ᠬᠤᠲᠠ ᠬᠥᠳᠡᠭᠡ ᠶᠢᠨ ᠨᠠᠭᠠᠳᠤ ᠵᠠᠬ᠎ᠠ ᠶᠢᠨ ᠠᠮᠢᠳᠤᠷᠠᠯ ᠤᠨ  ᠪᠠᠲᠤᠯᠠᠭ᠎ᠠ ᠶᠢᠨ ᠮᠦᠡᠭᠭᠦ ᠥᠭᠬᠦ
ᠨᠡᠶᠢᠲᠡᠯᠡᠭᠰᠡᠨ ᠴᠠᠭ᠄
2021/10/13
ᠬᠦᠯᠢᠶᠡᠨ ᠰᠢᠢᠳᠪᠦᠷᠢᠯᠡᠬᠦ ᠨᠥᠬᠦᠴᠡᠯ        ︵ᠨᠢᠭᠡ︶ ᠵᠥᠪᠰᠢᠶᠡᠷᠡᠬᠦ ᠨᠥᠬᠦᠴᠡᠯ᠄ 1. ᠡᠷᠦᠬᠡ ᠠᠮᠠ ᠶᠢᠨ ᠲᠠᠩᠰᠠ ᠨᠢ ᠠᠷᠤ ᠬᠤᠷᠴᠢᠨ ᠬᠤᠰᠢᠭᠤᠨ ᠳᠤ ᠪᠠᠶᠢᠬᠤ᠃ 2. ᠬᠤᠲᠠ ᠶᠢᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢ ᠭᠤᠶᠤᠴᠢᠯᠠᠬᠤ ᠳᠤ᠂ ᠬᠠᠮᠲᠤ ᠠᠮᠢᠳᠤᠷᠠᠵᠤ ᠪᠠᠶᠢᠭ᠎ᠠ ᠬᠡᠷ ᠪᠦᠯᠢ ᠶᠢᠨ ᠪᠦᠷᠢᠯᠳᠦᠬᠦᠨ ᠤ ᠬᠥᠮᠥᠨ ᠪᠦᠷᠢ ᠶᠢᠨ ᠰᠠᠷ᠎ᠠ ᠶᠢᠨ ᠳᠤᠮᠳᠠᠴᠢ ᠣᠷᠣᠯᠭ᠎ᠠ ᠨᠢ ᠲᠤᠬᠠᠶ ᠶᠢᠨ ᠭᠠᠵᠠᠷ ᠤᠨ ᠬᠤᠲᠠ ᠶᠢᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠪᠠᠷᠢᠮᠵᠢᠶ᠎ᠠ ᠠᠴᠠ ᠳᠣᠣᠷ᠎ᠠ ᠪᠠᠶᠢᠬᠤ᠃ 3. ᠬᠥᠳᠡᠭᠡ ᠲᠣᠰᠬᠤᠨ ᠤ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢ ᠭᠤᠶᠤᠴᠢᠯᠠᠬᠤ ᠳᠤ᠂ ᠬᠠᠮᠲᠤ ᠠᠮᠢᠳᠤᠷᠠᠵᠤ ᠪᠠᠶᠢᠭ᠎ᠠ ᠬᠡᠷ ᠪᠦᠯᠢ ᠶᠢᠨ ᠪᠦᠷᠢᠯᠳᠦᠬᠦᠨ ᠤ  ᠬᠥᠮᠥᠨ ᠪᠦᠷᠢ ᠶᠢᠨ ᠵᠢᠯ ᠤᠨ ᠳᠤᠮᠳᠠᠴᠢ ᠣᠷᠣᠯᠭ᠎ᠠ ᠨᠢ ᠲᠤᠬᠠᠶ ᠶᠢᠨ ᠭᠠᠵᠠᠷ ᠤᠨ ᠬᠥᠳᠡᠭᠡ ᠲᠣᠰᠬᠤᠨ ᠤ ᠨᠠᠭᠠᠳᠤ ᠵᠠᠬ᠎ᠠ ᠶᠢᠨ ᠪᠠᠷᠢᠮᠵᠢᠶ᠎ᠠ ᠠᠴᠠ ᠳᠣᠣᠷ᠎ᠠ ᠪᠠᠶᠢᠬᠤ᠃         ︵ᠬᠤᠶᠠᠷ︶ ᠥᠯᠥ ᠵᠥᠪᠰᠢᠶᠡᠷᠡᠬᠦ ᠪᠠᠶᠢᠳᠠᠯ᠄ 1. ᠭᠤᠶᠤᠴᠢᠯᠠᠭᠰᠠᠨ ᠵᠦᠢᠯ ᠨᠢ ᠲᠤᠰ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠤᠯᠢ ᠶᠣᠰᠣᠨ ᠤ ᠡᠷᠬᠡ ᠲᠤᠰᠢᠶᠠᠯ ᠤᠨ ᠬᠡᠪᠴᠢᠶᠡᠨ ᠳᠤ ᠬᠠᠷᠢᠶᠠᠯᠠᠭᠳᠠᠬᠤ ᠦᠭᠡᠶ᠃ 2. ᠭᠤᠶᠤᠴᠢᠯᠠᠭᠴᠢ ᠶᠢᠨ ᠳᠡᠪᠰᠢᠭᠦᠯᠦᠭᠰᠡᠨ ᠭᠤᠶᠤᠴᠢᠯᠠᠯ ᠤᠨ ᠮᠠᠲ᠋ᠧᠷᠢᠶᠠᠯ ᠨᠢ ᠦᠨᠡᠨ ᠪᠣᠳᠠᠲᠠᠢ ᠪᠢᠰᠢ᠃ 3. ︽ᠠᠷᠤ ᠬᠤᠷᠴᠢᠨ ᠬᠤᠰᠢᠭᠤᠨ ᠤ ᠮᠠᠯᠵᠢᠬᠤ ᠲᠠᠷᠢᠶᠠᠯᠠᠬᠤ ᠣᠷᠣᠨ ᠤ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢ ᠨᠠᠷᠢᠯᠢᠭ ᠣᠨᠣᠴᠠᠲᠠᠶ ᠪᠠᠷ ᠮᠠᠭᠠᠳᠯᠠᠨ ᠲᠣᠭᠲᠠᠭᠠᠬᠤ ᠰᠠᠨᠠᠯ︾ ᠢ ᠦᠨᠳᠦᠰᠦᠯᠡᠨ᠂ ᠨᠥᠬᠦᠴᠡᠯ ᠳᠤ ᠨᠡᠶᠢᠴᠡᠬᠦ ᠥᠬᠡᠶ ᠬᠡᠷ ᠪᠦᠯᠢ ᠶᠢ ᠮᠠᠭᠠᠳᠯᠠᠨ ᠲᠣᠭᠲᠠᠭᠠᠬᠤ ᠥᠬᠡᠶ᠂ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠯᠠ ᠮᠥᠩᠭᠦ ᠣᠯᠭᠤᠬᠤ ᠦᠭᠡᠢ᠃         ︵ᠭᠤᠷᠪᠠ︶ ᠲᠣᠳᠣᠷᠬᠠᠶᠢᠯᠠᠬᠤ ᠴᠢᠬᠤᠯᠠ ᠲᠠᠢ ᠪᠤᠰᠤᠳ ᠪᠠᠶᠢᠳᠠᠯ᠄ ᠬᠢᠨᠠᠨ ᠵᠥᠪᠰᠢᠶᠡᠷᠡᠬᠦ ᠲᠤᠭ᠎ᠠ ᠬᠡᠮᠵᠢᠶᠡᠨ ᠤ ᠬᠢᠵᠠᠭᠠᠷᠯᠠᠯ ᠥᠭᠡᠢ᠃ ᠲᠣᠭᠲᠠᠭᠠᠭᠰᠠᠨ ᠦᠨᠳᠦᠰᠦᠯᠡᠯ       【 ᠵᠠᠰᠠᠭ ᠵᠠᠬᠢᠷᠭᠠᠨ ᠤ ᠬᠠᠤᠯᠢ ᠲᠣᠭᠲᠠᠭᠠᠯ 】 ︽ᠨᠡᠶᠢᠭᠡᠮ ᠤᠨ ᠠᠪᠤᠷᠠᠨ ᠲᠤᠰᠠᠯᠠᠬᠤ ᠲᠦᠷ ᠬᠡᠷᠡᠭᠵᠢᠭᠦᠯᠬᠦ ᠠᠷᠭ᠎ᠠ︾ ︵ᠲᠥᠷᠥ ᠶᠢᠨ ᠶᠠᠪᠤᠳᠠᠯ ᠤᠨ ᠬᠤᠷᠢᠶᠠᠨ ᠤ ᠵᠠᠷᠯᠢᠭ 649  ᠳ᠋ᠦ᠋ᠭᠡᠷ ᠲᠣᠭᠠᠲᠤ︶ ᠶᠢᠨ ᠶᠢᠰᠦᠳᠦᠭᠡᠷ ᠵᠤᠷᠪᠤᠰ ᠲᠤ᠂ ᠤᠯᠤᠰ ᠠᠴᠠ ᠬᠠᠮᠲᠤ ᠠᠮᠢᠳᠤᠷᠠᠵᠤ ᠪᠠᠶᠢᠭ᠎ᠠ ᠬᠡᠷ ᠪᠦᠯᠢ ᠶᠢᠨ ᠪᠦᠷᠢᠯᠳᠦᠬᠦᠨ ᠤ ᠬᠥᠮᠦᠨ ᠪᠦᠷᠢ ᠶᠢᠨ ᠳᠤᠮᠳᠠᠴᠢ ᠣᠷᠣᠯᠭ᠎ᠠ ᠨᠢ ᠲᠤᠬᠠᠶ ᠶᠢᠨ ᠭᠠᠵᠠᠷ ᠤᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠪᠠᠷᠢᠮᠵᠢᠶ᠎ᠠ ᠠᠴᠠ ᠳᠣᠤᠷ᠎ᠠ ᠮᠥᠷᠲᠡᠭᠡᠨ ᠲᠤᠬᠠᠶ ᠶᠢᠨ ᠭᠠᠵᠠᠷ ᠤᠨ ᠨᠠᠭᠠᠳᠤ ᠵᠠᠬ᠎ᠠ ᠶᠢᠨ ᠠᠮᠢᠳᠤᠷᠠᠯ ᠤᠨ  ᠪᠠᠲᠤᠯᠠᠭ᠎ᠠ ᠶᠢᠨ ᠬᠡᠷ ᠪᠦᠯᠢ ᠶᠢᠨ ᠡᠳ᠋ ᠬᠥᠷᠥᠩᠭᠡ ᠶᠢᠨ ᠪᠠᠶᠢᠳᠠᠯ ᠤᠨ ᠲᠣᠭᠲᠠᠭᠠᠯ ᠳᠤ ᠨᠡᠶᠢᠴᠡᠬᠦ ᠬᠡᠷ ᠪᠦᠯᠢ ᠳᠤ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠣᠯᠭᠤᠨ᠎ᠠ᠃ ᠠᠷᠪᠠᠨ ᠨᠢᠭᠡᠳᠦᠭᠡᠷ  ᠵᠤᠷᠪᠤᠰ ᠲᠤ᠂ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠬᠢᠨᠠᠨ ᠪᠠᠶᠢᠴᠠᠭᠠᠭᠠᠳ ᠨᠥᠬᠦᠴᠡᠯ ᠳᠤ ᠨᠡᠶᠢᠴᠡᠭᠰᠡᠨ ᠭᠤᠶᠤᠴᠢᠯᠠᠯ ᠢ ᠵᠥᠪᠰᠢᠶᠡᠷᠡᠬᠦ ᠶᠢᠨ ᠬᠠᠮᠲᠤ ᠭᠤᠶᠤᠴᠢᠯᠠᠭᠴᠢ ᠶᠢᠨ ᠪᠠᠶᠢᠭ᠎ᠠ ᠭᠠᠴᠠᠭ᠎ᠠ᠂ ᠨᠡᠶᠢᠭᠡᠮ ᠲᠣᠭᠤᠷᠢᠭ ᠲᠤ ᠢᠯᠡ ᠨᠡᠶᠢᠲᠡᠯᠡᠨ᠎ᠡ᠃ ᠨᠥᠬᠦᠴᠡᠯ ᠳᠤ ᠨᠡᠶᠢᠴᠡᠬᠦ ᠦᠭᠡᠢ ᠭᠤᠶᠤᠴᠢᠯᠠᠯ ᠢ ᠵᠥᠪᠰᠢᠶᠡᠷᠡᠬᠦ ᠦᠭᠡᠢ ᠪᠥᠭᠡᠳ ᠭᠤᠶᠤᠴᠢᠯᠠᠭᠴᠢ ᠳᠤ ᠤᠴᠢᠷ ᠰᠢᠯᠲᠠᠭᠠᠨ ᠢ ᠪᠢᠴᠢᠭ ᠤᠨ ᠬᠡᠯᠪᠡᠷᠢ ᠪᠠᠷ ᠲᠣᠳᠣᠷᠬᠠᠶᠢᠯᠠᠨ᠎ᠠ᠃ ᠠᠷᠪᠠᠨ ᠬᠤᠶᠠᠳᠤᠭᠠᠷ ᠵᠤᠷᠪᠤᠰ ᠲᠤ᠂ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠤᠯᠬᠤ ᠶᠢ ᠵᠥᠪᠰᠢᠶᠡᠷᠡᠭᠰᠡᠨ ᠭᠡᠷ ᠪᠦᠯᠢ ᠳᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠠᠴᠠ ᠬᠠᠮᠲᠤ ᠠᠮᠢᠳᠤᠷᠠᠵᠤ ᠪᠠᠶᠢᠭ᠎ᠠ ᠭᠡᠷ ᠪᠦᠯᠢ ᠶᠢᠨ ᠪᠦᠷᠢᠯᠳᠦᠬᠦᠨ ᠤ ᠬᠥᠮᠦᠨ ᠪᠦᠷᠢ ᠶᠢᠨ ᠳᠤᠮᠳᠠᠴᠢ ᠣᠷᠣᠯᠭ᠎ᠠ ᠨᠢ ᠲᠤᠬᠠᠶ ᠶᠢᠨ ᠭᠠᠵᠠᠷ ᠤᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠠᠴᠠ ᠳᠣᠣᠷ᠎ᠠ ᠪᠠᠶᠢᠬᠤ ᠵᠥᠷᠢᠶ᠎ᠡ ᠶᠢ ᠦᠨᠳᠦᠰᠦᠯᠡᠨ ᠰᠠᠷ᠎ᠠ ᠪᠣᠯᠭᠠᠨ ᠨᠠᠭᠠᠳᠤ ᠵᠠᠬ᠎ᠠ ᠶᠢᠨ ᠠᠮᠢᠳᠤᠷᠠᠯ ᠤᠨ  ᠪᠠᠲᠤᠯᠠᠭ᠎ᠠ ᠶᠢᠨ ᠮᠦᠡᠭᠭᠦ ᠣᠯᠭᠤᠨ᠎ᠠ᠃ᠰᠦᠢᠳᠬᠡᠯ ᠬᠤᠷᠢᠶᠠᠬᠤ ᠪᠠᠷᠢᠮᠵᠢᠶ᠎ᠠ ᠪᠣᠯᠤᠨ ᠦᠨᠳᠦᠰᠦᠯᠡᠯ        ᠰᠦᠢᠳᠬᠡᠯ ᠬᠤᠷᠢᠶᠠᠬᠤ ᠪᠠᠷᠢᠮᠵᠢᠶ᠎ᠠ ᠪᠠ ᠦᠨᠳᠦᠰᠦᠯᠡᠯ ᠲᠦᠷ ᠪᠠᠶᠢᠬᠤ ᠦᠭᠡᠢ        ᠭᠦᠢᠴᠡᠳᠬᠡᠬᠦ ᠭᠠᠵᠠᠷ᠄ ᠠᠷᠤ ᠬᠤᠷᠴᠢᠨ ᠬᠤᠰᠢᠭᠤᠨ ᠤ ᠲᠢᠶᠠᠨ ᠶᠤᠸᠠᠨ ᠶᠡᠭᠡ ᠵᠡᠭᠡᠯᠢ ᠶᠢᠨ ᠬᠤᠶᠢᠲᠤ ᠲᠠᠯ᠎ᠠ ᠶᠢᠨ 45 ᠳ᠋ᠤᠭᠠᠷ ᠨᠤᠮᠧᠷ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠬᠤᠶᠠᠳᠤᠭᠠᠷ ᠳᠠᠪᠬᠤᠷᠯᠢᠭ ᠤᠨ 18 ᠳ᠋ᠤᠭᠠᠷ ᠴᠣᠩᠬᠤ          ᠭᠦᠢᠴᠡᠳᠬᠡᠬᠦ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ ᠦᠳᠡ ᠶᠢᠨ ᠡᠮᠦᠨᠡᠬᠢ 8᠄ 30— 11᠄ 30᠂ ᠦᠳᠡ ᠶᠢᠨ ᠬᠤᠶᠢᠨᠠᠬᠢ 14᠄ 30 — 17᠄ 30 ︵ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠠᠴᠠ ᠭᠠᠳᠠᠨ᠎ᠠ︶        ᠨᠡᠶᠢᠲᠡ ᠶᠢᠨ ᠮᠠᠰᠢᠨ ᠲᠡᠷᠭᠡᠨ ᠤ ᠵᠠᠮ ᠱᠤᠭᠤᠮ᠄ ᠴᠢᠪᠠᠭ᠎ᠠ ᠪᠠᠯᠭᠠᠰᠤᠨ ᠤ 2᠂ 3 ᠳ᠋ᠤᠭᠠᠷ ᠵᠠᠮ ᠤᠨ ᠨᠡᠶᠢᠲᠡ ᠶᠢᠨ ᠮᠠᠰᠢᠨ ᠲᠡᠷᠭᠡᠨ ᠳᠤ ᠰᠠᠭᠤᠵᠤ ᠵᠠᠮ ᠬᠠᠷᠢᠯᠴᠠᠭᠠᠨ ᠤ ᠲᠣᠪᠴᠢᠶ᠎ᠠ ᠶᠢᠨ ᠥᠷᠲᠡᠭᠡᠨ ᠳᠤ ᠪᠠᠭᠤᠨ᠎ᠠ᠂ 1 ᠳ᠋ᠦᠭᠡᠷ ᠵᠠᠮ ᠤᠨ ᠨᠡᠶᠢᠲᠡ ᠶᠢᠨ ᠮᠠᠰᠢᠨ ᠲᠡᠷᠭᠡᠨ ᠳᠤ ᠰᠠᠭᠤᠵᠤ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠥᠷᠲᠡᠭᠡᠨ ᠳᠤ ᠪᠠᠭᠤᠨ᠎ᠠ᠂ ᠵᠡᠭᠦᠨᠰᠢ 100 ᠮᠧᠲᠷ ᠤᠨ ᠵᠠᠮ ᠤᠨ ᠬᠤᠶᠢᠲᠤ ᠲᠠᠯ᠎ᠠ        ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ ᠠᠴᠠ ᠣᠷᠴᠢᠭᠤᠯᠤᠨ ᠨᠡᠶᠢᠲᠡᠯᠡᠪᠡ᠃        ᠨᠠᠷᠢᠨ ᠠᠭᠤᠯᠭ᠎ᠠ ᠶᠢ ᠨᠢ ᠳᠤᠤᠷᠠᠬᠢ ᠰᠦᠯᠵᠢᠶᠡᠨ ᠤ ᠬᠠᠶ᠋ᠢᠭ ᠢᠶᠠᠷ ᠦᠵᠡᠭᠡᠷᠡᠢ᠄
 
ᠢᠷᠡᠯᠲᠡ᠄ ᠠᠷᠤ ᠬᠣᠷᠴᠢᠨ ᠬᠤᠰᠢᠭᠤᠨ ᠵᠠᠰᠠᠭ ᠤᠨ ᠣᠷᠳᠣᠨ ᠤ ᠮᠣᠩᠭᠣᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号