ᠬᠦᠯᠢᠶᠡᠨ ᠰᠢᠢᠳᠪᠦᠷᠢᠯᠡᠬᠦ ᠨᠥᠬᠦᠴᠡᠯ | ᠨᠢᠭᠦᠯᠡᠰᠦᠩᠭᠦᠶ ᠦᠢᠯᠡᠰ ᠭᠡᠳᠡᠭ ᠨᠢ ᠬᠤᠪᠢ ᠬᠥᠮᠦᠨ᠂ ᠬᠠᠤᠯᠢ ᠶᠢᠨ ᠡᠷᠬᠡᠲᠡᠨ ᠪᠠ ᠪᠤᠰᠤᠳ ᠵᠣᠬᠢᠶᠠᠨ | ᠪᠠᠶᠢᠭᠤᠯᠤᠯᠲᠠ ᠠᠴᠠ ᠡᠳ᠋ ᠬᠦᠷᠦᠩᠭᠡ ᠬᠠᠨᠳᠢᠪᠯᠠᠨ ᠬᠦᠷᠭᠡᠬᠦ ᠪᠤᠶᠤ ᠦᠢᠯᠡᠴᠢᠯᠡᠭᠡ ᠬᠠᠩᠭᠠᠬᠤ ᠵᠡᠷᠭᠡ ᠠᠷᠭ᠎ᠠ | ᠮᠠᠶ᠋ᠢᠭ ᠢᠶᠠᠷ ᠰᠠᠶᠢᠨ ᠳᠤᠷ᠎ᠠ ᠠᠴᠠ ᠪᠠᠨ ᠥᠷᠨᠢᠭᠦᠯᠦᠭᠰᠡᠨ ᠳᠣᠣᠷᠠᠬᠢ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠶᠢ | ᠵᠢᠭᠠᠵᠤ ᠪᠠᠶᠢᠨ᠎ᠠ᠄ ︵ᠨᠢᠭᠡ︶ ᠶᠠᠳᠠᠭᠤ ᠶᠢ ᠲᠡᠳᠬᠦᠬᠦ᠂ ᠬᠦᠴᠢᠷᠳᠡᠯᠲᠡᠶ ᠶᠢ ᠲᠤᠰᠠᠯᠠᠬᠤ᠃ ︵ᠬᠤᠶᠠᠷ︶ ᠨᠠᠰᠤᠲᠠᠨ ᠢ | ᠲᠡᠳᠬᠦᠬᠦ᠂ ᠥᠨᠥᠴᠢᠨ ᠬᠡᠦᠬᠡᠳ ᠢ ᠠᠪᠤᠷᠠᠬᠤ᠂ ᠡᠪᠡᠳᠴᠢᠲᠡᠨ ᠢ ᠲᠡᠳᠬᠦᠬᠦ᠂ ᠵᠡᠮᠳᠡᠭᠴᠦᠳ ᠢ ᠬᠠᠪᠰᠤᠷᠬᠤ᠂ | ᠠᠰᠠᠷᠠᠨ ᠬᠠᠷᠠᠭᠠᠯᠵᠠᠬᠤ | | ᠲᠣᠭᠲᠠᠭᠠᠭᠰᠠᠨ ᠦᠨᠳᠦᠰᠦᠯᠡᠯ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠢᠭᠦᠯᠡᠰᠦᠩᠭᠦᠶ ᠦᠢᠯᠡᠰ ᠤᠨ ᠬᠠᠤᠯᠢ︾ ᠶᠢᠨ | ᠶᠡᠷᠡᠨ ᠨᠢᠭᠡᠳᠦᠭᠡᠷ ᠵᠤᠷᠪᠤᠰ ᠲᠤ᠂ ᠤᠯᠤᠰ ᠠᠴᠠ ᠨᠢᠭᠦᠯᠡᠰᠦᠩᠭᠦᠶ ᠦᠢᠯᠡᠰ ᠢ ᠰᠠᠶᠢᠰᠢᠶᠠᠨ ᠬᠥᠬᠢᠭᠦᠯᠬᠦ ᠲᠦᠷᠢᠮ ᠢ | ᠪᠠᠶᠢᠭᠤᠯᠵᠤ᠂ ᠨᠢᠭᠦᠯᠡᠰᠦᠩᠭᠦᠶ ᠦᠢᠯᠡᠰ ᠤᠨ ᠬᠥᠭᠵᠢᠯᠲᠡ ᠳᠤ ᠲᠤᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠬᠤᠪᠢ | ᠬᠥᠮᠦᠨ᠂ ᠬᠠᠤᠯᠢ ᠶᠢᠨ ᠡᠷᠬᠡᠲᠡᠨ ᠪᠠ ᠪᠤᠰᠤᠳ ᠵᠣᠬᠢᠶᠠᠨ ᠪᠠᠶᠢᠭᠤᠯᠤᠯᠲᠠ ᠶᠢ ᠰᠢᠶᠠᠨ ᠤ ᠱᠠᠲᠤᠨ ᠠᠴᠠ ᠳᠡᠭᠡᠭᠰᠢᠬᠢ | ᠠᠷᠠᠳ ᠤᠨ ᠵᠠᠰᠠᠭ ᠤᠨ ᠣᠷᠳᠣᠨ ᠪᠤᠶᠤ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠰᠠᠶᠢᠰᠢᠶᠠᠨ ᠬᠥᠬᠢᠭᠦᠯᠦᠨ᠎ᠡ᠃ | | | ᠭᠦᠢᠴᠡᠳᠬᠡᠬᠦ ᠭᠠᠵᠠᠷ᠄ ᠠᠷᠤ ᠬᠤᠷᠴᠢᠨ ᠬᠤᠰᠢᠭᠤᠨ ᠤ ᠲᠢᠶᠠᠨ ᠶᠤᠸᠠᠨ ᠶᠡᠭᠡ ᠵᠡᠭᠡᠯᠢ ᠶᠢᠨ ᠬᠤᠶᠢᠲᠤ | ᠲᠠᠯ᠎ᠠ ᠶᠢᠨ 45 ᠳ᠋ᠤᠭᠠᠷ ᠨᠤᠮᠧᠷ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠬᠤᠶᠠᠳᠤᠭᠠᠷ | ᠳᠠᠪᠬᠤᠷᠯᠢᠭ ᠤᠨ 29 ᠳ᠋ᠦ᠋ᠭᠡᠷ ᠴᠣᠩᠬᠤ | ᠭᠦᠢᠴᠡᠳᠬᠡᠬᠦ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ ᠦᠳᠡ ᠶᠢᠨ ᠡᠮᠦᠨᠡᠬᠢ 8᠄ 30 | — 11᠄ 30᠂ ᠦᠳᠡ ᠶᠢᠨ ᠬᠤᠶᠢᠨᠠᠬᠢ 14᠄ 30 — 17᠄ 30 ︵ᠬᠠᠤᠯᠢ ᠪᠠᠷ ᠲᠣᠭᠲᠠᠭᠠᠭᠰᠠᠨ | ᠪᠠᠶᠠᠷ ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠠᠴᠠ ᠭᠠᠳᠠᠨ᠎ᠠ︶ | ᠨᠡᠶᠢᠲᠡ ᠶᠢᠨ ᠮᠠᠰᠢᠨ ᠲᠡᠷᠭᠡᠨ ᠤ ᠵᠠᠮ ᠱᠤᠭᠤᠮ᠄ ᠴᠢᠪᠠᠭ᠎ᠠ ᠪᠠᠯᠭᠠᠰᠤᠨ ᠤ 2᠂ 3 ᠳ᠋ᠤᠭᠠᠷ ᠵᠠᠮ ᠤᠨ | ᠨᠡᠶᠢᠲᠡ ᠶᠢᠨ ᠮᠠᠰᠢᠨ ᠲᠡᠷᠭᠡᠨ ᠳᠤ ᠰᠠᠭᠤᠵᠤ ᠵᠠᠮ ᠬᠠᠷᠢᠯᠴᠠᠭᠠᠨ ᠤ ᠲᠣᠪᠴᠢᠶ᠎ᠠ ᠶᠢᠨ ᠥᠷᠲᠡᠭᠡᠨ ᠳᠤ ᠪᠠᠭᠤᠨ᠎ᠠ᠂ 1 | ᠳ᠋ᠦ᠋ᠭᠡᠷ ᠵᠠᠮ ᠤᠨ ᠨᠡᠶᠢᠲᠡ ᠶᠢᠨ ᠮᠠᠰᠢᠨ ᠲᠡᠷᠭᠡᠨ ᠳᠤ ᠰᠠᠭᠤᠵᠤ ᠬᠤᠲᠠ ᠶᠢᠨ ᠪᠥᠲᠥᠭᠡᠨ ᠪᠠᠶᠢᠭᠤᠯᠤᠯᠲᠠ ᠶᠢᠨ | ᠲᠣᠪᠴᠢᠶ᠎ᠠ ᠶᠢᠨ ᠥᠷᠲᠡᠭᠡᠨ ᠳᠤ ᠪᠠᠭᠤᠨ᠎ᠠ᠂ ᠵᠡᠭᠦᠨᠰᠢ 100 ᠮᠧᠲᠷ ᠤᠨ ᠵᠠᠮ ᠤᠨ ᠬᠤᠶᠢᠲᠤ ᠲᠠᠯ᠎ᠠ | | | ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ ᠠᠴᠠ ᠣᠷᠴᠢᠭᠤᠯᠤᠨ | ᠨᠡᠶᠢᠲᠡᠯᠡᠪᠡ᠃ | ᠨᠠᠷᠢᠨ ᠠᠭᠤᠯᠭ᠎ᠠ ᠶᠢ ᠨᠢ ᠳᠤᠤᠷᠠᠬᠢ ᠰᠦᠯᠵᠢᠶᠡᠨ ᠤ ᠬᠠᠶ᠋ᠢᠭ ᠢᠶᠠᠷ ᠦᠵᠡᠭᠡᠷᠡᠢ᠄ | |