ᠬᠦᠯᠢᠶᠡᠨ ᠰᠢᠢᠳᠪᠦᠷᠢᠯᠡᠬᠦ ᠨᠥᠬᠦᠴᠡᠯ | ᠨᠢᠭᠦᠯᠡᠰᠦᠩᠭᠦᠶ ᠦᠢᠯᠡᠰ ᠤᠨ ᠢᠲᠡᠭᠡᠮᠵᠢᠲᠦ ᠨᠠᠶᠢᠳᠠᠯᠭ᠎ᠠ ᠶᠢᠨ ᠳᠠᠩᠰᠠᠯᠠᠭᠤᠯᠤᠯᠲᠠ ᠶᠢ ᠳᠠᠭᠤᠰᠬᠠᠬᠤ ᠪᠠᠷ | ᠬᠦᠯᠢᠶᠡᠨ ᠠᠪᠴᠤ ᠰᠢᠢᠳᠪᠦᠷᠢᠯᠡᠬᠦ ᠨᠥᠬᠦᠴᠡᠯ᠄ ᠳᠣᠣᠷᠠᠬᠢ ᠪᠠᠶᠢᠳᠠᠯ ᠤᠨ ᠨᠢᠭᠡ ᠨᠢ ᠪᠠᠶᠢᠪᠠᠯ᠂ ᠨᠢᠭᠦᠯᠡᠰᠦᠩᠭᠦᠶ | ᠦᠢᠯᠡᠰ ᠤᠨ ᠢᠲᠡᠭᠡᠮᠵᠢᠲᠦ ᠨᠠᠶᠢᠳᠠᠯᠭ᠎ᠠ ᠶᠢ ᠳᠠᠭᠤᠰᠬᠠᠨ᠎ᠠ᠄ ︵ᠨᠢᠭᠡ︶ ᠢᠲᠡᠭᠡᠮᠵᠢᠲᠦ ᠨᠠᠶᠢᠳᠠᠯᠭ᠎ᠠ ᠶᠢᠨ ᠪᠢᠴᠢᠭ | ᠮᠠᠲ᠋ᠧᠷᠢᠶᠠᠯ ᠳᠤ ᠲᠣᠭᠲᠠᠭᠠᠭᠰᠠᠨ ᠳᠠᠭᠤᠰᠬᠠᠬᠤ ᠶᠣᠰᠣᠲᠠᠢ ᠤᠴᠢᠷ ᠰᠢᠯᠲᠠᠭᠠᠨ ᠡᠭᠦᠰᠦᠭᠰᠡᠨ᠃ ︵ᠬᠤᠶᠠᠷ︶ | ᠢᠲᠡᠭᠡᠮᠵᠢᠲᠦ ᠨᠠᠶᠢᠳᠠᠯᠭ᠎ᠠ ᠶᠢᠨ ᠦᠷᠭᠦᠯᠵᠢᠯᠡᠨ ᠣᠷᠣᠰᠢᠬᠤ ᠨᠢ ᠢᠲᠡᠭᠡᠮᠵᠢᠲᠦ ᠨᠠᠶᠢᠳᠠᠯᠭ᠎ᠠ ᠶᠢᠨ ᠵᠣᠷᠢᠯᠭ᠎ᠠ ᠠᠴᠠ | ᠵᠥᠷᠢᠴᠡᠭᠰᠡᠨ᠃ ︵ᠭᠤᠷᠪᠠ︶ ᠢᠲᠡᠭᠡᠮᠵᠢᠲᠦ ᠨᠠᠶᠢᠳᠠᠯᠭ᠎ᠠ ᠶᠢᠨ ᠵᠣᠷᠢᠯᠭ᠎ᠠ ᠨᠢ ᠪᠡᠶᠡᠯᠡᠭᠳᠡᠭᠰᠡᠨ ᠪᠤᠶᠤ ᠪᠡᠶᠡᠯᠡᠭᠳᠡᠵᠦ | ᠴᠢᠳᠠᠬᠤ ᠤᠢᠭᠡᠢ ᠪᠣᠯᠤᠭᠰᠠᠨ᠃ ︵ᠲᠦᠷᠪᠡ︶ ᠢᠲᠡᠭᠡᠮᠵᠢᠲᠦ ᠨᠠᠶᠢᠳᠠᠯᠭ᠎ᠠ ᠶᠢᠨ ᠲᠤᠬᠠᠶ ᠶᠢᠨ ᠬᠥᠮᠦᠨ | ᠵᠥᠪᠳᠡᠯᠴᠡᠭᠡᠳ ᠵᠥᠪᠰᠢᠶᠡᠷᠡᠭᠰᠡᠨ᠃ ︵ᠲᠠᠪᠤ︶ ᠢᠲᠡᠭᠡᠮᠵᠢᠲᠦ ᠨᠠᠶᠢᠳᠠᠯᠭ᠎ᠠ ᠶᠢ ᠬᠦᠴᠦᠨ ᠤᠢᠭᠡᠢ ᠪᠣᠯᠭᠠᠭᠰᠠᠨ᠃ ︵ | ᠵᠢᠷᠭᠤᠭ᠎ᠠ︶ ᠢᠲᠡᠭᠡᠮᠵᠢᠲᠦ ᠨᠠᠶᠢᠳᠠᠯᠭ᠎ᠠ ᠬᠠᠰᠤᠭᠳᠠᠭᠰᠠᠨ᠃ ᠨᠢᠭᠦᠯᠡᠰᠦᠩᠭᠦᠶ ᠦᠢᠯᠡᠰ ᠤᠨ ᠢᠲᠡᠭᠡᠮᠵᠢᠲᠦ | ᠨᠠᠶᠢᠳᠠᠯᠭ᠎ᠠ ᠶᠢ ᠳᠠᠭᠤᠰᠬᠠᠭᠰᠠᠨ ᠡᠳᠦᠷ ᠠᠴᠠ ᠡᠬᠢᠯᠡᠨ 15 ᠡᠳᠦᠷ ᠤᠨ ᠳᠣᠲᠣᠷ᠎ᠠ᠂ ᠨᠠᠶᠢᠳᠠᠯᠭ᠎ᠠ ᠬᠦᠯᠢᠶᠡᠭᠴᠢ ᠨᠢ | ᠳᠠᠭᠤᠰᠬᠠᠬᠤ ᠤᠴᠢᠷ ᠰᠢᠯᠲᠠᠭᠠᠨ᠂ ᠡᠳᠦᠷ ᠬᠤᠭᠤᠴᠠᠭ᠎ᠠ᠂ ᠦᠯᠡᠳᠡᠭᠰᠡᠨ ᠢᠲᠡᠭᠡᠮᠵᠢᠲᠦ ᠨᠠᠶᠢᠳᠠᠯᠭ᠎ᠠ ᠶᠢᠨ ᠡᠳ᠋ | ᠬᠦᠷᠦᠩᠭᠡ ᠶᠢ ᠰᠢᠢᠳᠪᠦᠷᠢᠯᠡᠬᠦ ᠲᠥᠰᠦᠯ ᠪᠠ ᠬᠤᠯᠪᠣᠭᠳᠠᠯ ᠪᠦᠬᠦᠢ ᠪᠠᠶᠢᠳᠠᠯ ᠢᠶᠠᠨ ᠳᠠᠩᠰᠠᠯᠠᠭᠤᠯᠤᠭᠰᠠᠨ ᠠᠷᠠᠳ ᠤᠨ | ᠶᠠᠪᠤᠳᠠᠯ ᠤᠨ ᠰᠠᠯᠠᠭ᠎ᠠ ᠮᠥᠴᠢᠷ ᠲᠤ ᠮᠡᠳᠡᠭᠦᠯᠬᠦ ᠬᠡᠷᠡᠭᠲᠡᠶ᠃ ᠨᠢᠭᠦᠯᠡᠰᠦᠩᠭᠦᠶ ᠦᠢᠯᠡᠰ ᠤᠨ ᠢᠲᠡᠭᠡᠮᠵᠢᠲᠦ ᠨᠠᠶᠢᠳᠠᠯᠭ᠎ᠠ | ᠳᠠᠭᠤᠰᠤᠭᠰᠠᠨ ᠪᠠᠶᠢᠪᠠᠯ᠂ ᠨᠠᠶᠢᠳᠠᠯᠭ᠎ᠠ ᠬᠦᠯᠢᠶᠡᠭᠴᠢ ᠨᠢ 30 ᠡᠳᠦᠷ ᠤᠨ ᠳᠣᠲᠣᠷ᠎ᠠ ᠨᠢᠭᠦᠯᠡᠰᠦᠩᠭᠦᠶ ᠦᠢᠯᠡᠰ ᠤᠨ | ᠢᠲᠡᠭᠡᠮᠵᠢᠲᠦ ᠨᠠᠶᠢᠳᠠᠯᠭ᠎ᠠ ᠶᠢᠨ ᠬᠡᠷᠡᠭ ᠶᠠᠪᠤᠳᠠᠯ ᠤᠨ ᠢᠯᠭᠠᠷᠠᠭᠤᠯᠤᠨ ᠪᠤᠳᠤᠭᠰᠠᠨ ᠮᠡᠳᠡᠭᠦᠯᠦᠯᠲᠡ ᠬᠢᠵᠦ᠂ | ᠳᠠᠩᠰᠠᠯᠠᠭᠤᠯᠤᠭᠰᠠᠨ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠲᠤ ᠮᠡᠳᠡᠭᠦᠯᠦᠭᠰᠡᠨ ᠤ ᠲᠠᠷᠠᠭ᠎ᠠ᠂ ᠨᠠᠶᠢᠳᠠᠯᠭ᠎ᠠ | ᠬᠦᠯᠢᠶᠡᠭᠴᠢ ᠠᠴᠠ ᠵᠠᠷᠯᠠᠨ ᠨᠡᠶᠢᠲᠡᠯᠡᠬᠦ ᠬᠡᠷᠡᠭᠲᠡᠶ᠃ ᠨᠢᠭᠦᠯᠡᠰᠦᠩᠭᠦᠶ ᠦᠢᠯᠡᠰ ᠤᠨ ᠢᠲᠡᠭᠡᠮᠵᠢᠲᠦ ᠨᠠᠶᠢᠳᠠᠯᠭ᠎ᠠ ᠳᠤ | ᠬᠡᠷᠪᠡ ᠢᠲᠡᠭᠡᠮᠵᠢᠲᠦ ᠨᠠᠶᠢᠳᠠᠯᠭ᠎ᠠ ᠶᠢᠨ ᠬᠢᠨᠠᠨ ᠪᠠᠶᠢᠴᠠᠭᠠᠭᠴᠢ ᠲᠣᠬᠢᠷᠠᠭᠤᠯᠤᠭᠰᠠᠨ ᠪᠠᠶᠢᠪᠠᠯ᠂ ᠢᠯᠭᠠᠷᠠᠭᠤᠯᠤᠨ | ᠪᠤᠳᠤᠭᠰᠠᠨ ᠮᠡᠳᠡᠭᠦᠯᠦᠯᠲᠡ ᠶᠢ ᠤᠷᠢᠳᠠᠪᠠᠷ ᠬᠢᠨᠠᠨ ᠪᠠᠶᠢᠴᠠᠭᠠᠭᠴᠢ ᠪᠠᠷ ᠵᠥᠪᠰᠢᠶᠡᠷᠡᠭᠦᠯᠬᠦ ᠬᠡᠷᠡᠭᠲᠡᠶ᠃ | | ᠲᠣᠭᠲᠠᠭᠠᠭᠰᠠᠨ ᠦᠨᠳᠦᠰᠦᠯᠡᠯ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠢᠭᠦᠯᠡᠰᠦᠩᠭᠦᠶ ᠦᠢᠯᠡᠰ ᠤᠨ ᠬᠠᠤᠯᠢ︾ ᠶᠢᠨ | ᠳᠥᠴᠢᠨ ᠲᠠᠪᠤᠳᠤᠭᠠᠷ ᠵᠤᠷᠪᠤᠰ ᠲᠤ᠂ ᠨᠠᠶᠢᠳᠠᠯᠭ᠎ᠠ ᠬᠦᠯᠢᠶᠡᠭᠴᠢ ᠨᠢᠭᠦᠯᠡᠰᠦᠩᠭᠦᠶ ᠦᠢᠯᠡᠰ ᠤᠨ ᠢᠲᠡᠭᠡᠮᠵᠢᠲᠦ | ᠨᠠᠶᠢᠳᠠᠯᠭ᠎ᠠ ᠶᠢᠨ ᠪᠢᠴᠢᠭ ᠮᠠᠲ᠋ᠧᠷᠢᠶᠠᠯ ᠳᠤ ᠭᠠᠷ ᠤᠨ ᠦᠰᠦᠭ ᠵᠢᠷᠤᠭᠰᠠᠨ ᠡᠳᠦᠷ ᠠᠴᠠ ᠡᠬᠢᠯᠡᠨ ᠲᠤᠯᠤᠭᠠᠨ | ᠡᠳᠦᠷ ᠤᠨ ᠳᠣᠲᠣᠷ᠎ᠠ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠢᠶᠠᠨ ᠨᠠᠶᠢᠳᠠᠯᠭ᠎ᠠ ᠬᠦᠯᠢᠶᠡᠭᠴᠢ ᠶᠢᠨ ᠪᠠᠶᠢᠭ᠎ᠠ | ᠭᠠᠵᠠᠷ ᠤᠨ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠠᠷᠠᠳ ᠤᠨ ᠶᠠᠪᠤᠳᠠᠯ ᠤᠨ | ᠰᠠᠯᠠᠭ᠎ᠠ ᠮᠥᠴᠢᠷ ᠲᠤ ᠳᠠᠩᠰᠠᠯᠠᠭᠤᠯᠬᠤ ᠬᠡᠷᠡᠭᠲᠡᠶ᠃ | | ᠭᠦᠢᠴᠡᠳᠬᠡᠬᠦ ᠭᠠᠵᠠᠷ᠄ ᠠᠷᠤ ᠬᠤᠷᠴᠢᠨ ᠬᠤᠰᠢᠭᠤᠨ ᠤ ᠲᠢᠶᠠᠨ ᠶᠤᠸᠠᠨ ᠶᠡᠭᠡ ᠵᠡᠭᠡᠯᠢ ᠶᠢᠨ ᠬᠤᠶᠢᠲᠤ | ᠲᠠᠯ᠎ᠠ ᠶᠢᠨ 45 ᠳ᠋ᠤᠭᠠᠷ ᠨᠤᠮᠧᠷ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠬᠤᠶᠠᠳᠤᠭᠠᠷ | ᠳᠠᠪᠬᠤᠷᠯᠢᠭ ᠤᠨ 29 ᠳ᠋ᠦ᠋ᠭᠡᠷ ᠴᠣᠩᠬᠤ | ᠭᠦᠢᠴᠡᠳᠬᠡᠬᠦ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ ᠦᠳᠡ ᠶᠢᠨ ᠡᠮᠦᠨᠡᠬᠢ 8᠄ 30 | — 11᠄ 30᠂ ᠦᠳᠡ ᠶᠢᠨ ᠬᠤᠶᠢᠨᠠᠬᠢ 14᠄ 30 — 17᠄ 30 ︵ᠬᠠᠤᠯᠢ ᠪᠠᠷ ᠲᠣᠭᠲᠠᠭᠠᠭᠰᠠᠨ | ᠪᠠᠶᠠᠷ ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠠᠴᠠ ᠭᠠᠳᠠᠨ᠎ᠠ︶ | | ᠨᠡᠶᠢᠲᠡ ᠶᠢᠨ ᠮᠠᠰᠢᠨ ᠲᠡᠷᠭᠡᠨ ᠤ ᠵᠠᠮ ᠱᠤᠭᠤᠮ᠄ ᠴᠢᠪᠠᠭ᠎ᠠ ᠪᠠᠯᠭᠠᠰᠤᠨ ᠤ 2᠂ 3 ᠳ᠋ᠤᠭᠠᠷ ᠵᠠᠮ ᠤᠨ | ᠨᠡᠶᠢᠲᠡ ᠶᠢᠨ ᠮᠠᠰᠢᠨ ᠲᠡᠷᠭᠡᠨ ᠳᠤ ᠰᠠᠭᠤᠵᠤ ᠵᠠᠮ ᠬᠠᠷᠢᠯᠴᠠᠭᠠᠨ ᠤ ᠲᠣᠪᠴᠢᠶ᠎ᠠ ᠶᠢᠨ ᠥᠷᠲᠡᠭᠡᠨ ᠳᠤ ᠪᠠᠭᠤᠨ᠎ᠠ᠂ 1 | ᠳ᠋ᠦ᠋ᠭᠡᠷ ᠵᠠᠮ ᠤᠨ ᠨᠡᠶᠢᠲᠡ ᠶᠢᠨ ᠮᠠᠰᠢᠨ ᠲᠡᠷᠭᠡᠨ ᠳᠤ ᠰᠠᠭᠤᠵᠤ ᠬᠤᠲᠠ ᠶᠢᠨ ᠪᠥᠲᠥᠭᠡᠨ ᠪᠠᠶᠢᠭᠤᠯᠤᠯᠲᠠ ᠶᠢᠨ | ᠲᠣᠪᠴᠢᠶ᠎ᠠ ᠶᠢᠨ ᠥᠷᠲᠡᠭᠡᠨ ᠳᠤ ᠪᠠᠭᠤᠨ᠎ᠠ᠂ ᠵᠡᠭᠦᠨᠰᠢ 100 ᠮᠧᠲᠷ ᠤᠨ ᠵᠠᠮ ᠤᠨ ᠬᠤᠶᠢᠲᠤ ᠲᠠᠯ᠎ᠠ | | | ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ ᠠᠴᠠ ᠣᠷᠴᠢᠭᠤᠯᠤᠨ | ᠨᠡᠶᠢᠲᠡᠯᠡᠪᠡ᠃ | | ᠨᠠᠷᠢᠨ ᠠᠭᠤᠯᠭ᠎ᠠ ᠶᠢ ᠨᠢ ᠳᠤᠤᠷᠠᠬᠢ ᠰᠦᠯᠵᠢᠶᠡᠨ ᠤ ᠬᠠᠶ᠋ᠢᠭ ᠢᠶᠠᠷ ᠦᠵᠡᠭᠡᠷᠡᠢ᠄ |