ᠬᠦᠯᠢᠶᠡᠨ ᠰᠢᠢᠳᠪᠦᠷᠢᠯᠡᠬᠦ ᠨᠥᠬᠦᠴᠡᠯ | ᠬᠦᠴᠢᠷᠳᠡᠯᠲᠡᠢ ᠵᠡᠮᠳᠡᠭᠴᠦᠳ ᠤᠨ ᠠᠮᠢᠳᠤᠷᠠᠯ ᠤᠨ ᠨᠥᠬᠦᠪᠥᠷᠢ ᠶᠢ ᠭᠤᠤᠯᠳᠠᠭᠤ ᠵᠡᠮᠳᠡᠭᠴᠦᠳ ᠤᠨ | ᠵᠡᠮᠳᠡᠭ ᠠᠴᠠ ᠪᠣᠯᠤᠭᠰᠠᠨ ᠠᠮᠢᠳᠤᠷᠠᠯ ᠤᠨ ᠢᠯᠡᠭᠦᠴᠡ ᠵᠠᠷᠤᠯᠭ᠎ᠠ ᠳᠤ ᠨᠥᠬᠦᠪᠥᠷᠢᠯᠡᠵᠦ᠂ ᠠᠮᠢᠳᠤᠷᠠᠯ ᠤᠨ ᠨᠠᠭᠠᠳᠤ | ᠵᠠᠬ᠎ᠠ ᠶᠢᠨ ᠪᠠᠲᠤᠯᠠᠭ᠎ᠠ ᠭᠥᠷᠳᠡᠵᠦ ᠪᠠᠶᠢᠭ᠎ᠠ ᠬᠡᠷ ᠪᠦᠯᠢ ᠶᠢᠨ ᠳᠣᠲᠣᠷᠠᠬᠢ ᠵᠡᠮᠳᠡᠭᠴᠦᠳ ᠲᠤ ᠨᠥᠬᠦᠪᠥᠷᠢᠯᠡᠵᠦ᠂ | ᠨᠥᠬᠦᠴᠡᠯ ᠲᠠᠢ ᠭᠠᠵᠠᠷ ᠣᠷᠣᠨ ᠨᠢ ᠣᠷᠣᠯᠭ᠎ᠠ ᠪᠠᠭᠠᠲᠠᠶ ᠵᠡᠮᠳᠡᠭᠴᠦᠳ ᠵᠢᠴᠢ ᠪᠤᠰᠤᠳ ᠬᠦᠴᠢᠷᠳᠡᠯᠲᠡᠢ | ᠵᠡᠮᠳᠡᠭᠴᠦᠳ ᠲᠤ ᠬᠦᠷᠲᠡᠯ᠎ᠡ ᠠᠯᠬᠤᠮ ᠠᠯᠬᠤᠮ ᠢᠶᠠᠷ ᠥᠷᠭᠡᠳᠬᠡᠵᠦ ᠪᠣᠯᠤᠨ᠎ᠠ᠃ | | ᠲᠣᠭᠲᠠᠭᠠᠭᠰᠠᠨ ᠦᠨᠳᠦᠰᠦᠯᠡᠯ | ︽ᠬᠦᠴᠢᠷᠳᠡᠯᠲᠡᠶ ᠵᠡᠮᠳᠡᠭᠴᠦᠳ ᠤᠨ ᠠᠮᠢᠳᠤᠷᠠᠯ ᠤᠨ ᠨᠥᠬᠦᠪᠥᠷᠢ ᠪᠠ ᠬᠦᠨᠳᠦ ᠵᠡᠮᠳᠡᠭᠴᠦᠳ ᠤᠨ | ᠰᠤᠪᠢᠯᠠᠯᠲᠠ ᠶᠢᠨ ᠨᠥᠬᠦᠪᠥᠷᠢ ᠶᠢᠨ ᠲᠦᠷᠢᠮ ᠢ ᠪᠥᠬᠦ ᠲᠠᠯ᠎ᠠ ᠪᠠᠷ ᠪᠠᠶᠢᠭᠤᠯᠬᠤ ᠲᠤᠬᠠᠶ ᠲᠥᠷᠥ ᠶᠢᠨ ᠶᠠᠪᠤᠳᠠᠯ ᠤᠨ | ᠬᠤᠷᠢᠶ᠎ᠠ ᠶᠢᠨ ᠰᠠᠨᠠᠯ︾ ︵ᠲᠥᠷᠥ ᠲᠠᠷᠬᠠᠭᠠᠭᠰᠠᠨ ︹ 2015 ︺ 52 ᠳ᠋ᠤᠭᠠᠷ ᠲᠣᠭᠠᠲᠤ︶ ᠤᠨ ᠬᠤᠶᠠᠷ᠂ | ᠭᠤᠤᠯ ᠠᠭᠤᠯᠭ᠎ᠠ ︵ᠨᠢᠭᠡ︶ ᠨᠥᠬᠦᠪᠥᠷᠢ ᠣᠯᠭᠤᠬᠤ ᠡᠲᠡᠭᠡᠳ᠃ ᠬᠦᠴᠢᠷᠳᠡᠯᠲᠡᠢ ᠵᠡᠮᠳᠡᠭᠴᠦᠳ ᠤᠨ ᠠᠮᠢᠳᠤᠷᠠᠯ ᠤᠨ | ᠨᠥᠬᠦᠪᠥᠷᠢ ᠶᠢ ᠭᠤᠤᠯᠳᠠᠭᠤ ᠵᠡᠮᠳᠡᠭ ᠠᠴᠠ ᠪᠣᠯᠤᠭᠰᠠᠨ ᠵᠡᠮᠳᠡᠭᠴᠦᠳ ᠤᠨ ᠠᠮᠢᠳᠤᠷᠠᠯ ᠤᠨ ᠢᠯᠡᠭᠦᠴᠡ ᠵᠠᠷᠤᠯᠭ᠎ᠠ ᠳᠤ | ᠨᠥᠬᠦᠪᠥᠷᠢᠯᠡᠵᠦ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠭᠥᠷᠳᠡᠵᠦ ᠪᠠᠶᠢᠭ᠎ᠠ ᠬᠡᠷ ᠪᠦᠯᠢ ᠶᠢᠨ ᠳᠣᠲᠣᠷᠠᠬᠢ | ᠵᠡᠮᠳᠡᠭᠴᠦᠳ ᠲᠤ ᠨᠥᠬᠦᠪᠥᠷᠢᠯᠡᠵᠦ᠂ ᠨᠥᠬᠦᠴᠡᠯ ᠲᠠᠢ ᠭᠠᠵᠠᠷ ᠣᠷᠣᠨ ᠨᠢ ᠣᠷᠣᠯᠭ᠎ᠠ ᠪᠠᠭᠠᠲᠠᠶ ᠵᠡᠮᠳᠡᠭᠴᠦᠳ ᠵᠢᠴᠢ | ᠪᠤᠰᠤᠳ ᠬᠦᠴᠢᠷᠳᠡᠯᠲᠡᠢ ᠵᠡᠮᠳᠡᠭᠴᠦᠳ ᠲᠤ ᠬᠦᠷᠲᠡᠯ᠎ᠡ ᠠᠯᠬᠤᠮ ᠠᠯᠬᠤᠮ ᠢᠶᠠᠷ ᠥᠷᠭᠡᠳᠬᠡᠵᠦ ᠪᠣᠯᠤᠨ᠎ᠠ᠃ | ᠣᠷᠣᠯᠭ᠎ᠠ ᠪᠠᠭᠠᠲᠠᠶ ᠵᠡᠮᠳᠡᠭᠴᠦᠳ ᠵᠢᠴᠢ ᠪᠤᠰᠤᠳ ᠬᠦᠴᠢᠷᠳᠡᠯᠲᠡᠶ ᠵᠡᠮᠳᠡᠭᠴᠦᠳ ᠢ ᠮᠠᠭᠠᠳᠯᠠᠨ ᠲᠣᠭᠲᠠᠭᠠᠬᠤ | ᠪᠠᠷᠢᠮᠵᠢᠶ᠎ᠠ ᠶᠢ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠠᠴᠠ | ᠬᠤᠯᠪᠣᠭᠳᠠᠯ ᠪᠦᠬᠦᠢ ᠲᠣᠭᠲᠠᠭᠠᠯ ᠢᠶᠠᠷ ᠯᠠᠪᠯᠠᠯᠲᠠ ᠪᠣᠯᠭᠠᠵᠤ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ | ᠲᠣᠭᠲᠠᠭᠠᠨ᠎ᠠ᠃ ᠬᠦᠨᠳᠦ ᠳᠡᠰ ᠤᠨ ᠵᠡᠮᠳᠡᠭᠴᠦᠳ ᠤᠨ ᠰᠤᠪᠢᠯᠠᠯᠲᠠ ᠶᠢᠨ ᠨᠥᠬᠦᠪᠥᠷᠢ ᠨᠢ ᠭᠤᠣᠯᠳᠠᠭᠤ | ᠵᠡᠮᠳᠡᠭᠴᠦᠳ ᠤᠨ ᠵᠡᠮᠳᠡᠭ ᠠᠴᠠ ᠪᠣᠯᠤᠭᠰᠠᠨ ᠤᠷᠲᠤ ᠬᠤᠭᠤᠴᠠᠭᠠᠨ ᠤ ᠰᠤᠪᠢᠯᠠᠯᠲᠠ ᠶᠢᠨ ᠢᠯᠡᠭᠦᠴᠡ ᠵᠠᠷᠤᠯᠭ᠎ᠠ ᠳᠤ | ᠨᠥᠬᠦᠪᠥᠷᠢ ᠥᠭᠴᠦ᠂ ᠵᠡᠮᠳᠡᠭ ᠤᠨ ᠲᠠᠰ ᠨᠢ ᠨᠢᠭᠡᠳᠦᠭᠡᠷ ᠳᠡᠰ᠂ ᠬᠤᠶᠠᠳᠤᠭᠠᠷ ᠳᠡᠰ ᠢᠶᠠᠷ ᠲᠣᠭᠳᠠᠭᠠᠭᠳᠠᠭᠰᠠᠨ | ᠮᠥᠷᠲᠡᠭᠡᠨ ᠣᠷᠳᠣ ᠬᠤᠭᠤᠴᠠᠭ᠎ᠠ ᠪᠠᠷ ᠬᠠᠷᠠᠭᠠᠯᠵᠠᠨ ᠠᠰᠠᠷᠠᠬᠤ ᠴᠢᠬᠤᠯᠠᠲᠠᠶ ᠬᠦᠨᠳᠦ ᠳᠡᠰ ᠤᠨ ᠵᠡᠮᠳᠡᠭ ᠬᠥᠮᠦᠨ | ᠪᠠᠶᠢᠪᠠᠯ᠂ ᠨᠥᠬᠦᠴᠡᠯ ᠲᠠᠢ ᠭᠠᠵᠠᠷ ᠣᠷᠣᠨ ᠨᠢ ᠬᠦᠨᠳᠦ ᠪᠤᠰᠤ ᠣᠶᠤᠨ ᠤᠬᠠᠭᠠᠨ ᠪᠠ ᠣᠶᠤᠨ ᠮᠡᠳᠡᠷᠡᠯ ᠵᠡᠮᠳᠡᠭ | ᠬᠥᠮᠦᠨ ᠪᠤᠶᠤ ᠪᠤᠰᠤᠳ ᠵᠡᠮᠳᠡᠭ ᠬᠥᠮᠦᠨ ᠳᠤ ᠬᠦᠷᠲᠡᠯ᠎ᠡ ᠥᠷᠭᠡᠳᠬᠡᠵᠦ᠂ ᠣᠷᠳᠣ ᠬᠤᠭᠤᠴᠠᠭ᠎ᠠ ᠪᠠᠷ ᠬᠠᠷᠠᠭᠠᠯᠵᠠᠨ | ᠠᠰᠠᠷᠠᠬᠤ ᠴᠢᠬᠤᠯᠠᠲᠠᠶ ᠪᠦᠬᠦᠶᠢᠯᠡ ᠵᠡᠮᠳᠡᠭᠴᠦᠳ ᠲᠤ ᠬᠠᠨᠳᠤᠭᠤᠯᠤᠭᠰᠠᠨ ᠠᠰᠠᠷᠠᠨ ᠰᠤᠪᠢᠯᠠᠬᠤ ᠨᠥᠬᠦᠪᠥᠷᠢ ᠶᠢᠨ | ᠲᠦᠷᠢᠮ ᠢ ᠪᠠᠶᠢᠭᠤᠯᠬᠤ ᠶᠢ ᠠᠯᠬᠤᠮ ᠠᠯᠬᠤᠮ ᠢᠶᠠᠷ ᠠᠬᠢᠭᠤᠯᠤᠨ᠎ᠠ᠃ ᠣᠷᠳᠣ ᠬᠤᠭᠤᠴᠠᠭ᠎ᠠ ᠪᠠᠷ ᠬᠠᠷᠠᠭᠠᠯᠵᠠᠨ | ᠠᠰᠠᠷᠠᠬᠤ ᠭᠡᠳᠡᠭ ᠨᠢ ᠵᠡᠮᠳᠡᠭ ᠠᠴᠠ ᠪᠣᠯᠤᠭᠰᠠᠨ ᠤᠨᠴᠠᠭᠠᠢ ᠰᠤᠪᠢᠯᠠᠯᠲᠠ ᠶᠢᠨ ᠬᠡᠷᠡᠭᠯᠡᠭᠡᠨ ᠤ ᠵᠦᠢᠯ ᠪᠠ ᠬᠠᠷᠠᠭᠠᠯᠵᠠᠨ | ᠠᠰᠠᠷᠠᠬᠤ ᠦᠢᠯᠡᠴᠢᠯᠡᠭᠡᠨ ᠤ ᠵᠠᠷᠤᠯᠭ᠎ᠠ ᠶᠢ 6 ᠰᠠᠷ᠎ᠠ ᠠᠴᠠ ᠳᠡᠭᠡᠭᠰᠢ ᠦᠷᠭᠦᠯᠵᠢᠯᠡᠭᠦᠯᠬᠦ ᠶᠢ ᠵᠢᠭᠠᠵᠤ ᠪᠣᠶ᠃ | | ᠰᠦᠢᠳᠬᠡᠯ ᠬᠤᠷᠢᠶᠠᠬᠤ ᠪᠠᠷᠢᠮᠵᠢᠶ᠎ᠠ ᠪᠣᠯᠤᠨ ᠦᠨᠳᠦᠰᠦᠯᠡᠯ | ᠰᠦᠢᠳᠬᠡᠯ ᠬᠤᠷᠢᠶᠠᠬᠤ ᠪᠠᠷᠢᠮᠵᠢᠶ᠎ᠠ ᠪᠠ ᠦᠨᠳᠦᠰᠦᠯᠡᠯ ᠲᠦᠷ ᠪᠠᠶᠢᠬᠤ ᠦᠭᠡᠢ᠃ | | ᠭᠦᠢᠴᠡᠳᠬᠡᠬᠦ ᠭᠠᠵᠠᠷ᠄ ᠠᠷᠤ ᠬᠤᠷᠴᠢᠨ ᠬᠤᠰᠢᠭᠤᠨ ᠤ ᠲᠢᠶᠠᠨ ᠶᠤᠸᠠᠨ ᠶᠡᠭᠡ ᠵᠡᠭᠡᠯᠢ ᠶᠢᠨ ᠬᠤᠶᠢᠲᠤ | ᠲᠠᠯ᠎ᠠ ᠶᠢᠨ 45 ᠳ᠋ᠤᠭᠠᠷ ᠨᠤᠮᠧᠷ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠬᠤᠶᠠᠳᠤᠭᠠᠷ | ᠳᠠᠪᠬᠤᠷᠯᠢᠭ ᠤᠨ 29 ᠳ᠋ᠦ᠋ᠭᠡᠷ ᠴᠣᠩᠬᠤ | | ᠭᠦᠢᠴᠡᠳᠬᠡᠬᠦ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ ᠦᠳᠡ ᠶᠢᠨ ᠡᠮᠦᠨᠡᠬᠢ 8᠄ | 30— 11᠄ 30᠂ ᠦᠳᠡ ᠶᠢᠨ ᠬᠤᠶᠢᠨᠠᠬᠢ 14᠄ 30 — 17᠄ 30 ︵ᠬᠠᠤᠯᠢ ᠪᠠᠷ ᠲᠣᠭᠲᠠᠭᠠᠭᠰᠠᠨ | ᠪᠠᠶᠠᠷ ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠠᠴᠠ ᠭᠠᠳᠠᠨ᠎ᠠ︶ | | ᠨᠡᠶᠢᠲᠡ ᠶᠢᠨ ᠮᠠᠰᠢᠨ ᠲᠡᠷᠭᠡᠨ ᠤ ᠵᠠᠮ ᠱᠤᠭᠤᠮ᠄ ᠴᠢᠪᠠᠭ᠎ᠠ ᠪᠠᠯᠭᠠᠰᠤᠨ ᠤ 2᠂ 3 ᠳ᠋ᠤᠭᠠᠷ ᠵᠠᠮ ᠤᠨ | ᠨᠡᠶᠢᠲᠡ ᠶᠢᠨ ᠮᠠᠰᠢᠨ ᠲᠡᠷᠭᠡᠨ ᠳᠤ ᠰᠠᠭᠤᠵᠤ ᠵᠠᠮ ᠬᠠᠷᠢᠯᠴᠠᠭᠠᠨ ᠤ ᠲᠣᠪᠴᠢᠶ᠎ᠠ ᠶᠢᠨ ᠥᠷᠲᠡᠭᠡᠨ ᠳᠤ ᠪᠠᠭᠤᠨ᠎ᠠ᠂ 1 | ᠳ᠋ᠤᠭᠡᠷ ᠵᠠᠮ ᠤᠨ ᠨᠡᠶᠢᠲᠡ ᠶᠢᠨ ᠮᠠᠰᠢᠨ ᠲᠡᠷᠭᠡᠨ ᠳᠤ ᠰᠠᠭᠤᠵᠤ ᠬᠤᠲᠠ ᠶᠢᠨ ᠪᠥᠲᠥᠭᠡᠨ | ᠪᠠᠶᠢᠭᠤᠯᠤᠯᠲᠠ ᠶᠢᠨ ᠲᠣᠪᠴᠢᠶ᠎ᠠ ᠶᠢᠨ ᠥᠷᠲᠡᠭᠡᠨ ᠳᠤ ᠪᠠᠭᠤᠨ᠎ᠠ᠂ ᠵᠡᠭᠦᠨᠰᠢ 100 ᠮᠧᠲᠷ ᠤᠨ ᠵᠠᠮ ᠤᠨ ᠬᠤᠶᠢᠲᠤ | ᠲᠠᠯ᠎ᠠ | | | ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ ᠠᠴᠠ ᠣᠷᠴᠢᠭᠤᠯᠤᠨ | ᠨᠡᠶᠢᠲᠡᠯᠡᠪᠡ᠃ | | ᠨᠠᠷᠢᠨ ᠠᠭᠤᠯᠭ᠎ᠠ ᠶᠢ ᠨᠢ ᠳᠤᠤᠷᠠᠬᠢ ᠰᠦᠯᠵᠢᠶᠡᠨ ᠤ ᠬᠠᠶ᠋ᠢᠭ ᠢᠶᠠᠷ ᠦᠵᠡᠭᠡᠷᠡᠢ᠄ |