ᠨᠢᠭᠦᠯᠡᠰᠦᠩᠭᠦᠶ ᠦᠢᠯᠡᠰ ᠤᠨ ᠢᠲᠡᠭᠡᠮᠵᠢᠲᠦ ᠨᠠᠶᠢᠳᠠᠯᠭ᠎ᠠ ᠶᠢᠨ ᠳᠠᠩᠰᠠᠯᠠᠯᠲᠠ ᠶᠢ ᠬᠤᠪᠢᠷᠠᠭᠤᠯᠬᠤ
ᠨᠡᠶᠢᠲᠡᠯᠡᠭᠰᠡᠨ ᠴᠠᠭ᠄
2021/10/14
ᠬᠦᠯᠢᠶᠡᠨ ᠰᠢᠢᠳᠪᠦᠷᠢᠯᠡᠬᠦ ᠨᠥᠬᠦᠴᠡᠯ        ᠨᠢᠭᠦᠯᠡᠰᠦᠩᠭᠦᠶ ᠦᠢᠯᠡᠰ ᠤᠨ ᠢᠲᠡᠭᠡᠮᠵᠢᠲᠦ ᠨᠠᠶᠢᠳᠠᠯᠭ᠎ᠠ ᠶᠢᠨ ᠳᠠᠩᠰᠠᠯᠠᠭᠤᠯᠤᠯᠲᠠ ᠶᠢ ᠬᠤᠪᠢᠷᠠᠭᠤᠯᠬᠤ ᠶᠢ ᠬᠦᠯᠢᠶᠡᠨ ᠠᠪᠴᠤ ᠰᠢᠢᠳᠪᠦᠷᠢᠯᠡᠬᠦ ᠨᠥᠬᠦᠴᠡᠯ᠄ ᠨᠢᠭᠦᠯᠡᠰᠦᠩᠭᠦᠶ ᠦᠢᠯᠡᠰ ᠤᠨ ᠬᠠᠤᠯᠢ᠂ ᠨᠢᠭᠦᠯᠡᠰᠦᠩᠭᠦᠶ ᠦᠢᠯᠡᠰ ᠤᠨ ᠢᠲᠡᠭᠡᠮᠵᠢᠲᠦ ᠨᠠᠶᠢᠳᠠᠯᠭ᠎ᠠ ᠶᠢᠨ ᠬᠠᠮᠢᠶᠠᠷᠤᠯᠲᠠ ᠶᠢᠨ ᠠᠷᠭ᠎ᠠ ᠶᠢ ᠦᠨᠳᠦᠰᠦᠯᠡᠪᠡᠯ᠂ ᠬᠤᠪᠢᠷᠠᠭᠤᠯᠬᠤ ᠴᠢᠬᠤᠯᠠ ᠲᠠᠢ ᠨᠢᠭᠦᠯᠡᠰᠦᠩᠭᠦᠶ ᠦᠢᠯᠡᠰ ᠤᠨ ᠢᠲᠡᠭᠡᠮᠵᠢᠲᠦ ᠨᠠᠶᠢᠳᠠᠯᠭ᠎ᠠ ᠶᠢᠨ ᠨᠠᠶᠢᠳᠠᠯᠭ᠎ᠠ ᠬᠦᠯᠢᠶᠡᠭᠴᠢ ᠨᠢ ᠤᠤᠯ ᠤᠨ ᠳᠠᠩᠰᠠᠯᠠᠭᠤᠯᠤᠭᠰᠠᠨ ᠪᠠᠶᠢᠭᠤᠯᠭ᠎ᠠ ᠳᠤ ᠬᠤᠪᠢᠷᠠᠭᠤᠯᠤᠨ ᠳᠠᠩᠰᠠᠯᠠᠭᠤᠯᠬᠤ ᠪᠠᠷ ᠭᠤᠶᠤᠴᠢᠯᠠᠨ᠎ᠠ᠃ ᠬᠤᠪᠢᠷᠠᠭᠤᠯᠬᠤ ᠪᠠᠷ ᠭᠤᠶᠤᠴᠢᠯᠠᠭᠰᠠᠨ ᠳᠠᠩᠰᠠᠯᠠᠯᠲᠠ ᠶᠢᠨ ᠮᠠᠲ᠋ᠧᠷᠢᠶᠠᠯ ᠨᠢ ᠱᠠᠭᠠᠷᠳᠠᠯᠭ᠎ᠠ ᠳᠤ ᠨᠡᠶᠢᠴᠡᠭᠰᠡᠨ ᠪᠠᠶᠢᠪᠠᠯ᠂ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠠᠴᠠ 7 ᠡᠳᠦᠷ ᠤᠨ ᠳᠣᠲᠣᠷ᠎ᠠ ᠳᠠᠩᠰᠠᠯᠠᠭᠤᠯᠤᠭᠰᠠᠨ ᠬᠠᠷᠢᠭᠤ ᠪᠠᠷᠢᠮᠲᠠ ᠶᠢ ᠭᠠᠷᠭᠠᠵᠤ ᠥᠭᠭᠦᠨ᠎ᠡ᠂ ᠱᠠᠭᠠᠷᠳᠠᠯᠭ᠎ᠠ ᠳᠤ ᠨᠡᠶᠢᠴᠡᠬᠦ ᠦᠭᠡᠢ ᠪᠠᠶᠢᠪᠠᠯ᠂ 7 ᠡᠳᠦᠷ ᠤᠨ ᠳᠣᠲᠣᠷ᠎ᠠ ᠨᠠᠶᠢᠳᠠᠯᠭ᠎ᠠ ᠬᠦᠯᠢᠶᠡᠭᠴᠢ ᠳᠤ ᠬᠤᠯᠪᠣᠭᠳᠠᠯ ᠪᠦᠬᠦᠢ ᠮᠠᠲ᠋ᠧᠷᠢᠶᠠᠯ ᠢ ᠨᠥᠬᠦᠪᠥᠷᠢᠯᠡᠨ ᠵᠠᠯᠠᠷᠠᠭᠤᠯᠬᠤ ᠶᠢ ᠨᠢᠭᠡ ᠤᠳᠠᠭ᠎ᠠ ᠮᠡᠳᠡᠭᠳᠡᠨ᠎ᠡ᠃ ᠲᠣᠭᠲᠠᠭᠠᠭᠰᠠᠨ ᠦᠨᠳᠦᠰᠦᠯᠡᠯ        ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠢᠭᠦᠯᠡᠰᠦᠩᠭᠦᠶ ᠦᠢᠯᠡᠰ ᠤᠨ ᠬᠠᠤᠯᠢ︾ ᠶᠢᠨ ᠳᠥᠴᠢᠨ ᠲᠠᠪᠤᠳᠤᠭᠠᠷ ᠵᠤᠷᠪᠤᠰ ᠲᠤ᠂ ᠨᠠᠶᠢᠳᠠᠯᠭ᠎ᠠ ᠬᠦᠯᠢᠶᠡᠭᠴᠢ ᠨᠢᠭᠦᠯᠡᠰᠦᠩᠭᠦᠶ ᠦᠢᠯᠡᠰ ᠤᠨ ᠢᠲᠡᠭᠡᠮᠵᠢᠲᠦ ᠨᠠᠶᠢᠳᠠᠯᠭ᠎ᠠ ᠶᠢᠨ ᠪᠢᠴᠢᠭ ᠮᠠᠲ᠋ᠧᠷᠢᠶᠠᠯ ᠳᠤ ᠭᠠᠷ ᠤᠨ ᠦᠰᠦᠭ ᠵᠢᠷᠤᠭᠰᠠᠨ ᠡᠳᠦᠷ ᠠᠴᠠ ᠡᠬᠢᠯᠡᠨ ᠲᠤᠯᠤᠭᠠᠨ ᠡᠳᠦᠷ ᠤᠨ ᠳᠣᠲᠣᠷ᠎ᠠ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠢᠶᠠᠨ ᠨᠠᠶᠢᠳᠠᠯᠭ᠎ᠠ ᠬᠦᠯᠢᠶᠡᠭᠴᠢ ᠶᠢᠨ ᠪᠠᠶᠢᠭ᠎ᠠ ᠭᠠᠵᠠᠷ ᠤᠨ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠲᠤ ᠳᠠᠩᠰᠠᠯᠠᠭᠤᠯᠬᠤ ᠬᠡᠷᠡᠭᠲᠡᠶ᠃        ᠭᠦᠢᠴᠡᠳᠬᠡᠬᠦ ᠭᠠᠵᠠᠷ᠄ ᠠᠷᠤ ᠬᠤᠷᠴᠢᠨ ᠬᠤᠰᠢᠭᠤᠨ ᠤ ᠲᠢᠶᠠᠨ ᠶᠤᠸᠠᠨ ᠶᠡᠭᠡ ᠵᠡᠭᠡᠯᠢ ᠶᠢᠨ ᠬᠤᠶᠢᠲᠤ ᠲᠠᠯ᠎ᠠ ᠶᠢᠨ 45 ᠳ᠋ᠤᠭᠠᠷ ᠨᠤᠮᠧᠷ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠬᠤᠶᠠᠳᠤᠭᠠᠷ ᠳᠠᠪᠬᠤᠷᠯᠢᠭ ᠤᠨ 29 ᠳ᠋ᠦ᠋ᠭᠡᠷ ᠴᠣᠩᠬᠤ        ᠭᠦᠢᠴᠡᠳᠬᠡᠬᠦ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ ᠦᠳᠡ ᠶᠢᠨ ᠡᠮᠦᠨᠡᠬᠢ 8᠄ 30 — 11᠄ 30᠂ ᠦᠳᠡ ᠶᠢᠨ ᠬᠤᠶᠢᠨᠠᠬᠢ 14᠄ 30 — 17᠄ 30 ︵ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠠᠴᠠ ᠭᠠᠳᠠᠨ᠎ᠠ︶        ᠨᠡᠶᠢᠲᠡ ᠶᠢᠨ ᠮᠠᠰᠢᠨ ᠲᠡᠷᠭᠡᠨ ᠤ ᠵᠠᠮ ᠱᠤᠭᠤᠮ᠄  ᠴᠢᠪᠠᠭ᠎ᠠ ᠪᠠᠯᠭᠠᠰᠤᠨ ᠤ 2᠂ 3 ᠳ᠋ᠤᠭᠠᠷ ᠵᠠᠮ ᠤᠨ ᠨᠡᠶᠢᠲᠡ ᠶᠢᠨ ᠮᠠᠰᠢᠨ ᠲᠡᠷᠭᠡᠨ ᠳᠤ ᠰᠠᠭᠤᠵᠤ ᠵᠠᠮ ᠬᠠᠷᠢᠯᠴᠠᠭᠠᠨ ᠤ ᠲᠣᠪᠴᠢᠶ᠎ᠠ ᠶᠢᠨ ᠥᠷᠲᠡᠭᠡᠨ ᠳᠤ ᠪᠠᠭᠤᠨ᠎ᠠ᠂ 1 ᠳ᠋ᠦ᠋ᠭᠡᠷ ᠵᠠᠮ ᠤᠨ ᠨᠡᠶᠢᠲᠡ ᠶᠢᠨ ᠮᠠᠰᠢᠨ ᠲᠡᠷᠭᠡᠨ ᠳᠤ ᠰᠠᠭᠤᠵᠤ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠶᠢᠨ  ᠥᠷᠲᠡᠭᠡᠨ ᠳᠤ ᠪᠠᠭᠤᠨ᠎ᠠ᠂ ᠵᠡᠭᠦᠨᠰᠢ 100 ᠮᠧᠲᠷ ᠤᠨ ᠵᠠᠮ ᠤᠨ ᠬᠤᠶᠢᠲᠤ ᠲᠠᠯ᠎ᠠ        ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ ᠠᠴᠠ ᠣᠷᠴᠢᠭᠤᠯᠤᠨ ᠨᠡᠶᠢᠲᠡᠯᠡᠪᠡ᠃        ᠨᠠᠷᠢᠨ ᠠᠭᠤᠯᠭ᠎ᠠ ᠶᠢ ᠨᠢ ᠳᠤᠤᠷᠠᠬᠢ ᠰᠦᠯᠵᠢᠶᠡᠨ ᠤ ᠬᠠᠶ᠋ᠢᠭ ᠢᠶᠠᠷ ᠦᠵᠡᠭᠡᠷᠡᠢ᠄
 
ᠢᠷᠡᠯᠲᠡ᠄ ᠠᠷᠤ ᠬᠣᠷᠴᠢᠨ ᠬᠤᠰᠢᠭᠤᠨ ᠵᠠᠰᠠᠭ ᠤᠨ ᠣᠷᠳᠣᠨ ᠤ ᠮᠣᠩᠭᠣᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号