ᠲᠦᠷ ᠴᠠᠭ ᠤᠨ ᠠᠪᠤᠷᠠᠨ ᠲᠤᠰᠠᠯᠠᠯᠲᠠ
ᠨᠡᠶᠢᠲᠡᠯᠡᠭᠰᠡᠨ ᠴᠠᠭ᠄
2021/10/15
ᠬᠦᠯᠢᠶᠡᠨ ᠰᠢᠢᠳᠪᠦᠷᠢᠯᠡᠬᠦ ᠨᠥᠬᠦᠴᠡᠯ        ︵ᠨᠢᠭᠡ︶ ᠵᠥᠪᠰᠢᠶᠡᠷᠡᠬᠦ ᠨᠥᠬᠦᠴᠡᠯ᠄ ᠲᠦᠷ ᠴᠠᠭ ᠤᠨ ᠲᠤᠰᠠᠯᠠᠮᠵᠢ ᠭᠤᠶᠤᠴᠢᠯᠠᠬᠤ ᠳᠤ᠂ ᠬᠦᠨᠳᠦ ᠲᠦᠭᠰᠢᠭᠦᠷᠢᠲᠡᠶ ᠡᠪᠡᠳᠴᠢᠨ ᠳᠤ ᠨᠡᠷᠪᠡᠭᠳᠡᠭᠰᠡᠨ᠂ ᠭᠠᠯ ᠤᠨ ᠠᠶᠤᠯ ᠵᠡᠷᠭᠡ ᠭᠡᠨᠡᠳᠲᠡ ᠶᠢᠨ ᠬᠡᠷᠡᠭ ᠶᠠᠪᠤᠳᠠᠯ ᠠᠴᠠ ᠪᠣᠯᠵᠤ ᠬᠡᠷ ᠪᠦᠯᠢ ᠶᠢᠨ ᠡᠳ᠋ ᠬᠥᠷᠥᠩᠭᠡ ᠳᠤ ᠬᠦᠨᠳᠦ ᠶᠡᠭᠡ ᠬᠤᠬᠢᠷᠠᠯ ᠤᠴᠠᠷᠠᠭᠤᠯᠤᠭᠰᠠᠨ ᠪᠠ ᠬᠡᠷ ᠪᠦᠯᠢ ᠶᠢᠨ ᠦᠨᠳᠦᠰᠦᠨ ᠠᠮᠢᠳᠤᠷᠠᠯ ᠢ ᠬᠦᠨᠳᠦ ᠨᠣᠴᠢᠲᠠᠶ ᠨᠥᠯᠥᠭᠡᠯᠡᠭᠰᠡᠨ᠂ ᠲᠡᠷᠭᠡᠨ ᠠᠳᠡᠯ ᠭᠠᠷᠤᠭᠰᠠᠨ᠂ ᠤᠰᠤᠨ ᠳᠤ ᠴᠠᠴᠠᠭᠰᠠᠨ ᠵᠡᠷᠭᠡ ᠰᠠᠨᠠᠭᠠᠨ ᠳᠤ ᠥᠬᠡᠶ ᠪᠡᠶ᠎ᠡ ᠮᠠᠬᠠᠪᠤᠳ ᠤᠨ ᠰᠢᠷᠬᠠᠲᠤᠯ ᠳᠤ ᠤᠴᠠᠷᠠᠭᠰᠠᠨ᠂ ᠬᠦᠨᠳᠦ ᠮᠡᠳᠡᠷᠡᠯ ᠤᠨ ᠡᠪᠡᠳᠴᠢᠲᠡᠨ᠂ ᠲᠡᠨᠦᠭᠦᠴᠢᠯᠡᠨ ᠭᠤᠶᠢᠷᠠᠨᠴᠢᠯᠠᠵᠤ ᠪᠠᠶᠢᠭ᠎ᠠ ᠵᠡᠷᠭᠡ ᠣᠨᠴᠠᠭᠠᠢ ᠬᠥᠮᠦᠰ᠂ ᠬᠡᠷ ᠪᠦᠯᠢ ᠶᠢᠨ ᠬᠦᠴᠢᠷᠳᠡᠯ ᠲᠠᠢ ᠰᠣᠷᠣᠭᠴᠢ ᠶᠡᠭᠡ ᠳᠡᠭᠡᠳᠦ ᠰᠤᠷᠭᠠᠭᠤᠯᠢ ᠳᠤ ᠰᠢᠯᠭᠠᠭᠤᠯᠤᠨ ᠣᠷᠣᠭᠠᠳ ᠰᠤᠷᠭᠠᠭᠤᠯᠢ ᠳᠤ ᠶᠠᠪᠤᠵᠤ ᠳᠡᠶᠢᠯᠬᠦ ᠥᠬᠡᠶ ᠬᠡᠷ ᠪᠦᠯᠢ ᠪᠤᠶᠤ ᠬᠤᠪᠢ ᠬᠥᠮᠦᠨ᠂ ᠬᠤᠰᠢᠭᠤᠨ ᠠᠷᠠᠳ ᠤᠨ ᠵᠠᠰᠠᠭ ᠤᠨ ᠣᠷᠳᠣᠨ ᠤ ᠮᠠᠭᠠᠳᠯᠠᠨ ᠲᠣᠭᠲᠠᠭᠠᠭᠰᠠᠨ ᠪᠤᠰᠤᠳ ᠣᠨᠴᠠᠭᠠᠢ ᠬᠦᠴᠢᠷᠳᠡᠯ ᠳᠤ ᠤᠴᠠᠷᠠᠭᠰᠠᠨ ᠬᠡᠷ ᠪᠦᠯᠢ ᠪᠤᠶᠤ ᠬᠤᠪᠢ ᠬᠥᠮᠦᠨ᠃ ︵ᠬᠤᠶᠠᠷ︶ ᠦᠯᠦ ᠵᠥᠪᠰᠢᠶᠡᠷᠡᠬᠦ ᠪᠠᠶᠢᠳᠠᠯ᠄ ᠭᠡᠷ ᠪᠦᠯᠢ ᠶᠢᠨ ᠠᠵᠢᠯ ᠤᠯᠬᠤ ᠴᠢᠳᠠᠪᠤᠷᠢ ᠲᠠᠢ ᠪᠦᠷᠢᠯᠳᠦᠬᠦᠨ ᠨᠢ ᠵᠦᠢ ᠶᠣᠰᠣᠨ ᠤ ᠤᠴᠢᠷ ᠰᠢᠯᠲᠠᠭᠠᠨ ᠦᠭᠡᠢ ᠪᠠᠷ ᠠᠵᠢᠯ ᠤᠯᠬᠤ ᠶᠢ ᠲᠡᠪᠴᠢᠵᠦ᠂ ᠥᠪᠡᠷ ᠤᠨ ᠬᠦᠴᠦ ᠪᠠᠷ ᠢᠶᠠᠨ ᠠᠮᠢᠳᠤᠷᠠᠬᠤ ᠪᠠᠷ ᠴᠢᠷᠮᠠᠶᠢᠬᠤ ᠦᠭᠡᠢ ᠪᠠᠶᠢᠬᠤ᠃ ᠵᠣᠭᠤᠰ ᠨᠠᠭᠠᠳᠬᠤ᠂ ᠬᠤᠣᠷ ᠡᠳ᠋ᠯᠡᠬᠦ᠂ ᠶᠠᠩᠬᠠᠯᠠᠬᠤ᠂ ᠶᠠᠩᠬᠠᠨ ᠳᠤ ᠣᠷᠣᠬᠤ᠂ ᠬᠡᠷᠡᠭᠦᠯ ᠵᠣᠳᠣᠭᠠᠨ ᠬᠢᠬᠦ ᠵᠡᠷᠭᠡ ᠬᠠᠤᠯᠢ ᠶᠢ ᠵᠥᠷᠢᠴᠡᠭᠰᠡᠨ ᠠᠵᠢᠯᠯᠠᠭ᠎ᠠ ᠠᠴᠠ ᠪᠤᠯᠵᠤ ᠦᠨᠳᠦᠰᠦᠨ ᠠᠮᠢᠳᠤᠷᠠᠯ ᠳᠠᠭᠠᠨ ᠬᠦᠨᠳᠦ ᠨᠣᠴᠢᠲᠠᠶ ᠬᠦᠴᠢᠷᠳᠡᠯ ᠤᠴᠠᠷᠠᠭᠤᠯᠤᠭᠰᠠᠨ᠃ ᠠᠷᠢᠬᠢᠨ ᠳᠤ ᠰᠣᠭᠲᠣᠬᠤ᠂ ᠪᠡᠶ᠎ᠡ ᠪᠠᠨ ᠬᠤᠣᠷᠯᠠᠬᠤ᠂ ᠭᠡᠷ ᠪᠦᠯᠢ ᠶᠢᠨ ᠵᠥᠷᠢᠴᠡᠯ᠂ ᠶᠣᠰᠣ ᠪᠤᠰᠤ ᠪᠠᠷ ᠵᠠᠬᠢᠳᠠᠯ ᠰᠤᠷᠪᠤᠯᠵᠢᠯᠠᠯ ᠬᠢᠵᠦ ᠵᠢᠭᠤᠷᠠᠯᠳᠤᠨ ᠲᠦᠢᠪᠡᠭᠡᠬᠦ ᠵᠡᠷᠭᠡ ᠮᠠᠭᠤ ᠦᠢᠯᠡ ᠠᠵᠢᠯᠯᠠᠭ᠎ᠠ ᠠᠴᠠ ᠪᠤᠯᠵᠤ ᠦᠨᠳᠦᠰᠦᠨ ᠠᠮᠢᠳᠤᠷᠠᠯ ᠢᠶᠠᠨ ᠬᠦᠨᠳᠦ ᠨᠣᠴᠢᠲᠠᠶ ᠬᠦᠴᠢᠷᠳᠡᠯ ᠳᠤ ᠤᠴᠠᠷᠠᠭᠤᠯᠤᠭᠰᠠᠨ᠃ ᠵᠣᠴᠢᠳ ᠤᠨ ᠪᠠᠭᠤᠳᠠᠯ᠂ ᠲᠣᠭᠯᠠᠭᠠᠮ ᠤᠨ ᠲᠢᠩᠬᠢᠮ ᠵᠡᠷᠭᠡ ᠳᠡᠭᠡᠳᠦ ᠲᠠᠰ ᠤᠨ ᠬᠡᠷᠡᠭᠯᠡᠭᠡᠨ ᠤ ᠲᠠᠯᠠᠪᠤᠷ ᠢᠶᠠᠷ ᠪᠠᠶᠢᠩᠭᠤ ᠣᠷᠣᠵᠤ ᠭᠠᠷᠴᠤ᠂ ᠡᠳᠦᠷ ᠲᠤᠲᠤᠮ ᠤᠨ ᠪᠣᠳᠠᠲᠠᠶ ᠠᠮᠢᠳᠤᠷᠠᠯ ᠤᠨ ᠬᠡᠷᠡᠭᠯᠡᠭᠡᠨ ᠤ ᠬᠢᠷᠢ ᠬᠡᠮᠵᠢᠶ᠎ᠡ ᠨᠢ ᠲᠤᠬᠠᠶ ᠶᠢᠨ ᠭᠠᠵᠠᠷ ᠤᠨ ᠬᠤᠲᠠ ᠬᠥᠳᠡᠭᠡ ᠶᠢᠨ ᠣᠷᠣᠯᠭ᠎ᠠ ᠪᠠᠭᠠᠲᠠᠶ ᠬᠡᠷ ᠪᠦᠯᠢ ᠶᠢᠨ ᠬᠢᠷᠢ ᠬᠡᠮᠵᠢᠶ᠎ᠡ ᠠᠴᠠ ᠢᠯᠡᠳᠲᠡ ᠥᠨᠳᠥᠷ ᠪᠠᠶᠢᠬᠤ᠃ ᠪᠣᠳᠠᠲᠤ ᠬᠡᠷᠡᠭ ᠢ ᠨᠢᠭᠤᠨ ᠳᠠᠯᠳᠠᠯᠠᠬᠤ ᠪᠤᠶᠤ ᠶᠡᠬᠡᠰᠬᠡᠵᠦ᠂ ᠬᠡᠷ ᠪᠦᠯᠢ ᠶᠢᠨ ᠣᠷᠣᠯᠭ᠎ᠠ ᠶᠢᠨ ᠪᠠᠶᠢᠳᠠᠯ ᠢᠶᠠᠨ ᠦᠨᠡᠨ ᠮᠥᠨ ᠢᠶᠠᠷ ᠨᠢ ᠬᠠᠩᠭᠠᠭᠰᠠᠨ ᠥᠬᠡᠶ᠂ ᠬᠤᠳᠠᠯ ᠬᠠᠭᠤᠷᠮᠠᠭ ᠭᠡᠷᠡᠴᠢ ᠭᠠᠷᠭᠠᠵᠤ ᠥᠭᠭᠦᠭᠰᠡᠨ᠂ ᠪᠠᠶᠢᠴᠠᠭᠠᠯᠲᠠ ᠬᠢᠬᠦ ᠳᠤ ᠬᠠᠮᠵᠢᠯᠴᠠᠭᠰᠠᠨ ᠥᠬᠡᠶ᠃ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠠᠴᠠ ᠮᠠᠭᠠᠳᠯᠠᠨ ᠲᠣᠭᠲᠠᠭᠠᠭᠰᠠᠨ ᠠᠪᠤᠷᠠᠨ ᠲᠤᠰᠠᠯᠠᠬᠤ ᠬᠦᠷᠢᠶᠡᠨ ᠳᠤ ᠪᠠᠭᠲᠠᠬᠤ ᠦᠭᠡᠢ ᠪᠤᠰᠤᠳ ᠬᠥᠮᠦᠰ᠃ ︵ᠭᠤᠷᠪᠠ︶ ᠲᠣᠳᠣᠷᠬᠠᠶᠢᠯᠠᠬᠤ ᠴᠢᠬᠤᠯᠠ ᠲᠠᠢ ᠪᠤᠰᠤᠳ ᠪᠠᠶᠢᠳᠠᠯ᠄ ᠬᠢᠨᠠᠨ ᠵᠥᠪᠰᠢᠶᠡᠷᠡᠬᠦ ᠲᠤᠭ᠎ᠠ ᠬᠡᠮᠵᠢᠶᠡᠨ ᠤ ᠬᠢᠵᠠᠭᠠᠷᠯᠠᠯ ᠥᠭᠡᠢ᠃ ᠲᠣᠭᠲᠠᠭᠠᠭᠰᠠᠨ ᠦᠨᠳᠦᠰᠦᠯᠡᠯ        ︽ᠵᠠᠰᠠᠭ ᠵᠠᠬᠢᠷᠭᠠᠨ ᠤ ᠬᠠᠤᠯᠢ ᠲᠣᠭᠲᠠᠭᠠᠯ︾ ︽ᠨᠡᠶᠢᠭᠡᠮ ᠤᠨ ᠠᠪᠤᠷᠠᠨ ᠲᠤᠰᠠᠯᠠᠬᠤ ᠲᠦᠷ ᠬᠡᠷᠡᠭᠵᠢᠭᠦᠯᠬᠦ ᠠᠷᠭ᠎ᠠ︾ ︵ᠲᠥᠷᠥ ᠶᠢᠨ ᠶᠠᠪᠤᠳᠠᠯ ᠤᠨ ᠬᠤᠷᠢᠶᠠᠨ ᠤ ᠵᠠᠷᠯᠢᠭ 649 ᠳ᠋ᠦᠭᠡᠷ ᠲᠣᠭᠠᠲᠤ︶ ᠶᠢᠨ ᠳᠥᠴᠢᠨ ᠳᠣᠯᠣᠳᠤᠭᠠᠷ ᠵᠤᠷᠪᠤᠰ ᠲᠤ᠂ ᠤᠯᠤᠰ ᠠᠴᠠ ᠭᠠᠯ ᠤᠨ ᠠᠶᠤᠯ᠂ ᠵᠠᠮ ᠬᠠᠷᠢᠯᠴᠠᠭᠠᠨ ᠤ ᠠᠳᠡᠯ ᠵᠡᠷᠭᠡ ᠰᠠᠨᠠᠭᠠᠨ ᠳᠤ ᠦᠭᠡᠶ ᠬᠡᠷᠡᠭ ᠠᠴᠠ ᠪᠣᠯᠤᠭᠰᠠᠨ ᠭᠡᠷ ᠪᠦᠯᠢ ᠶᠢᠨ ᠪᠦᠷᠢᠯᠳᠦᠬᠦᠨ ᠨᠢ ᠭᠡᠨᠡᠳᠲᠡ ᠬᠦᠨᠳᠦ ᠶᠡᠭᠡ ᠡᠪᠡᠳᠴᠢᠨ ᠡᠮᠭᠡᠭ ᠣᠯᠤᠭᠰᠠᠨ ᠵᠡᠷᠭᠡ ᠰᠢᠯᠲᠠᠭᠠᠨ ᠠᠴᠠ ᠪᠤᠯᠵᠤ᠂ ᠦᠨᠳᠦᠰᠦᠨ ᠠᠮᠢᠳᠤᠷᠠᠯ ᠨᠢ ᠲᠦᠷ ᠴᠠᠭ ᠬᠦᠨᠳᠦ ᠨᠣᠴᠢᠲᠠᠶ ᠬᠦᠴᠢᠷᠳᠡᠯ ᠲᠠᠢ ᠪᠣᠯᠤᠭᠰᠠᠨ ᠭᠡᠷ ᠪᠦᠯᠢ᠂ ᠡᠰᠡᠬᠦᠯ᠎ᠡ ᠠᠮᠢᠳᠤᠷᠠᠯ ᠤᠨ ᠴᠢᠬᠤᠯᠠ ᠬᠡᠷᠡᠭᠴᠡᠭᠡ ᠪᠥᠬᠦᠢ ᠵᠠᠷᠤᠯᠭ᠎ᠠ ᠨᠢ ᠭᠡᠨᠡᠳᠲᠡ ᠨᠡᠮᠡᠭᠳᠡᠭᠰᠡᠨ ᠠᠴᠠ ᠪᠣᠯᠣᠭᠠᠳ ᠭᠡᠷ ᠪᠦᠯᠢ ᠶᠢᠨ ᠳᠠᠭᠠᠭᠠᠴᠠ ᠠᠴᠠ ᠬᠡᠲᠦᠷᠡᠭᠡᠳ᠂ ᠦᠨᠳᠦᠰᠦᠨ ᠠᠮᠢᠳᠤᠷᠠᠯ ᠨᠢ ᠲᠦᠷ ᠴᠠᠭ ᠬᠦᠨᠳᠦ ᠨᠣᠴᠢᠲᠠᠶ ᠬᠦᠴᠢᠷᠳᠡᠯ ᠲᠠᠢ ᠪᠣᠯᠤᠭᠰᠠᠨ ᠳᠣᠣᠷ᠎ᠠ ᠪᠠᠲᠤᠯᠠᠭᠠᠲᠤ ᠭᠡᠷ ᠪᠦᠯᠢ᠂ ᠵᠢᠴᠢ ᠪᠤᠰᠤᠳ ᠣᠨᠴᠠᠭᠠᠢ ᠬᠦᠴᠢᠷᠳᠡᠯ ᠳᠤ ᠤᠴᠠᠷᠠᠭᠰᠠᠨ ᠭᠡᠷ ᠪᠦᠯᠢ ᠳᠤ ᠲᠦᠷ ᠴᠠᠭ ᠤᠨ ᠲᠤᠰᠠᠯᠠᠮᠵᠢ ᠣᠯᠭᠤᠨ᠎ᠠ᠃ ᠳᠥᠴᠢᠨ ᠨᠠᠢᠮᠠᠳᠤᠭᠠᠷ ᠵᠤᠷᠪᠤᠰ ᠲᠤ᠂ ᠲᠦᠷ ᠴᠠᠭ ᠤᠨ ᠠᠪᠤᠷᠠᠨ ᠲᠤᠰᠠᠯᠠᠯᠲᠠ ᠭᠤᠶᠤᠴᠢᠯᠠᠬᠤ ᠳᠤ ᠬᠦᠷᠪᠡᠯ᠂ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠤ ᠳᠤᠷᠠᠳᠤᠯᠭ᠎ᠠ ᠭᠠᠷᠭᠠᠵᠤ᠂ ᠬᠢᠨᠠᠨ ᠬᠠᠷᠭᠤᠭᠤᠯᠵᠤ᠂ ᠵᠠᠷᠯᠠᠨ ᠨᠡᠶᠢᠲᠡᠯᠡᠭᠰᠡᠨ ᠤ ᠳᠠᠷᠠᠭ᠎ᠠ᠂ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠠᠴᠠ ᠬᠢᠨᠠᠨ ᠵᠥᠪᠰᠢᠶᠡᠷᠡᠨ᠎ᠡ᠃ ᠠᠪᠤᠷᠠᠨ ᠲᠤᠰᠠᠯᠠᠬᠤ ᠮᠥᠩᠭᠦᠨ ᠤ ᠲᠤᠭ᠎ᠠ ᠨᠢ ᠨᠡᠯᠢᠶᠡᠳ ᠪᠠᠭ᠎ᠠ ᠪᠠᠶᠢᠪᠠᠯ᠂ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠠᠴᠠ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠤ ᠨᠠᠶᠢᠳᠠᠵᠤ ᠬᠢᠨᠠᠨ ᠵᠥᠪᠰᠢᠶᠡᠷᠡᠨ᠎ᠡ᠃ ᠪᠠᠶᠢᠳᠠᠯ ᠪᠠᠴᠢᠮ ᠪᠠᠶᠢᠪᠠᠯ᠂ ᠲᠣᠭᠲᠠᠭᠠᠯ ᠶᠣᠰᠣᠭᠠᠷ ᠬᠢᠨᠠᠨ ᠵᠥᠪᠰᠢᠶᠡᠷᠡᠭᠦᠯᠬᠦ ᠭᠠᠷ ᠭᠦᠢᠴᠡᠳᠬᠡᠯ ᠢ ᠳᠥᠭᠦᠮᠴᠢᠯᠡᠵᠦ ᠪᠣᠯᠤᠨ᠎ᠠ᠃ ᠰᠦᠢᠳᠬᠡᠯ ᠬᠤᠷᠢᠶᠠᠬᠤ ᠪᠠᠷᠢᠮᠵᠢᠶ᠎ᠠ ᠪᠣᠯᠤᠨ ᠦᠨᠳᠦᠰᠦᠯᠡᠯ        ᠰᠦᠢᠳᠬᠡᠯ ᠬᠤᠷᠢᠶᠠᠬᠤ ᠪᠠᠷᠢᠮᠵᠢᠶ᠎ᠠ ᠪᠠ ᠦᠨᠳᠦᠰᠦᠯᠡᠯ ᠲᠦᠷ ᠪᠠᠶᠢᠬᠤ ᠦᠭᠡᠢ᠃        ᠭᠦᠢᠴᠡᠳᠬᠡᠬᠦ ᠭᠠᠵᠠᠷ᠄ ᠠᠷᠤ ᠬᠤᠷᠴᠢᠨ ᠬᠤᠰᠢᠭᠤᠨ ᠤ ᠲᠢᠶᠠᠨ ᠶᠤᠸᠠᠨ ᠶᠡᠭᠡ ᠵᠡᠭᠡᠯᠢ ᠶᠢᠨ ᠬᠤᠶᠢᠲᠤ ᠲᠠᠯ᠎ᠠ ᠶᠢᠨ 45 ᠳ᠋ᠤᠭᠠᠷ ᠨᠤᠮᠧᠷ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠬᠤᠶᠠᠳᠤᠭᠠᠷ ᠳᠠᠪᠬᠤᠷᠯᠢᠭ ᠤᠨ 29 ᠳ᠋ᠦ᠋ᠭᠡᠷ ᠴᠣᠩᠬᠤ          ᠭᠦᠢᠴᠡᠳᠬᠡᠬᠦ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ ᠦᠳᠡ ᠶᠢᠨ ᠡᠮᠦᠨᠡᠬᠢ 8᠄ 30— 11᠄ 30᠂ ᠦᠳᠡ ᠶᠢᠨ ᠬᠤᠶᠢᠨᠠᠬᠢ 14᠄ 30 — 17᠄ 30 ︵ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠠᠴᠠ ᠭᠠᠳᠠᠨ᠎ᠠ︶        ᠨᠡᠶᠢᠲᠡ ᠶᠢᠨ ᠮᠠᠰᠢᠨ ᠲᠡᠷᠭᠡᠨ ᠤ ᠵᠠᠮ ᠱᠤᠭᠤᠮ᠄ ᠴᠢᠪᠠᠭ᠎ᠠ ᠪᠠᠯᠭᠠᠰᠤᠨ ᠤ 2᠂ 3 ᠳ᠋ᠤᠭᠠᠷ ᠵᠠᠮ ᠤᠨ ᠨᠡᠶᠢᠲᠡ ᠶᠢᠨ ᠮᠠᠰᠢᠨ ᠲᠡᠷᠭᠡᠨ ᠳᠤ ᠰᠠᠭᠤᠵᠤ ᠵᠠᠮ ᠬᠠᠷᠢᠯᠴᠠᠭᠠᠨ ᠤ ᠲᠣᠪᠴᠢᠶ᠎ᠠ ᠶᠢᠨ ᠥᠷᠲᠡᠭᠡᠨ ᠳᠤ ᠪᠠᠭᠤᠨ᠎ᠠ᠂ 1 ᠳ᠋ᠦ᠋ᠭᠡᠷ ᠵᠠᠮ ᠤᠨ ᠨᠡᠶᠢᠲᠡ ᠶᠢᠨ ᠮᠠᠰᠢᠨ ᠲᠡᠷᠭᠡᠨ ᠳᠤ ᠰᠠᠭᠤᠵᠤ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠥᠷᠲᠡᠭᠡᠨ ᠳᠤ ᠪᠠᠭᠤᠨ᠎ᠠ᠂ ᠵᠡᠭᠦᠨᠰᠢ 100 ᠮᠧᠲᠷ ᠤᠨ ᠵᠠᠮ ᠤᠨ ᠬᠤᠶᠢᠲᠤ ᠲᠠᠯ᠎ᠠ        ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ ᠠᠴᠠ ᠣᠷᠴᠢᠭᠤᠯᠤᠨ ᠨᠡᠶᠢᠲᠡᠯᠡᠪᠡ᠃        ᠨᠠᠷᠢᠨ ᠠᠭᠤᠯᠭ᠎ᠠ ᠶᠢ ᠨᠢ ᠳᠤᠤᠷᠠᠬᠢ ᠰᠦᠯᠵᠢᠶᠡᠨ ᠤ ᠬᠠᠶ᠋ᠢᠭ ᠢᠶᠠᠷ ᠦᠵᠡᠭᠡᠷᠡᠢ᠄
 
ᠢᠷᠡᠯᠲᠡ᠄ ᠠᠷᠤ ᠬᠣᠷᠴᠢᠨ ᠬᠤᠰᠢᠭᠤᠨ ᠵᠠᠰᠠᠭ ᠤᠨ ᠣᠷᠳᠣᠨ ᠤ ᠮᠣᠩᠭᠣᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号