ᠬᠦᠨᠳᠦ ᠳᠡᠰ ᠤᠨ ᠵᠡᠮᠳᠡᠭᠴᠦᠳ ᠤᠨ ᠰᠤᠪᠢᠯᠠᠯᠲᠠ ᠶᠢᠨ ᠨᠥᠬᠦᠪᠥᠷᠢ
ᠨᠡᠶᠢᠲᠡᠯᠡᠭᠰᠡᠨ ᠴᠠᠭ᠄
2021/10/14
ᠬᠦᠯᠢᠶᠡᠨ ᠰᠢᠢᠳᠪᠦᠷᠢᠯᠡᠬᠦ ᠨᠥᠬᠦᠴᠡᠯ        ᠬᠦᠨᠳᠦ ᠳᠡᠰ ᠤᠨ ᠵᠡᠮᠳᠡᠭᠴᠦᠳ ᠤᠨ ᠰᠤᠪᠢᠯᠠᠯᠲᠠ ᠶᠢᠨ ᠨᠥᠬᠦᠪᠥᠷᠢ ᠨᠢ ᠭᠤᠣᠯᠳᠠᠭᠤ ᠵᠡᠮᠳᠡᠭᠴᠦᠳ ᠤᠨ ᠵᠡᠮᠳᠡᠭ ᠠᠴᠠ ᠪᠣᠯᠤᠭᠰᠠᠨ ᠤᠷᠲᠤ ᠬᠤᠭᠤᠴᠠᠭᠠᠨ ᠤ ᠰᠤᠪᠢᠯᠠᠯᠲᠠ ᠶᠢᠨ ᠢᠯᠡᠭᠦᠴᠡ ᠵᠠᠷᠤᠯᠭ᠎ᠠ ᠳᠤ ᠨᠥᠬᠦᠪᠥᠷᠢ ᠥᠭᠴᠦ᠂ ᠵᠡᠮᠳᠡᠭ ᠤᠨ ᠲᠠᠰ ᠨᠢ ᠨᠢᠭᠡᠳᠦᠭᠡᠷ ᠳᠡᠰ᠂ ᠬᠤᠶᠠᠳᠤᠭᠠᠷ ᠳᠡᠰ ᠢᠶᠠᠷ ᠲᠣᠭᠳᠠᠭᠠᠭᠳᠠᠭᠰᠠᠨ ᠮᠥᠷᠲᠡᠭᠡᠨ ᠣᠷᠳᠣ ᠬᠤᠭᠤᠴᠠᠭ᠎ᠠ ᠪᠠᠷ ᠬᠠᠷᠠᠭᠠᠯᠵᠠᠨ ᠠᠰᠠᠷᠠᠬᠤ ᠴᠢᠬᠤᠯᠠᠲᠠᠶ ᠬᠦᠨᠳᠦ ᠵᠡᠮᠳᠡᠭ ᠬᠥᠮᠦᠨ ᠪᠠᠶᠢᠪᠠᠯ᠂ ᠨᠥᠬᠦᠴᠡᠯ ᠲᠠᠢ ᠭᠠᠵᠠᠷ ᠣᠷᠣᠨ ᠨᠢ ᠬᠦᠨᠳᠦ ᠪᠤᠰᠤ ᠣᠶᠤᠨ ᠤ ᠪᠠ ᠣᠶᠤᠨ ᠮᠡᠳᠡᠷᠡᠯ ᠤᠨ ᠵᠡᠮᠳᠡᠭ ᠬᠥᠮᠦᠨ ᠪᠤᠶᠤ ᠪᠤᠰᠤᠳ ᠵᠡᠮᠳᠡᠭ ᠬᠥᠮᠦᠨ ᠳᠤ ᠬᠦᠷᠲᠡᠯ᠎ᠡ ᠥᠷᠭᠡᠳᠬᠡᠵᠦ᠂ ᠣᠷᠳᠣ ᠬᠤᠭᠤᠴᠠᠭ᠎ᠠ ᠪᠠᠷ  ᠠᠰᠠᠷᠠᠨ ᠬᠠᠷᠠᠭᠠᠯᠵᠠᠬᠤ ᠴᠢᠬᠤᠯᠠᠲᠠᠶ ᠪᠦᠬᠦᠶᠢᠯᠡ ᠵᠡᠮᠳᠡᠭᠴᠦᠳ ᠲᠤ ᠬᠠᠨᠳᠤᠭᠤᠯᠤᠭᠰᠠᠨ ᠠᠰᠠᠷᠠᠨ ᠰᠤᠪᠢᠯᠠᠬᠤ ᠨᠥᠬᠦᠪᠥᠷᠢ ᠶᠢᠨ ᠲᠦᠷᠢᠮ ᠢ ᠪᠠᠶᠢᠭᠤᠯᠬᠤ ᠶᠢ ᠠᠯᠬᠤᠮ ᠠᠯᠬᠤᠮ ᠢᠶᠠᠷ ᠠᠬᠢᠭᠤᠯᠤᠨ᠎ᠠ᠃ ᠣᠷᠳᠣ ᠬᠤᠭᠤᠴᠠᠭ᠎ᠠ ᠪᠠᠷ ᠬᠠᠷᠠᠭᠠᠯᠵᠠᠨ ᠠᠰᠠᠷᠠᠬᠤ ᠭᠡᠳᠡᠭ ᠨᠢ ᠵᠡᠮᠳᠡᠭ ᠠᠴᠠ ᠪᠣᠯᠤᠭᠰᠠᠨ ᠤᠨᠴᠠᠭᠠᠢ ᠰᠤᠪᠢᠯᠠᠬᠤ ᠬᠡᠷᠡᠭᠯᠡᠭᠡᠨ ᠤ ᠵᠦᠢᠯ ᠪᠠ ᠬᠠᠷᠠᠭᠠᠯᠵᠠᠨ ᠠᠰᠠᠷᠠᠬᠤ ᠦᠢᠯᠡᠴᠢᠯᠡᠭᠡᠨ ᠤ ᠵᠠᠷᠤᠯᠭ᠎ᠠ ᠶᠢ 6 ᠰᠠᠷ᠎ᠠ ᠠᠴᠠ ᠳᠡᠭᠡᠭᠰᠢ ᠦᠷᠭᠦᠯᠵᠢᠯᠡᠭᠦᠯᠬᠦ ᠶᠢ ᠵᠢᠭᠠᠵᠤ ᠪᠣᠶ᠃ ᠲᠣᠭᠲᠠᠭᠠᠭᠰᠠᠨ ᠦᠨᠳᠦᠰᠦᠯᠡᠯ        ︽ᠬᠦᠴᠢᠷᠳᠡᠯᠲᠡᠶ ᠵᠡᠮᠳᠡᠭᠴᠦᠳ ᠤᠨ ᠠᠮᠢᠳᠤᠷᠠᠯ ᠤᠨ ᠨᠥᠬᠦᠪᠥᠷᠢ ᠪᠠ ᠬᠦᠨᠳᠦ ᠵᠡᠮᠳᠡᠭᠴᠦᠳ ᠤᠨ ᠰᠤᠪᠢᠯᠠᠯᠲᠠ ᠶᠢᠨ ᠨᠥᠬᠦᠪᠥᠷᠢ ᠶᠢᠨ ᠲᠦᠷᠢᠮ ᠢ ᠪᠥᠬᠦ ᠲᠠᠯ᠎ᠠ ᠪᠠᠷ ᠪᠠᠶᠢᠭᠤᠯᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠠᠨᠠᠯ︾ ︵ᠲᠥᠷᠥ ᠲᠠᠷᠬᠠᠭᠠᠭᠰᠠᠨ ︹ 2015 ︺ 52 ᠳ᠋ᠤᠭᠠᠷ ᠲᠣᠭᠠᠲᠤ︶ ᠤᠨ ᠬᠤᠶᠠᠷ᠂ ᠭᠤᠤᠯ ᠠᠭᠤᠯᠭ᠎ᠠ ︵ᠨᠢᠭᠡ︶ ᠨᠥᠬᠦᠪᠥᠷᠢ ᠣᠯᠭᠤᠬᠤ ᠡᠲᠡᠭᠡᠳ᠃ ᠬᠦᠴᠢᠷᠳᠡᠯᠲᠡᠢ ᠵᠡᠮᠳᠡᠭᠴᠦᠳ ᠤᠨ ᠠᠮᠢᠳᠤᠷᠠᠯ ᠤᠨ ᠨᠥᠬᠦᠪᠥᠷᠢ ᠶᠢ ᠭᠤᠤᠯᠳᠠᠭᠤ ᠵᠡᠮᠳᠡᠭᠴᠦᠳ ᠤᠨ ᠵᠡᠮᠳᠡᠭ ᠠᠴᠠ ᠪᠣᠯᠤᠭᠰᠠᠨ ᠠᠮᠢᠳᠤᠷᠠᠯ ᠤᠨ ᠢᠯᠡᠭᠦᠴᠡ ᠵᠠᠷᠤᠯᠭ᠎ᠠ ᠳᠤ ᠨᠥᠬᠦᠪᠥᠷᠢᠯᠡᠵᠦ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠭᠥᠷᠳᠡᠵᠦ ᠪᠠᠶᠢᠭ᠎ᠠ ᠬᠡᠷ ᠪᠦᠯᠢ ᠶᠢᠨ ᠳᠣᠲᠣᠷᠠᠬᠢ ᠵᠡᠮᠳᠡᠭᠴᠦᠳ ᠲᠤ ᠨᠥᠬᠦᠪᠥᠷᠢᠯᠡᠵᠦ᠂ ᠨᠥᠬᠦᠴᠡᠯ ᠲᠠᠢ ᠭᠠᠵᠠᠷ ᠣᠷᠣᠨ ᠨᠢ ᠣᠷᠣᠯᠭ᠎ᠠ ᠪᠠᠭᠠᠲᠠᠶ ᠵᠡᠮᠳᠡᠭᠴᠦᠳ ᠵᠢᠴᠢ ᠪᠤᠰᠤᠳ ᠬᠦᠴᠢᠷᠳᠡᠯᠲᠡᠢ ᠵᠡᠮᠳᠡᠭᠴᠦᠳ ᠲᠤ ᠬᠦᠷᠲᠡᠯ᠎ᠡ ᠠᠯᠬᠤᠮ ᠠᠯᠬᠤᠮ ᠢᠶᠠᠷ ᠥᠷᠭᠡᠳᠬᠡᠵᠦ ᠪᠣᠯᠤᠨ᠎ᠠ᠃ ᠣᠷᠣᠯᠭ᠎ᠠ ᠪᠠᠭᠠᠲᠠᠶ ᠵᠡᠮᠳᠡᠭᠴᠦᠳ ᠵᠢᠴᠢ ᠪᠤᠰᠤᠳ ᠬᠦᠴᠢᠷᠳᠡᠯᠲᠡᠶ ᠵᠡᠮᠳᠡᠭᠴᠦᠳ ᠢ ᠮᠠᠭᠠᠳᠯᠠᠨ ᠲᠣᠭᠲᠠᠭᠠᠬᠤ ᠪᠠᠷᠢᠮᠵᠢᠶ᠎ᠠ ᠶᠢ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠠᠴᠠ ᠬᠤᠯᠪᠣᠭᠳᠠᠯ ᠪᠦᠬᠦᠢ ᠲᠣᠭᠲᠠᠭᠠᠯ ᠢᠶᠠᠷ ᠯᠠᠪᠯᠠᠯᠲᠠ ᠪᠣᠯᠭᠠᠵᠤ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠲᠣᠭᠲᠠᠭᠠᠨ᠎ᠠ᠃ ᠬᠦᠨᠳᠦ ᠳᠡᠰ ᠤᠨ ᠵᠡᠮᠳᠡᠭᠴᠦᠳ ᠤᠨ ᠰᠤᠪᠢᠯᠠᠯᠲᠠ ᠶᠢᠨ ᠨᠥᠬᠦᠪᠥᠷᠢ ᠨᠢ ᠭᠤᠣᠯᠳᠠᠭᠤ ᠵᠡᠮᠳᠡᠭᠴᠦᠳ ᠤᠨ ᠵᠡᠮᠳᠡᠭ ᠠᠴᠠ ᠪᠣᠯᠤᠭᠰᠠᠨ ᠤᠷᠲᠤ ᠬᠤᠭᠤᠴᠠᠭᠠᠨ ᠤ ᠰᠤᠪᠢᠯᠠᠯᠲᠠ ᠶᠢᠨ ᠢᠯᠡᠭᠦᠴᠡ ᠵᠠᠷᠤᠯᠭ᠎ᠠ ᠳᠤ ᠨᠥᠬᠦᠪᠥᠷᠢ ᠥᠭᠴᠦ᠂ ᠵᠡᠮᠳᠡᠭ ᠤᠨ ᠲᠠᠰ ᠨᠢ ᠨᠢᠭᠡᠳᠦᠭᠡᠷ ᠳᠡᠰ᠂ ᠬᠤᠶᠠᠳᠤᠭᠠᠷ ᠳᠡᠰ ᠢᠶᠠᠷ ᠲᠣᠭᠳᠠᠭᠠᠭᠳᠠᠭᠰᠠᠨ ᠮᠥᠷᠲᠡᠭᠡᠨ ᠣᠷᠳᠣ ᠬᠤᠭᠤᠴᠠᠭ᠎ᠠ ᠪᠠᠷ ᠬᠠᠷᠠᠭᠠᠯᠵᠠᠨ ᠠᠰᠠᠷᠠᠬᠤ ᠴᠢᠬᠤᠯᠠᠲᠠᠶ ᠬᠦᠨᠳᠦ ᠵᠡᠮᠳᠡᠭ ᠬᠥᠮᠦᠨ ᠪᠠᠶᠢᠪᠠᠯ᠂ ᠨᠥᠬᠦᠴᠡᠯ ᠲᠠᠢ ᠭᠠᠵᠠᠷ ᠣᠷᠣᠨ ᠨᠢ ᠬᠦᠨᠳᠦ ᠪᠤᠰᠤ ᠣᠶᠤᠨ ᠤ ᠪᠠ ᠣᠶᠤᠨ ᠮᠡᠳᠡᠷᠡᠯ ᠤᠨ ᠵᠡᠮᠳᠡᠭ ᠬᠥᠮᠦᠨ ᠪᠤᠶᠤ ᠪᠤᠰᠤᠳ ᠵᠡᠮᠳᠡᠭ ᠬᠥᠮᠦᠨ ᠳᠤ ᠬᠦᠷᠲᠡᠯ᠎ᠡ ᠥᠷᠭᠡᠳᠬᠡᠵᠦ᠂ ᠣᠷᠳᠣ ᠬᠤᠭᠤᠴᠠᠭ᠎ᠠ ᠪᠠᠷ ᠬᠠᠷᠠᠭᠠᠯᠵᠠᠨ ᠠᠰᠠᠷᠠᠬᠤ ᠴᠢᠬᠤᠯᠠᠲᠠᠶ ᠪᠦᠬᠦᠶᠢᠯᠡ ᠵᠡᠮᠳᠡᠭᠴᠦᠳ ᠲᠤ ᠬᠠᠨᠳᠤᠭᠤᠯᠤᠭᠰᠠᠨ ᠠᠰᠠᠷᠠᠨ ᠰᠤᠪᠢᠯᠠᠬᠤ ᠨᠥᠬᠦᠪᠥᠷᠢ ᠶᠢᠨ ᠲᠦᠷᠢᠮ ᠢ ᠪᠠᠶᠢᠭᠤᠯᠬᠤ ᠶᠢ ᠠᠯᠬᠤᠮ ᠠᠯᠬᠤᠮ ᠢᠶᠠᠷ ᠠᠬᠢᠭᠤᠯᠤᠨ᠎ᠠ᠃ ᠣᠷᠳᠣ ᠬᠤᠭᠤᠴᠠᠭ᠎ᠠ ᠪᠠᠷ ᠬᠠᠷᠠᠭᠠᠯᠵᠠᠨ ᠠᠰᠠᠷᠠᠬᠤ ᠭᠡᠳᠡᠭ ᠨᠢ ᠵᠡᠮᠳᠡᠭ ᠠᠴᠠ ᠪᠣᠯᠤᠭᠰᠠᠨ ᠤᠨᠴᠠᠭᠠᠢ ᠰᠤᠪᠢᠯᠠᠬᠤ ᠬᠡᠷᠡᠭᠯᠡᠭᠡᠨ ᠤ ᠵᠦᠢᠯ ᠪᠠ ᠠᠰᠠᠷᠠᠨ ᠬᠠᠷᠠᠭᠠᠯᠵᠠᠬᠤ ᠦᠢᠯᠡᠴᠢᠯᠡᠭᠡᠨ ᠤ ᠵᠠᠷᠤᠯᠭ᠎ᠠ ᠶᠢ 6 ᠰᠠᠷ᠎ᠠ ᠠᠴᠠ ᠳᠡᠭᠡᠭᠰᠢ ᠦᠷᠭᠦᠯᠵᠢᠯᠡᠭᠦᠯᠬᠦ ᠶᠢ ᠵᠢᠭᠠᠵᠤ ᠪᠣᠶ᠃ ᠰᠦᠢᠳᠬᠡᠯ ᠬᠤᠷᠢᠶᠠᠬᠤ ᠪᠠᠷᠢᠮᠵᠢᠶ᠎ᠠ ᠪᠣᠯᠤᠨ ᠦᠨᠳᠦᠰᠦᠯᠡᠯ        ᠰᠦᠢᠳᠬᠡᠯ ᠬᠤᠷᠢᠶᠠᠬᠤ ᠪᠠᠷᠢᠮᠵᠢᠶ᠎ᠠ ᠪᠠ ᠦᠨᠳᠦᠰᠦᠯᠡᠯ ᠲᠦᠷ ᠪᠠᠶᠢᠬᠤ ᠦᠭᠡᠢ        ᠭᠦᠢᠴᠡᠳᠬᠡᠬᠦ ᠭᠠᠵᠠᠷ᠄ ᠠᠷᠤ ᠬᠤᠷᠴᠢᠨ ᠬᠤᠰᠢᠭᠤᠨ ᠤ ᠲᠢᠶᠠᠨ ᠶᠤᠸᠠᠨ ᠶᠡᠭᠡ ᠵᠡᠭᠡᠯᠢ ᠶᠢᠨ ᠬᠤᠶᠢᠲᠤ ᠲᠠᠯ᠎ᠠ ᠶᠢᠨ 45 ᠳ᠋ᠤᠭᠠᠷ ᠨᠤᠮᠧᠷ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠬᠤᠶᠠᠳᠤᠭᠠᠷ ᠳᠠᠪᠬᠤᠷᠯᠢᠭ ᠤᠨ 29 ᠳ᠋ᠦ᠋ᠭᠡᠷ ᠴᠣᠩᠬᠤ        ᠭᠦᠢᠴᠡᠳᠬᠡᠬᠦ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ ᠦᠳᠡ ᠶᠢᠨ ᠡᠮᠦᠨᠡᠬᠢ 8᠄ 30— 11᠄ 30᠂ ᠦᠳᠡ ᠶᠢᠨ ᠬᠤᠶᠢᠨᠠᠬᠢ 14᠄ 30 — 17᠄ 30 ︵ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠠᠴᠠ ᠭᠠᠳᠠᠨ᠎ᠠ︶        ᠨᠡᠶᠢᠲᠡ ᠶᠢᠨ ᠮᠠᠰᠢᠨ ᠲᠡᠷᠭᠡᠨ ᠤ ᠵᠠᠮ ᠱᠤᠭᠤᠮ᠄ ᠴᠢᠪᠠᠭ᠎ᠠ ᠪᠠᠯᠭᠠᠰᠤᠨ ᠤ 2᠂ 3 ᠳ᠋ᠤᠭᠠᠷ ᠵᠠᠮ ᠤᠨ ᠨᠡᠶᠢᠲᠡ ᠶᠢᠨ ᠮᠠᠰᠢᠨ ᠲᠡᠷᠭᠡᠨ ᠳᠤ ᠰᠠᠭᠤᠵᠤ ᠵᠠᠮ ᠬᠠᠷᠢᠯᠴᠠᠭᠠᠨ ᠤ ᠲᠣᠪᠴᠢᠶ᠎ᠠ ᠶᠢᠨ ᠥᠷᠲᠡᠭᠡᠨ ᠳᠤ ᠪᠠᠭᠤᠨ᠎ᠠ᠂ 1 ᠳ᠋ᠤᠭᠡᠷ ᠵᠠᠮ ᠤᠨ ᠨᠡᠶᠢᠲᠡ ᠶᠢᠨ ᠮᠠᠰᠢᠨ ᠲᠡᠷᠭᠡᠨ ᠳᠤ ᠰᠠᠭᠤᠵᠤ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠥᠷᠲᠡᠭᠡᠨ ᠳᠤ ᠪᠠᠭᠤᠨ᠎ᠠ᠂ ᠵᠡᠭᠦᠨᠰᠢ 100 ᠮᠧᠲᠷ ᠤᠨ ᠵᠠᠮ ᠤᠨ ᠬᠤᠶᠢᠲᠤ ᠲᠠᠯ᠎ᠠ        ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ ᠠᠴᠠ ᠣᠷᠴᠢᠭᠤᠯᠤᠨ ᠨᠡᠶᠢᠲᠡᠯᠡᠪᠡ᠃        ᠨᠠᠷᠢᠨ ᠠᠭᠤᠯᠭ᠎ᠠ ᠶᠢ ᠨᠢ ᠳᠤᠤᠷᠠᠬᠢ ᠰᠦᠯᠵᠢᠶᠡᠨ ᠤ ᠬᠠᠶ᠋ᠢᠭ ᠢᠶᠠᠷ ᠦᠵᠡᠭᠡᠷᠡᠢ᠄
 
ᠢᠷᠡᠯᠲᠡ᠄ ᠠᠷᠤ ᠬᠣᠷᠴᠢᠨ ᠬᠤᠰᠢᠭᠤᠨ ᠵᠠᠰᠠᠭ ᠤᠨ ᠣᠷᠳᠣᠨ ᠤ ᠮᠣᠩᠭᠣᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号