᠲᠠ ᠶᠢ ᠮᠡᠬᠡᠯᠡᠨ ᠣᠯᠤᠭᠰᠠᠨ᠃ ᠠᠪᠤᠷᠠᠨ ᠲᠤᠰᠠᠯᠠᠬᠤ ᠦᠢᠯᠡᠴᠢᠯᠡᠭᠡᠨ ᠤ ᠬᠤᠭᠤᠴᠠᠭ᠎ᠠ ᠨᠢ ᠭᠦᠢᠴᠡᠭᠰᠡᠨ᠂ ᠡᠰᠡᠬᠦᠯ᠎ᠡ ᠦᠨᠳᠦᠰᠦᠨ ᠠᠮᠢᠳᠤᠷᠠᠯ ᠤᠨ ᠪᠠᠲᠤᠯᠠᠭ᠎ᠠ ᠲᠠᠢ ᠪᠣᠯᠪᠠᠴᠤ ᠠᠪᠤᠷᠠᠨ ᠲᠤᠰᠠᠯᠠᠬᠤ ᠥᠷᠲᠡᠭᠡᠨ ᠠᠴᠠ ᠰᠠᠯᠬᠤ ᠶᠢ ᠲᠡᠪᠴᠢᠭᠰᠡᠨ᠃        ︵ᠭᠤᠷᠪᠠ︶ ᠲᠣᠳᠣᠷᠬᠠᠶᠢᠯᠠᠬᠤ ᠴᠢᠬᠤᠯᠠᠲᠠᠶ ᠪᠤᠰᠤᠳ ᠪᠠᠶᠢᠳᠠᠯ᠄ ᠲᠤᠭ᠎ᠠ ᠬᠡᠮᠵᠢᠶᠡᠨ ᠤ ᠬᠢᠵᠠᠭᠠᠷᠯᠠᠯ ᠦᠭᠡᠢ᠃ ᠲᠣᠭᠲᠠᠭᠠᠬᠤ ᠦᠨᠳᠦᠰᠦᠯᠡᠯ      【 ᠵᠠᠰᠠᠭ ᠵᠠᠬᠢᠷᠭᠠᠨ ᠤ ᠬᠠᠤᠯᠢ ᠲᠣᠭᠲᠠᠭᠠᠯ 】 ︽ᠠᠮᠢᠳᠤᠷᠠᠯ ᠨᠢ ᠨᠠᠶᠢᠳᠠᠪᠤᠷᠢ ᠤᠢᠭᠡᠢ ᠬᠤᠳᠠ ᠶᠢᠨ ᠲᠡᠨᠦᠭᠦᠯ ᠭᠤᠶᠢᠷᠠᠨᠴᠢᠳ ᠢ ᠠᠪᠤᠷᠠᠨ ᠲᠤᠰᠠᠯᠠᠬᠤ ᠬᠠᠮᠢᠶᠠᠷᠤᠯᠲᠠ ᠶᠢᠨ ᠠᠷᠭ᠎ᠠ ︵ᠲᠦᠷᠦ ᠶᠢᠨ ᠶᠠᠪᠤᠳᠠᠯ ᠤᠨ ᠬᠤᠷᠢᠶᠠᠨ ᠤ ᠵᠠᠷᠯᠢᠭ 381 ᠳ᠋ᠦ᠋ᠭᠡᠷ ᠲᠣᠭᠠᠲᠤ︶ ᠶᠢᠨ ᠬᠤᠶᠠᠳᠤᠭᠠᠷ ᠵᠤᠷᠪᠤᠰ᠂ ᠰᠢᠶᠠᠨ ᠤ ᠱᠠᠲᠤᠨ ᠠᠴᠠ ᠳᠡᠭᠡᠭᠰᠢᠬᠢ ᠬᠤᠳᠠ ᠶᠢᠨ ᠠᠷᠠᠳ ᠤᠨ ᠵᠠᠰᠠᠭ ᠤᠨ ᠣᠷᠳᠣᠨ ᠬᠡᠷᠡᠭᠴᠡᠭᠡ ᠪᠠᠨ ᠦᠨᠳᠦᠰᠦᠯᠡᠨ ᠲᠡᠨᠦᠭᠦᠯ ᠭᠤᠶᠢᠷᠠᠨᠴᠢᠳ ᠢ ᠠᠪᠤᠷᠠᠨ ᠲᠤᠰᠠᠯᠠᠬᠤ ᠤᠢᠷᠳᠡᠭᠡ ᠪᠠᠶᠢᠭᠤᠯᠬᠤ ᠬᠡᠷᠡᠭᠲᠡᠶ᠃ ᠠᠪᠤᠷᠠᠨ ᠲᠤᠰᠠᠯᠠᠬᠤ ᠥᠷᠲᠡᠭᠡ ᠠᠴᠠ ᠲᠡᠨᠦᠭᠦᠴᠢᠯᠡᠨ ᠭᠤᠶᠢᠷᠠᠨᠴᠢᠯᠠᠵᠤ ᠪᠠᠶᠢᠭ᠎ᠠ ᠬᠥᠮᠦᠰ ᠢ ᠠᠪᠤᠷᠠᠨ ᠲᠤᠰᠠᠯᠠᠬᠤ ᠪᠣᠯ ᠨᠢᠭᠡ ᠵᠦᠢᠯ ᠤᠨ ᠲᠦᠷ ᠴᠠᠭ ᠤᠨ ᠴᠢᠨᠠᠷᠲᠠᠶ ᠨᠡᠶᠢᠭᠡᠮ ᠤᠨ ᠠᠪᠤᠷᠠᠨ ᠲᠤᠰᠠᠯᠠᠬᠤ ᠠᠷᠭ᠎ᠠ ᠬᠡᠮᠵᠢᠶ᠎ᠡ ᠪᠣᠯᠤᠨ᠎ᠠ᠃ ᠭᠤᠷᠪᠠᠳᠤᠭᠠᠷ  ᠵᠤᠷᠪᠤᠰ᠄ ᠰᠢᠶᠠᠨ ᠤ ᠱᠠᠲᠤᠨ ᠠᠴᠠ ᠳᠡᠭᠡᠭᠰᠢᠬᠢ ᠬᠤᠳᠠ ᠶᠢᠨ ᠠᠷᠠᠳ ᠤᠨ ᠵᠠᠰᠠᠭ ᠤᠨ ᠣᠷᠳᠣᠨ ᠨᠤᠭᠤᠳ ᠢᠳᠡᠪᠬᠢᠲᠡᠶ ᠠᠷᠭ᠎ᠠ ᠬᠡᠮᠵᠢᠶ᠎ᠡ ᠠᠪᠴᠤ ᠲᠡᠨᠦᠭᠦᠴᠢᠯᠡᠨ ᠭᠤᠶᠢᠷᠠᠨᠴᠢᠯᠠᠵᠤ ᠪᠠᠶᠢᠭ᠎ᠠ ᠬᠥᠮᠦᠰ ᠢ ᠴᠠᠭ ᠲᠤᠬᠠᠶ ᠳᠤᠨᠢ ᠠᠪᠤᠷᠠᠨ ᠲᠤᠰᠠᠯᠠᠬᠤ ᠬᠡᠷᠡᠭᠲᠡᠶ ᠪᠥᠭᠡᠳ ᠠᠪᠤᠷᠠᠨ ᠲᠤᠰᠠᠯᠠᠬᠤ ᠠᠵᠢᠯ ᠳᠤ ᠬᠡᠷᠡᠭᠰᠡᠬᠦ ᠵᠠᠷᠤᠳᠠᠯ ᠢ ᠡᠳ᠋ ᠤᠨ ᠵᠠᠰᠠᠭ ᠤᠨ ᠲᠥᠰᠦᠪ ᠲᠡᠭᠡᠨ ᠣᠷᠣᠭᠤᠯᠵᠤ ᠪᠠᠲᠤᠯᠠᠭ᠎ᠠ ᠬᠠᠨᠭ᠍ᠭᠠᠬᠤ ᠬᠡᠷᠡᠭᠲᠡᠶ᠃ ᠠᠷᠪᠠᠨ ᠳᠥᠷᠪᠡᠳᠦᠭᠡᠷ ᠵᠤᠷᠪᠤᠰ᠄ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠠᠪᠤᠷᠠᠨ ᠲᠤᠰᠠᠯᠠᠬᠤ ᠥᠷᠲᠡᠭᠡᠨ ᠤ ᠠᠵᠢᠯᠳᠠᠨ ᠢ ᠬᠥᠮᠦᠵᠢᠭᠦᠯᠬᠦ᠂ ᠪᠣᠯᠪᠠᠰᠤᠷᠠᠭᠤᠯᠬᠤ ᠪᠠ ᠲᠡᠭᠦᠨ ᠳᠤ ᠬᠢᠨᠠᠯᠲᠠ ᠲᠠᠯᠪᠢᠬᠤ ᠪᠠᠨ ᠴᠢᠩᠭᠠᠳᠬᠠᠬᠤ ᠬᠡᠷᠡᠭᠲᠡᠢ᠃      【 ᠲᠦᠷᠢᠮ ᠲᠣᠭᠲᠠᠭᠠᠯ 】 ︽ᠠᠮᠢᠳᠤᠷᠠᠯ ᠨᠢ ᠨᠠᠶᠢᠳᠠᠪᠤᠷᠢ ᠥᠬᠡᠶ ᠬᠤᠲᠠ ᠶᠢᠨ ᠲᠡᠨᠦᠭᠦᠯ ᠭᠤᠶᠢᠷᠠᠨᠴᠢᠳ ᠢ ᠠᠪᠤᠷᠠᠨ ᠲᠤᠰᠠᠯᠠᠬᠤ ᠬᠠᠮᠢᠶᠠᠷᠤᠯᠲᠠ ᠶᠢᠨ ᠠᠷᠭ᠎ᠠ ᠶᠢ ᠬᠡᠷᠡᠭᠵᠢᠭᠦᠯᠬᠦ ᠨᠠᠷᠢᠨ ᠲᠦᠷᠢᠮ︾ ︵ᠠᠷᠠᠳ ᠤᠨ ᠶᠠᠪᠤᠳᠠᠯ ᠤᠨ ᠶᠠᠮᠤᠨ ᠤ ᠵᠠᠷᠯᠢᠭ 24 ᠳ᠋ᠦ᠋ᠭᠡᠷ ᠲᠣᠭᠠᠲᠤ︶ ᠤᠨ ᠬᠤᠷᠢᠨ ᠬᠤᠶᠠᠳᠤᠭᠠᠷ ᠵᠤᠷᠪᠤᠰ᠂ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠠᠪᠤᠷᠠᠨ ᠲᠤᠰᠠᠯᠠᠬᠤ ᠥᠷᠲᠡᠭᠡ ᠶᠢᠨ  ᠵᠢᠯᠣᠭᠤᠳᠤᠯᠭ᠎ᠠ ᠪᠠ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠳᠣᠤᠷᠠᠬᠢ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠬᠦ ᠬᠡᠷᠡᠭᠲᠡᠶ᠄ ︵ᠨᠢᠭᠡ︶ ᠠᠪᠤᠷᠠᠨ ᠲᠤᠰᠠᠯᠠᠬᠤ ᠥᠷᠲᠡᠭᠡ ᠶᠢᠨ ᠠᠪᠤᠷᠠᠨ ᠲᠤᠰᠠᠯᠠᠬᠤ ᠠᠷᠭ᠎ᠠ ᠬᠡᠮᠵᠢᠶ᠎ᠡ ᠪᠠ ᠲᠦᠷᠢᠮ ᠲᠣᠭᠲᠠᠭᠠᠯ ᠢ ᠨᠠᠶᠢᠳᠠᠪᠤᠷᠢᠵᠢᠭᠤᠯᠬᠤ ᠳᠤ ᠬᠢᠨᠠᠯᠲᠠ ᠲᠠᠯᠪᠢᠨ᠎ᠠ᠃ ︵ᠬᠤᠶᠠᠷ︶ ᠠᠪᠤᠷᠠᠨ ᠲᠤᠰᠠᠯᠠᠬᠤ ᠠᠵᠢᠯ ᠢ ᠵᠢᠯᠣᠭᠤᠳᠴᠤ ᠪᠠᠶᠢᠴᠠᠭᠠᠨ᠎ᠠ᠃ ︵ᠭᠤᠷᠪᠠ︶ ᠠᠪᠤᠷᠠᠨ ᠲᠤᠰᠠᠯᠠᠬᠤ ᠤᠢᠷᠳᠡᠭᠡ ᠶᠢᠨ ᠠᠵᠢᠯᠳᠡᠠ ᠳᠤ ᠬᠥᠮᠦᠵᠢᠯ ᠪᠣᠯᠪᠠᠰᠤᠷᠠᠯ ᠬᠦᠷᠲᠡᠭᠡᠨ᠎ᠡ᠃ ︵ᠲᠦᠷᠪᠡ︶ ᠠᠪᠤᠷᠠᠨ ᠲᠤᠰᠠᠯᠠᠬᠤ ᠤᠢᠷᠳᠡᠭᠡ ᠬᠢᠭᠡᠳ ᠲᠡᠭᠦᠨ ᠤ ᠠᠵᠢᠯᠳᠡᠠ ᠤ ᠬᠠᠤᠯᠢ ᠶᠢ ᠵᠥᠷᠢᠴᠡᠵᠦ ᠰᠠᠬᠢᠯᠭ᠎ᠠ ᠪᠠᠲᠤ ᠶᠢ ᠵᠥᠷᠢᠴᠡᠭᠰᠡᠨ ᠠᠰᠠᠭᠤᠳᠠᠯ ᠢ ᠪᠠᠶᠢᠴᠠᠭᠠᠵᠤ ᠰᠢᠢᠳᠪᠦᠷᠢᠯᠡᠨ᠎ᠡ᠃ ︵ᠲᠠᠪᠤ︶  ᠠᠪᠤᠷᠠᠨ ᠲᠤᠰᠠᠯᠠᠬᠤ ᠥᠷᠳᠡᠭᠡ ᠶᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠨ ᠥᠭᠴᠦ᠂ ᠠᠵᠢᠯᠯᠠᠬᠤ ᠨᠥᠬᠦᠴᠡᠯ ᠬᠠᠩᠭᠠᠬᠤ᠃ᠬᠦᠯᠢᠶᠡᠨ ᠠᠪᠴᠤ ᠰᠢᠢᠳᠪᠦᠷᠢᠯᠡᠬᠦ        ᠭᠠᠵᠠᠷ᠄ ᠲᠠ ᠱᠠᠨ ᠬᠦᠢᠲᠡᠨ ᠬᠥᠮᠥᠷᠭᠡ ᠠᠴᠠ ᠤᠮᠠᠷᠠᠰᠢ 100 ᠮᠧᠲᠷ ᠵᠠᠶᠢᠲᠠᠢ ᠢᠷᠠᠭᠤ ᠠᠯᠳᠠᠷᠲᠠᠳ ᠤᠨ ᠬᠦᠷᠢᠶᠡᠯᠡᠩ        ᠴᠠᠭ᠄ ᠬᠠᠤᠯᠢ ᠪᠠᠷ ᠲᠣᠭᠲᠠᠭᠠᠭᠰᠠᠨ ᠠᠵᠢᠯ ᠤᠨ ᠡᠳᠦᠷ 8᠄ 30 — 11᠄ 30᠂ 14᠄ 30 — 17᠄ 30        ᠨᠡᠶᠢᠲᠡ ᠶᠢᠨ ᠮᠠᠰᠢᠨ ᠤ ᠵᠠᠮ ᠱᠤᠭᠤᠮ᠄ 2 ᠳ᠋ᠤᠭᠠᠷ ᠵᠠᠮ ᠤᠨ ᠨᠡᠶᠢᠲᠡ ᠶᠢᠨ ᠮᠠᠰᠢᠨ ᠳᠤ ᠰᠠᠭᠤᠨ᠎ᠠ        ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ ᠠᠴᠠ ᠣᠷᠴᠢᠭᠤᠯᠤᠨ ᠨᠡᠶᠢᠲᠡᠯᠡᠪᠡ᠃        ᠨᠠᠷᠢᠨ ᠠᠭᠤᠯᠭ᠎ᠠ ᠶᠢ ᠨᠢ ᠳᠤᠤᠷᠠᠬᠢ ᠰᠦᠯᠵᠢᠶᠡᠨ ᠤ ᠬᠠᠶ᠋ᠢᠭ ᠢᠶᠠᠷ ᠦᠵᠡᠭᠡᠷᠡᠢ᠄
 
ᠢᠷᠡᠯᠲᠡ᠄ ᠠᠷᠤ ᠬᠣᠷᠴᠢᠨ ᠬᠤᠰᠢᠭᠤᠨ ᠵᠠᠰᠠᠭ ᠤᠨ ᠣᠷᠳᠣᠨ ᠤ ᠮᠣᠩᠭᠣᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号