ᠬᠦᠯᠢᠶᠡᠨ ᠰᠢᠢᠳᠪᠦᠷᠢᠯᠡᠬᠦ ᠨᠥᠬᠦᠴᠡᠯ | ︵ᠨᠢᠭᠡ︶ ᠵᠥᠪᠰᠢᠶᠡᠷᠡᠬᠦ ᠨᠥᠬᠦᠴᠡᠯ᠄ ᠱᠠᠩᠨᠠᠵᠤ ᠲᠡᠳᠬᠦᠬᠦ ᠡᠲᠡᠭᠡᠳ ᠨᠢ ᠳᠣᠣᠷᠠᠬᠢ ᠲᠥᠷᠪᠡᠨ | ᠨᠥᠬᠦᠴᠡᠯ ᠢ ᠬᠠᠮᠲᠤ ᠲᠤᠨᠢ ᠪᠦᠷᠢᠯᠳᠦᠭᠦᠯᠦᠭᠰᠡᠨ ᠪᠠᠶᠢᠬᠤ ᠬᠡᠷᠡᠭᠲᠡᠶ᠄ 1. ᠲᠤᠰ ᠬᠥᠮᠦᠨ ᠬᠢᠭᠡᠳ ᠬᠠᠨᠢ ᠨᠦᠬᠦᠷ ᠨᠢ | ᠴᠥᠮ ᠲᠠᠷᠢᠶᠠᠯᠠᠩ ᠤᠨ ᠡᠷᠥᠭᠡ ᠠᠮᠠ ᠲᠠᠢ ᠪᠤᠶᠤ ᠲᠠᠷᠢᠶᠠᠯᠠᠬᠤ ᠮᠠᠯᠵᠢᠬᠤ ᠣᠷᠣᠨ ᠤ ᠵᠠᠭᠠᠭᠯᠠᠨ ᠲᠣᠭᠲᠠᠭᠠᠭᠰᠠᠨ | ᠡᠷᠥᠭᠡ ᠠᠮᠠ ᠲᠠᠢ ᠪᠠᠶᠢᠬᠤ᠃ 2. 1973 ᠣᠨ ᠠᠴᠠ 2001 ᠣᠨ ᠪᠣᠯᠲᠠᠯᠠᠬᠢ ᠬᠤᠭᠤᠴᠠᠭᠠᠨ ᠳᠤ ᠤᠯᠤᠰ | ᠪᠠ ᠮᠠᠨ ᠤ ᠣᠷᠣᠨ ᠤ ᠲᠥᠯᠥᠪᠯᠡᠭᠡᠲᠦ ᠦᠷᠡᠵᠢᠯ ᠤᠨ ᠬᠠᠤᠯᠢ ᠴᠠᠭᠠᠵᠠ ᠬᠠᠤᠯᠢ ᠲᠣᠭᠲᠠᠭᠠᠯ ᠲᠦᠷᠢᠮ ᠲᠣᠭᠲᠠᠭᠠᠯ | ᠪᠠ ᠲᠥᠷᠥ ᠶᠢᠨ ᠪᠣᠳᠣᠯᠭ᠎ᠠ ᠶᠢᠨ ᠲᠣᠭᠲᠠᠭᠠᠯ ᠠᠴᠠ ᠵᠥᠷᠢᠴᠡᠵᠦ ᠬᠡᠤᠬᠡᠳ ᠠᠪᠤᠭᠰᠠᠨ ᠥᠬᠡᠶ᠃ 3. ᠨᠢᠭᠡ ᠬᠡᠦᠬᠡᠳ | ᠲᠠᠢ ᠡᠰᠡᠬᠦᠯ᠎ᠡ ᠬᠤᠶᠠᠷ ᠥᠬᠢᠨ ᠲᠠᠢ ᠡᠰᠡᠬᠦᠯ᠎ᠡ ᠦᠷ᠎ᠡ ᠬᠡᠦᠬᠡᠳ ᠨᠢ ᠦᠬᠦᠭᠡᠳ ᠦᠷ᠎ᠡ ᠬᠡᠦᠬᠡᠳ ᠦᠭᠡᠢ ᠪᠣᠯᠤᠭᠰᠠᠨ | ᠃ 4. 1933 ᠣᠨ ᠤ 1 ᠰᠠᠷ᠎ᠠ ᠶᠢᠨ 1 ᠤ ᠡᠳᠦᠷ ᠠᠴᠠ ᠬᠤᠶᠢᠨ᠎ᠠ ᠲᠥᠷᠥᠵᠦ᠂ ᠪᠦᠬᠦᠯᠢ 60 ᠨᠠᠰᠤ | ᠬᠦᠷᠦᠭᠰᠡᠨ᠃ ︵ᠬᠤᠶᠠᠷ︶ ᠦᠯᠦ ᠵᠥᠪᠰᠢᠶᠡᠷᠡᠬᠦ ᠪᠠᠶᠢᠳᠠᠯ᠄ 1. ᠭᠤᠶᠤᠴᠢᠯᠠᠭᠰᠠᠨ ᠵᠦᠢᠯᠡᠰ ᠨᠢ ᠲᠤᠰ ᠵᠠᠰᠠᠭ | ᠵᠠᠬᠢᠷᠭᠠᠨ ᠤ ᠪᠠᠶᠢᠭᠤᠯᠭ᠎ᠠ ᠶᠢᠨ ᠬᠠᠤᠯᠢ ᠶᠣᠰᠣᠨ ᠤ ᠡᠷᠬᠡ ᠲᠤᠰᠢᠶᠠᠯ ᠤᠨ ᠬᠡᠪᠴᠢᠶᠡᠨ ᠳᠤ ᠦᠯᠦ ᠬᠠᠷᠢᠶᠠᠯᠠᠭᠳᠠᠭᠰᠠᠨ | ᠃ 2. ᠭᠤᠶᠤᠴᠢᠯᠠᠭᠴᠢ ᠶᠢᠨ ᠲᠤᠰᠢᠶᠠᠭᠰᠠᠨ ᠭᠤᠶᠤᠴᠢᠯᠠᠯ ᠤᠨ ᠮᠠᠲ᠋ᠧᠷᠢᠶᠠᠯ ᠨᠢ ᠦᠨᠡᠨ ᠪᠣᠳᠠᠲᠠᠶ ᠲᠠᠢ ᠨᠡᠶᠢᠴᠡᠬᠦ | ᠦᠭᠡᠢ᠃ ︵ᠭᠤᠷᠪᠠ︶ ᠲᠣᠳᠣᠷᠬᠠᠶᠢᠯᠠᠬᠤ ᠴᠢᠬᠤᠯᠠᠲᠠᠶ ᠪᠤᠰᠤᠳ ᠪᠠᠶᠢᠳᠠᠯ᠄ ᠬᠢᠨᠠᠨ ᠵᠥᠪᠰᠢᠶᠡᠷᠡᠬᠦ ᠲᠤᠭ᠎ᠠ | ᠬᠡᠮᠵᠢᠶᠡᠨ ᠤ ᠲᠠᠯ᠎ᠠ ᠪᠠᠷ ᠬᠢᠵᠠᠭᠠᠷᠯᠠᠯ ᠪᠠᠶᠢᠬᠤ ᠦᠭᠡᠢ᠃ | | ᠲᠣᠭᠲᠠᠭᠠᠭᠰᠠᠨ ᠦᠨᠳᠦᠰᠦᠯᠡᠯ | 【 ᠬᠠᠤᠯᠢ ᠴᠠᠭᠠᠵᠠ 】 ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠥᠮᠦᠨ ᠠᠮᠠ | ᠬᠢᠭᠡᠳ ᠲᠥᠯᠥᠪᠯᠡᠭᠡ ᠲᠠᠢ ᠪᠠᠷ ᠬᠡᠦᠬᠡᠳ ᠠᠪᠬᠤ ᠬᠠᠤᠯᠢ︾ ᠶᠢᠨ ᠬᠤᠷᠢᠨ ᠳᠣᠯᠣᠳᠤᠭᠠᠷ | ᠵᠤᠷᠪᠤᠰ ᠲᠤ᠂ ᠤᠯᠤᠰ ᠠᠴᠠ ᠡᠷ᠎ᠡ ᠡᠮ᠎ᠡ ᠬᠤᠶᠠᠭᠤᠯᠠ ᠨᠢᠭᠡ ᠯᠡ ᠬᠡᠦᠬᠡᠳ ᠠᠪᠬᠤ ᠶᠢ | ᠰᠠᠨᠠᠭᠠᠴᠢᠯᠠᠵᠤ ᠪᠠᠶᠢᠭᠰᠠᠨ ᠬᠤᠭᠤᠴᠠᠭᠠᠨ ᠳᠤ ᠰᠠᠶᠢᠨ ᠳᠤᠷ᠎ᠠ ᠠᠴᠠ ᠪᠠᠨ ᠨᠠᠰᠤᠨ ᠲᠤᠷᠰᠢ ᠳᠠᠭᠠᠨ ᠨᠢᠭᠡ ᠯᠡ | ᠬᠡᠦᠬᠡᠳ ᠠᠪᠤᠭᠰᠠᠨ ᠡᠷ᠎ᠡ ᠡᠮ᠎ᠡ ᠳᠤ ᠤᠯᠤᠰ ᠠᠴᠠ ︽ᠭᠠᠭᠴᠠ ᠬᠡᠦᠬᠡᠳ ᠤᠨ ᠡᠴᠢᠭᠡ ᠡᠬᠡ ᠶᠢᠨ ᠢᠷᠠᠭᠤ | ᠠᠯᠳᠠᠷ ᠤᠨ ᠦᠨᠡᠮᠯᠡᠯ︾ ᠣᠯᠭᠤᠨ᠎ᠠ᠃ ︽ᠭᠠᠭᠴᠠ ᠬᠡᠦᠬᠡᠳ ᠤᠨ ᠡᠴᠢᠭᠡ ᠡᠬᠡ ᠶᠢᠨ ᠢᠷᠠᠭᠤ ᠠᠯᠳᠠᠷ ᠤᠨ ᠦᠨᠡᠮᠯᠡᠯ | ︾ ᠣᠯᠤᠭᠰᠠᠨ ᠡᠷ᠎ᠡ ᠡᠮ᠎ᠡ ᠳᠤ ᠤᠯᠤᠰ ᠤᠨ ᠪᠠ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ | ᠬᠤᠲᠠ ᠶᠢᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠦᠷ᠎ᠡ ᠶᠢᠨ ᠭᠠᠭᠴᠠ ᠬᠡᠦᠬᠡᠳ ᠤᠨ ᠡᠴᠢᠭᠡ ᠡᠬᠡ ᠶᠢᠨ | ᠱᠠᠩᠨᠠᠯ ᠬᠥᠬᠢᠭᠦᠯᠦᠯ ᠢ ᠬᠦᠷᠲᠡᠭᠡᠨ᠎ᠡ᠃ ᠬᠠᠤᠯᠢ ᠴᠠᠭᠠᠵᠠ᠂ ᠬᠠᠤᠯᠢ ᠲᠣᠭᠲᠠᠭᠠᠯ ᠪᠤᠶᠤ ᠲᠦᠷᠢᠮ ᠲᠣᠭᠲᠠᠭᠠᠯ ᠳᠤ ︽ | ᠭᠠᠭᠴᠠ ᠬᠡᠦᠬᠡᠳ ᠤᠨ ᠡᠴᠢᠭᠡ ᠡᠭᠡ ᠶᠢᠨ ᠢᠷᠠᠭᠤ ᠠᠯᠳᠠᠷ ᠤᠨ ᠦᠨᠡᠮᠯᠡᠯ︾ ᠣᠯᠤᠭᠰᠠᠨ ᠡᠷ᠎ᠡ ᠡᠮ᠎ᠡ ᠶᠢ ᠱᠠᠩᠨᠠᠨ | ᠬᠥᠬᠢᠭᠦᠯᠬᠦ ᠠᠷᠭ᠎ᠠ ᠬᠡᠮᠵᠢᠶ᠎ᠡ ᠶᠢ ᠲᠡᠭᠦᠨ ᠤ ᠪᠠᠶᠢᠭ᠎ᠠ ᠪᠠᠶᠢᠭᠤᠯᠤᠭ᠎ᠠ ᠨᠢᠭᠡᠴᠢ ᠠᠴᠠ ᠨᠢ ᠨᠠᠶᠢᠳᠠᠪᠤᠷᠢᠵᠢᠭᠤᠯᠬᠤ ᠪᠠᠷ | ᠲᠣᠭᠲᠠᠭᠠᠭᠰᠠᠨ ᠪᠠᠶᠢᠪᠠᠯ᠂ ᠬᠤᠯᠪᠣᠭᠳᠠᠯ ᠪᠦᠬᠦᠢ ᠪᠠᠶᠢᠭᠤᠯᠤᠭ᠎ᠠ ᠨᠢᠭᠡᠴᠢ ᠨᠢ ᠨᠠᠶᠢᠳᠠᠪᠤᠷᠢᠵᠢᠭᠤᠯᠬᠤ ᠬᠡᠷᠡᠭᠲᠡᠶ᠃ ︽ | ᠭᠠᠭᠴᠠ ᠬᠡᠦᠬᠡᠳ ᠤᠨ ᠡᠴᠢᠭᠡ ᠡᠭᠡ ᠶᠢᠨ ᠢᠷᠠᠭᠤ ᠠᠯᠳᠠᠷ ᠤᠨ ᠦᠨᠡᠮᠯᠡᠯ︾ ᠣᠯᠤᠭᠰᠠᠨ ᠡᠷ᠎ᠡ ᠡᠮ᠎ᠡ ᠶᠢᠨ ᠭᠠᠭᠴᠠ | ᠬᠡᠦᠬᠡᠳ ᠨᠢ ᠰᠠᠨᠠᠭᠠᠨ ᠳᠤ ᠤᠢᠭᠡᠢ ᠪᠠᠷ ᠰᠢᠷᠬᠠᠲᠤᠵᠤ ᠵᠡᠮᠳᠡᠭ ᠪᠣᠯᠤᠭᠰᠠᠨ᠂ ᠤᠢᠬᠦᠭᠰᠡᠠ ᠪᠠᠶᠢᠪᠠᠯ᠂ ᠲᠣᠭᠲᠠᠭᠠᠯ | ᠶᠣᠰᠣᠭᠠᠷ ᠲᠡᠳᠬᠦᠮᠵᠢ ᠣᠯᠤᠨ᠎ᠠ᠃ ᠤᠯᠤᠰ ᠠᠴᠠ ᠡᠷ᠎ᠡ ᠡᠮ᠎ᠡ ᠬᠤᠶᠠᠭᠤᠯᠠ ᠨᠢᠭᠡ ᠯᠡ ᠬᠡᠦᠬᠡᠳ ᠠᠪᠬᠤ ᠶᠢ | ᠰᠠᠨᠠᠭᠠᠴᠢᠯᠠᠵᠤ ᠪᠠᠶᠢᠭᠰᠠᠨ ᠬᠤᠭᠤᠴᠠᠭᠠᠨ ᠳᠤ᠂ ᠲᠣᠭᠲᠠᠭᠠᠯ ᠶᠣᠰᠣᠭᠠᠷ ᠲᠥᠯᠥᠪᠯᠡᠭᠡ ᠲᠠᠢ ᠪᠠᠷ ᠬᠡᠦᠬᠡᠳ ᠠᠪᠤᠭᠰᠠᠨ | ᠭᠡᠷ ᠪᠦᠯᠢ ᠶᠢᠨ ᠨᠠᠰᠤᠲᠠᠶᠢᠴᠤᠳ ᠤᠨ ᠱᠠᠩᠨᠠᠯ ᠲᠡᠳᠬᠦᠮᠵᠢ ᠶᠢ ᠬᠦᠷᠳᠡᠬᠦ ᠶᠣᠰᠣᠲᠠᠢ ᠪᠠᠶᠢᠪᠠᠯ᠂ ᠬᠤᠯᠪᠣᠭᠳᠠᠯ ᠪᠦᠬᠦᠢ | ᠱᠠᠩᠨᠠᠯ ᠲᠡᠳᠬᠦᠮᠵᠢ ᠶᠢ ᠦᠷᠭᠦᠯᠵᠢᠯᠡᠨ ᠬᠦᠷᠳᠡᠨ᠎ᠠ᠃ | | ᠰᠦᠢᠳᠬᠡᠯ ᠬᠤᠷᠢᠶᠠᠬᠤ ᠪᠠᠷᠢᠮᠵᠢᠶ᠎ᠠ ᠪᠣᠯᠤᠨ ᠦᠨᠳᠦᠰᠦᠯᠡᠯ | ᠰᠦᠢᠳᠬᠡᠯ ᠬᠤᠷᠢᠶᠠᠬᠤ ᠪᠠᠷᠢᠮᠵᠢᠶ᠎ᠠ ᠪᠠ ᠦᠨᠳᠦᠰᠦᠯᠡᠯ ᠲᠦᠷ ᠪᠠᠶᠢᠬᠤ ᠦᠭᠡᠢ᠃ | | ᠭᠦᠢᠴᠡᠳᠬᠡᠬᠦ ᠭᠠᠵᠠᠷ᠄ ᠠᠷᠤ ᠬᠤᠷᠴᠢᠨ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠲᠥᠪ ᠤᠨ ᠬᠤᠶᠠᠳᠤᠭᠠᠷ ᠳᠠᠪᠬᠤᠷᠭ᠎ᠠ ᠶᠢᠨ 46 — 50 ᠳ᠋ᠤᠭᠠᠷ ᠶᠡᠷᠦᠩᠬᠡᠶᠢᠯᠡᠭᠰᠡᠨ ᠭᠥᠯᠢᠶᠡᠨ ᠠᠪᠴᠤ | ᠰᠢᠢᠳᠪᠦᠷᠢᠯᠡᠬᠦ ᠴᠣᠩᠬᠤ | | ᠭᠦᠢᠴᠡᠳᠬᠡᠬᠦ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ ᠦᠳᠡ ᠶᠢᠨ ᠡᠮᠦᠨᠡᠬᠢ 8᠄ 30 | — 11᠄ 30᠂ ᠦᠳᠡ ᠶᠢᠨ ᠬᠤᠶᠢᠨᠠᠬᠢ 2᠄ 30 — 5᠄ 30 ︵ᠬᠠᠤᠯᠢ ᠪᠠᠷ ᠲᠣᠭᠲᠠᠭᠠᠭᠰᠠᠨ ᠪᠠᠶᠠᠷ | ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠠᠴᠠ ᠭᠠᠳᠠᠨ᠎ᠠ︶ | | ᠨᠡᠶᠢᠲᠡ ᠶᠢᠨ ᠮᠠᠰᠢᠨ ᠲᠡᠷᠭᠡᠨ ᠤ ᠵᠠᠮ ᠱᠤᠭᠤᠮ᠄ ᠴᠢᠪᠠᠭ᠎ᠠ ᠪᠠᠯᠭᠠᠰᠤᠨ ᠤ 2᠂ 3 ᠳ᠋ᠤᠭᠠᠷ ᠵᠠᠮ ᠤᠨ | ᠨᠡᠶᠢᠲᠡ ᠶᠢᠨ ᠮᠠᠰᠢᠨ ᠲᠡᠷᠭᠡᠨ ᠳᠤ ᠰᠠᠭᠤᠵᠤ ᠵᠠᠮ ᠬᠠᠷᠢᠯᠴᠠᠭᠠᠨ ᠤ ᠲᠣᠪᠴᠢᠶ᠎ᠠ ᠶᠢᠨ ᠥᠷᠲᠡᠭᠡᠨ ᠳᠤ ᠪᠠᠭᠤᠨ᠎ᠠ᠂ 1 | ᠳ᠋ᠦ᠋ᠭᠡᠷ ᠵᠠᠮ ᠤᠨ ᠨᠡᠶᠢᠲᠡ ᠶᠢᠨ ᠮᠠᠰᠢᠨ ᠲᠡᠷᠭᠡᠨ ᠳᠤ ᠰᠠᠭᠤᠵᠤ ᠬᠤᠲᠠ ᠶᠢᠨ ᠪᠥᠲᠥᠭᠡᠨ ᠪᠠᠶᠢᠭᠤᠯᠤᠯᠲᠠ ᠶᠢᠨ | ᠲᠣᠪᠴᠢᠶ᠎ᠠ ᠶᠢᠨ ᠥᠷᠲᠡᠭᠡᠨ ᠳᠤ ᠪᠠᠭᠤᠨ᠎ᠠ᠂ ᠵᠡᠭᠦᠨᠰᠢ 100 ᠮᠧᠲᠷ ᠤᠨ ᠵᠠᠮ ᠤᠨ ᠬᠤᠶᠢᠲᠤ ᠲᠠᠯ᠎ᠠ | | | ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ ᠠᠴᠠ ᠣᠷᠴᠢᠭᠤᠯᠤᠨ | ᠨᠡᠶᠢᠲᠡᠯᠡᠪᠡ᠃ | | ᠨᠠᠷᠢᠨ ᠠᠭᠤᠯᠭ᠎ᠠ ᠶᠢ ᠨᠢ ᠳᠤᠤᠷᠠᠬᠢ ᠰᠦᠯᠵᠢᠶᠡᠨ ᠤ ᠬᠠᠶ᠋ᠢᠭ ᠢᠶᠠᠷ ᠦᠵᠡᠭᠡᠷᠡᠢ᠄ |