ᠬᠦᠯᠢᠶᠡᠨ ᠰᠢᠢᠳᠪᠦᠷᠢᠯᠡᠬᠦ ᠨᠥᠬᠦᠴᠡᠯ | ︵ᠨᠢᠭᠡ︶ ᠵᠥᠪᠰᠢᠶᠡᠷᠡᠬᠦ ᠨᠥᠬᠦᠴᠡᠯ᠄ 1. ᠢᠯᠡᠴᠢᠯᠡᠨ ᠮᠡᠳᠡᠭᠦᠯᠦᠭᠴᠢ ᠥᠪᠡᠷ ᠤᠨ ᠦᠨᠡᠨ ᠪᠣᠳᠠᠲᠠᠶ | ᠣᠪᠣᠭ ᠨᠡᠷ᠎ᠡ ᠵᠢᠴᠢ ᠬᠠᠷᠢᠯᠴᠠᠬᠤ ᠠᠷᠭ᠎ᠠ ᠮᠠᠶ᠋ᠢᠭ ᠢᠶᠠᠨ ᠦᠨᠡᠨ ᠮᠥᠨ ᠢᠶᠠᠷ ᠨᠢ ᠬᠠᠩᠭᠠᠬᠤ᠃ 2. ᠢᠯᠡᠴᠢᠯᠡᠨ | ᠮᠡᠳᠡᠭᠦᠯᠦᠭᠰᠡᠨ ᠬᠥᠳᠡᠯᠮᠦᠷᠢ ᠶᠢᠨ ᠪᠠᠲᠤᠯᠠᠭ᠎ᠠ ᠶᠢᠨ ᠬᠠᠤᠯᠢ᠂ ᠬᠠᠤᠯᠢ ᠲᠣᠭᠲᠠᠭᠠᠯ ᠪᠤᠶᠤ ᠲᠦᠷᠢᠮ ᠲᠣᠭᠲᠠᠭᠠᠯ ᠠᠴᠠ | ᠵᠥᠷᠢᠴᠡᠭᠰᠡᠨ ᠦᠢᠯᠡ ᠠᠵᠢᠯᠯᠠᠭ᠎ᠠ ᠨᠢ ᠲᠣᠳᠣᠷᠬᠠᠶ ᠬᠠᠤᠯᠢ ᠶᠢ ᠵᠥᠷᠢᠴᠡᠭᠰᠡᠨ ᠪᠡᠶᠡᠴᠢ ᠴᠣᠭᠴᠠ ᠪᠠᠶᠢᠬᠤ ᠬᠡᠷᠡᠭᠲᠡᠢ᠃ | 3. ᠬᠥᠳᠡᠯᠮᠦᠷᠢ ᠶᠢᠨ ᠪᠠᠲᠤᠯᠠᠭ᠎ᠠ ᠶᠢᠨ ᠬᠠᠤᠯᠢ ᠴᠠᠭᠠᠵᠠ᠂ ᠬᠠᠤᠯᠢ ᠲᠣᠭᠲᠠᠭᠠᠯ ᠪᠤᠶᠤ ᠳᠦᠷᠢᠮ ᠲᠣᠭᠲᠠᠭᠠᠯ ᠠᠴᠠ | ᠵᠥᠷᠢᠴᠡᠭᠰᠡᠨ ᠪᠠᠶᠢᠭᠤᠯᠭ᠎ᠠ ᠨᠢᠭᠡᠴᠢ ᠶᠢ ᠢᠯᠡᠴᠢᠯᠡᠨ ᠮᠡᠳᠡᠭᠦᠯᠬᠦ ᠳᠤ ᠪᠠᠨ ᠭᠤᠣᠯ ᠪᠣᠳᠠᠲᠤ ᠬᠡᠷᠡᠭ ᠢ ᠬᠠᠩᠭᠠᠭᠰᠠᠨ | ᠪᠠᠶᠢᠬᠤ᠃ 4. ᠬᠠᠩᠭᠠᠭᠰᠠᠨ ᠬᠥᠳᠡᠯᠮᠦᠷᠢ ᠶᠢᠨ ᠪᠠᠲᠤᠯᠠᠭ᠎ᠠ ᠶᠢᠨ ᠬᠠᠤᠯᠢ ᠴᠠᠭᠠᠵᠠ᠂ ᠬᠠᠤᠯᠢ ᠲᠣᠭᠲᠠᠭᠠᠯ ᠪᠤᠶᠤ | ᠲᠦᠷᠢᠮ ᠲᠣᠭᠲᠠᠭᠠᠯ ᠠᠴᠠ ᠵᠥᠷᠢᠴᠡᠭᠰᠡᠨ ᠰᠦᠪᠡᠭᠴᠢ ᠪᠠ ᠪᠣᠳᠠᠲᠤ ᠬᠡᠷᠡᠭ ᠨᠢ ᠬᠥᠳᠡᠯᠮᠦᠷᠢ ᠶᠢᠨ ᠪᠠᠲᠤᠯᠠᠭ᠎ᠠ ᠶᠢᠨ | ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠤᠷᠢᠳᠠᠪᠠᠷ ᠡᠵᠡᠮᠰᠢᠭᠳᠡᠭᠰᠡᠨ ᠦᠭᠡᠢ ᠪᠠᠶᠢᠬᠤ᠃ 5᠂ ᠢᠯᠡᠴᠢᠯᠡᠨ | ᠮᠡᠳᠡᠭᠦᠯᠦᠭᠰᠡᠨ ᠪᠠᠶᠢᠳᠠᠯ ᠢ ᠪᠠᠶᠢᠴᠠᠭᠠᠨ ᠲᠣᠳᠣᠯᠠᠭᠠᠳ ᠦᠨᠡᠨ ᠪᠣᠳᠠᠲᠠᠢ ᠪᠠᠶᠢᠬᠤ ᠶᠢ ᠨᠢᠭᠡᠨᠲᠡ ᠭᠡᠷᠡᠴᠢᠯᠡᠭᠰᠡᠨ᠃ ︵ | ᠬᠤᠶᠠᠷ︶ ᠥᠯᠥ ᠵᠥᠪᠰᠢᠶᠡᠷᠡᠬᠦ ᠪᠠᠶᠢᠳᠠᠯ᠄ 1. ᠭᠤᠶᠤᠴᠢᠯᠠᠭᠰᠠᠨ ᠵᠦᠢᠯ ᠨᠢ ᠲᠤᠰ ᠵᠠᠰᠠᠭ ᠵᠠᠬᠢᠷᠭᠠᠨ ᠤ | ᠪᠠᠶᠢᠭᠤᠯᠭ᠎ᠠ ᠶᠢᠨ ᠬᠠᠤᠯᠢ ᠶᠣᠰᠣᠨ ᠤ ᠡᠷᠬᠡ ᠲᠤᠰᠢᠶᠠᠯ ᠤᠨ ᠬᠡᠪᠴᠢᠶᠡᠨ ᠳᠤ ᠬᠠᠷᠢᠶᠠᠯᠠᠭᠳᠠᠬᠤ ᠦᠭᠡᠶ᠃ 2᠂ | ᠭᠤᠶᠤᠴᠢᠯᠠᠭᠴᠢ ᠶᠢᠨ ᠳᠡᠪᠰᠢᠭᠦᠯᠦᠭᠰᠡᠨ ᠭᠤᠶᠤᠴᠢᠯᠠᠯ ᠤᠨ ᠮᠠᠲ᠋ᠧᠷᠢᠶᠠᠯ ᠨᠢ ᠦᠨᠡᠨ ᠪᠣᠳᠠᠲᠠᠢ ᠲᠠᠢ ᠨᠡᠶᠢᠴᠡᠬᠦ ᠦᠭᠡᠢ᠃ | ︵ᠭᠤᠷᠪᠠ︶ ᠲᠣᠳᠣᠷᠬᠠᠶᠢᠯᠠᠬᠤ ᠴᠢᠬᠤᠯᠠ ᠲᠠᠢ ᠪᠤᠰᠤᠳ ᠪᠠᠶᠢᠳᠠᠯ᠄ ᠬᠢᠨᠠᠨ ᠵᠥᠪᠰᠢᠶᠡᠷᠡᠬᠦ ᠲᠤᠭ᠎ᠠ ᠬᠡᠮᠵᠢᠶᠡᠨ ᠤ | ᠲᠠᠯ᠎ᠠ ᠪᠠᠷ ᠬᠢᠵᠠᠭᠠᠷᠯᠠᠯ ᠥᠭᠡᠢ᠃ | | ᠲᠣᠭᠲᠠᠭᠠᠭᠰᠠᠨ ᠦᠨᠳᠦᠰᠦᠯᠡᠯ | 【 ᠬᠠᠤᠯᠢ ᠴᠠᠭᠠᠵᠠ ᠬᠠᠤᠯᠢ ᠲᠣᠭᠲᠠᠭᠠᠯ 】 ︽ᠬᠥᠳᠡᠯᠮᠦᠷᠢ ᠶᠢᠨ ᠪᠠᠲᠤᠯᠠᠭ᠎ᠠ ᠶᠢᠨ ᠬᠢᠨᠠᠨ ᠪᠠᠶᠢᠴᠠᠭᠠᠬᠤ | ᠲᠦᠷᠢᠮ︾ ︵2004 ᠣᠨ ᠤ 11 ᠰᠠᠷ᠎ᠠ ᠶᠢᠨ 1 ᠤ ᠡᠳᠦᠷ ᠪᠥᠬᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠲᠦᠷᠤ ᠶᠢᠨ ᠶᠠᠪᠤᠳᠠᠯ ᠤᠨ ᠬᠤᠷᠢᠶᠠᠨ ᠤ 423 ᠳ᠋ᠤᠭᠠᠷ ᠵᠠᠷᠯᠢᠭ ᠢᠶᠠᠷ ᠨᠡᠶᠢᠲᠡᠯᠡᠪᠡ︶ ᠤᠨ ᠶᠢᠰᠦᠳᠦᠭᠡᠷ | ᠵᠤᠷᠪᠤᠰ ᠤᠨ ᠭᠤᠷᠪᠠᠳᠤᠭᠠᠷ ᠪᠠᠳᠠᠭ ᠲᠤ᠂ ᠬᠥᠳᠡᠯᠮᠦᠷᠢ ᠶᠢᠨ ᠪᠠᠲᠤᠯᠠᠭ᠎ᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ | ᠢᠯᠡᠴᠢᠯᠡᠨ ᠮᠡᠳᠡᠭᠦᠯᠦᠭᠴᠢ ᠶᠢᠨ ᠨᠢᠭᠤᠴᠠ ᠶᠢ ᠬᠠᠮᠠᠭᠠᠯᠠᠬᠤ ᠬᠡᠷᠡᠭᠲᠡᠶ᠃ ᠢᠯᠡᠴᠢᠯᠡᠨ ᠮᠡᠳᠡᠭᠦᠯᠦᠭᠰᠡᠨ ᠨᠢ ᠦᠨᠡᠨ | ᠪᠣᠳᠠᠲᠠᠶ ᠪᠠᠶᠢᠵᠤ᠂ ᠬᠥᠳᠡᠯᠮᠦᠷᠢ ᠶᠢᠨ ᠪᠠᠲᠤᠯᠠᠭ᠎ᠠ ᠶᠢᠨ ᠬᠠᠤᠯᠢ ᠴᠠᠭᠠᠵᠠ᠂ ᠬᠠᠤᠯᠢ ᠲᠣᠭᠲᠠᠭᠠᠯ ᠪᠤᠶᠤ ᠲᠦᠷᠢᠮ | ᠲᠣᠭᠲᠠᠭᠠᠯ ᠠᠴᠠ ᠵᠥᠷᠢᠴᠡᠭᠰᠡᠨ ᠬᠦᠨᠳᠦ ᠶᠡᠭᠡ ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠳᠤ ᠭᠤᠣᠯ | ᠰᠦᠪᠡᠭᠴᠢ ᠪᠠ ᠭᠡᠷᠡᠴᠢ ᠪᠠᠷᠢᠮᠲᠠ ᠬᠠᠩᠭᠠᠭᠰᠠᠨ ᠢᠯᠡᠴᠢᠯᠡᠨ ᠮᠡᠳᠡᠭᠦᠯᠦᠭᠴᠢ ᠶᠢ ᠱᠠᠩᠨᠠᠨ ᠬᠥᠬᠢᠭᠦᠯᠦᠨ᠎ᠡ᠃ ︽ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠳᠡᠯᠮᠦᠷᠢ ᠶᠢᠨ ᠪᠠᠲᠤᠯᠠᠭ᠎ᠠ ᠶᠢᠨ ᠬᠢᠨᠠᠨ ᠪᠠᠶᠢᠴᠠᠭᠠᠬᠤ | ᠲᠦᠷᠢᠮ︾ ︵2010 ᠣᠨ ᠤ 3 ᠳ᠋ᠤᠭᠠᠷ ᠰᠠᠷ᠎ᠠ ᠶᠢᠨ 25 ᠤ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ ᠶᠢᠨ ᠠᠯᠪᠠᠨ ᠵᠠᠷᠯᠠᠯ ᠤᠨ 15 ᠳ᠋ᠤᠭᠠᠷ ᠲᠣᠭᠠᠲᠤ ᠪᠠᠷ ᠨᠡᠶᠢᠲᠡᠯᠡᠪᠡ︶ ᠳᠣᠯᠣᠳᠤᠭᠠᠷ | ᠵᠤᠷᠪᠤᠰ ᠲᠤ᠂ ᠶᠠᠮᠠᠷᠪᠠ ᠵᠣᠬᠢᠶᠠᠨ ᠪᠠᠶᠢᠭᠤᠯᠤᠯᠲᠠ ᠪᠤᠶᠤ ᠬᠤᠪᠢ ᠬᠥᠮᠦᠨ ᠨᠢ ᠬᠥᠳᠡᠯᠮᠦᠷᠢ ᠶᠢᠨ ᠪᠠᠲᠤᠯᠠᠭ᠎ᠠ ᠶᠢᠨ | ᠬᠠᠤᠯᠢ ᠴᠠᠭᠠᠵᠠ᠂ ᠬᠠᠤᠯᠢ ᠲᠣᠭᠲᠠᠭᠠᠯ ᠪᠤᠶᠤ ᠤᠯᠤᠰ ᠤᠨ ᠪᠤᠰᠤᠳ ᠬᠤᠯᠪᠣᠭᠳᠠᠯ ᠪᠥᠬᠦᠶ ᠲᠣᠭᠲᠠᠭᠠᠯ ᠢ | ᠵᠥᠷᠢᠴᠡᠭᠰᠡᠨ ᠦᠢᠯᠡ ᠠᠵᠢᠯᠯᠠᠭ᠎ᠠ ᠶᠢ ᠬᠥᠳᠡᠯᠮᠦᠷᠢ ᠶᠢᠨ ᠪᠠᠲᠤᠯᠠᠭ᠎ᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ | ᠢᠯᠡᠴᠢᠯᠡᠨ ᠮᠡᠳᠡᠭᠦᠯᠬᠦ ᠡᠷᠬᠡ ᠲᠠᠢ᠃ ᠬᠥᠳᠡᠯᠮᠦᠷᠢ ᠶᠢᠨ ᠪᠠᠲᠤᠯᠠᠭ᠎ᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ | ᠢᠯᠡᠴᠢᠯᠡᠨ ᠮᠡᠳᠡᠭᠦᠯᠦᠭᠴᠢ ᠶᠢᠨ ᠨᠢᠭᠤᠴᠠ ᠶᠢ ᠬᠠᠮᠠᠭᠠᠯᠠᠬᠤ ᠬᠡᠷᠡᠭᠲᠡᠶ᠃ ᠢᠯᠡᠴᠢᠯᠡᠨ ᠮᠡᠳᠡᠭᠦᠯᠦᠭᠰᠡᠨ ᠨᠢ ᠦᠨᠡᠨ | ᠪᠣᠳᠠᠲᠠᠶ ᠪᠠᠶᠢᠵᠤ᠂ ᠬᠥᠳᠡᠯᠮᠦᠷᠢ ᠶᠢᠨ ᠪᠠᠲᠤᠯᠠᠭ᠎ᠠ ᠶᠢᠨ ᠬᠠᠤᠯᠢ ᠴᠠᠭᠠᠵᠠ᠂ ᠬᠠᠤᠯᠢ ᠲᠣᠭᠲᠠᠭᠠᠯ ᠪᠤᠶᠤ ᠤᠯᠤᠰ ᠤᠨ | ᠪᠤᠰᠤᠳ ᠬᠤᠯᠪᠣᠭᠳᠠᠯ ᠪᠦᠬᠦᠢ ᠲᠣᠭᠲᠠᠭᠠᠯ ᠢ ᠬᠦᠨᠳᠦ ᠨᠣᠴᠢᠲᠠᠶ ᠵᠥᠷᠢᠴᠡᠭᠰᠡᠨ ᠦᠢᠯᠡ ᠠᠵᠢᠯᠯᠠᠭ᠎ᠠ ᠶᠢ ᠪᠠᠶᠢᠴᠠᠭᠠᠨ | ᠰᠢᠢᠳᠪᠦᠷᠢᠯᠡᠬᠦ ᠳᠤ ᠭᠤᠣᠯ ᠰᠦᠪᠡᠭᠴᠢ ᠪᠠ ᠭᠡᠷᠡᠴᠢ ᠪᠠᠷᠢᠮᠲᠠ ᠬᠠᠩᠭᠠᠭᠰᠠᠨ ᠢᠯᠡᠴᠢᠯᠡᠨ ᠮᠡᠳᠡᠭᠦᠯᠦᠭᠴᠢ ᠶᠢ ᠱᠠᠩᠨᠠᠨ | ᠬᠥᠬᠢᠭᠦᠯᠦᠨ᠎ᠡ᠃ | | ᠰᠦᠢᠳᠬᠡᠯ ᠬᠤᠷᠢᠶᠠᠬᠤ ᠪᠠᠷᠢᠮᠵᠢᠶ᠎ᠠ ᠪᠣᠯᠤᠨ ᠦᠨᠳᠦᠰᠦᠯᠡᠯ | ᠰᠦᠢᠳᠬᠡᠯ ᠬᠤᠷᠢᠶᠠᠬᠤ ᠪᠠᠷᠢᠮᠵᠢᠶ᠎ᠠ ᠪᠠ ᠦᠨᠳᠦᠰᠦᠯᠡᠯ ᠲᠦᠷ ᠪᠠᠶᠢᠬᠤ ᠦᠭᠡᠢ | | ᠭᠦᠢᠴᠡᠳᠬᠡᠬᠦ ᠭᠠᠵᠠᠷ᠄ ᠠᠷᠤ ᠬᠤᠷᠴᠢᠨ ᠬᠤᠰᠢᠭᠤᠨ ᠤ ᠲᠢᠶᠠᠨ ᠶᠤᠸᠠᠨ ᠶᠡᠭᠡ ᠵᠡᠭᠡᠯᠢ ᠶᠢᠨ ᠬᠤᠶᠢᠲᠤ | ᠲᠠᠯ᠎ᠠ ᠶᠢᠨ 45 ᠳ᠋ᠤᠭᠠᠷ ᠨᠤᠮᠧᠷ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠬᠤᠶᠠᠳᠤᠭᠠᠷ | ᠳᠠᠪᠬᠤᠷᠯᠢᠭ ᠤᠨ 9᠂10 ᠳ᠋ᠤᠭᠠᠷ ᠴᠣᠩᠬᠤ | | ᠭᠦᠢᠴᠡᠳᠬᠡᠬᠦ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ ᠦᠳᠡ ᠶᠢᠨ ᠡᠮᠦᠨᠡᠬᠢ 8᠄ | 30— 11᠄ 30᠂ ᠦᠳᠡ ᠶᠢᠨ ᠬᠤᠶᠢᠨᠠᠬᠢ 14᠄ 30 — 17᠄ 30 ︵ᠬᠠᠤᠯᠢ ᠪᠠᠷ ᠲᠣᠭᠲᠠᠭᠠᠭᠰᠠᠨ | ᠪᠠᠶᠠᠷ ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠠᠴᠠ ᠭᠠᠳᠠᠨ᠎ᠠ︶ | | ᠨᠡᠶᠢᠲᠡ ᠶᠢᠨ ᠮᠠᠰᠢᠨ ᠲᠡᠷᠭᠡᠨ ᠤ ᠵᠠᠮ ᠱᠤᠭᠤᠮ᠄ ᠴᠢᠪᠠᠭ᠎ᠠ ᠪᠠᠯᠭᠠᠰᠤᠨ ᠤ 2᠂ 3 ᠳ᠋ᠤᠭᠠᠷ ᠵᠠᠮ ᠤᠨ | ᠨᠡᠶᠢᠲᠡ ᠶᠢᠨ ᠮᠠᠰᠢᠨ ᠲᠡᠷᠭᠡᠨ ᠳᠤ ᠰᠠᠭᠤᠵᠤ ᠵᠠᠮ ᠬᠠᠷᠢᠯᠴᠠᠭᠠᠨ ᠤ ᠲᠣᠪᠴᠢᠶ᠎ᠠ ᠶᠢᠨ ᠥᠷᠲᠡᠭᠡᠨ ᠳᠤ ᠪᠠᠭᠤᠨ᠎ᠠ᠂ 1 | ᠳ᠋ᠦ᠋ᠭᠡᠷ ᠵᠠᠮ ᠤᠨ ᠨᠡᠶᠢᠲᠡ ᠶᠢᠨ ᠮᠠᠰᠢᠨ ᠲᠡᠷᠭᠡᠨ ᠳᠤ ᠰᠠᠭᠤᠵᠤ ᠬᠤᠲᠠ ᠶᠢᠨ ᠪᠥᠲᠥᠭᠡᠨ ᠪᠠᠶᠢᠭᠤᠯᠤᠯᠲᠠ ᠶᠢᠨ | ᠲᠣᠪᠴᠢᠶ᠎ᠠ ᠶᠢᠨ ᠥᠷᠲᠡᠭᠡᠨ ᠳᠤ ᠪᠠᠭᠤᠨ᠎ᠠ᠂ ᠵᠡᠭᠦᠨᠰᠢ 100 ᠮᠧᠲᠷ ᠤᠨ ᠵᠠᠮ ᠤᠨ ᠬᠤᠶᠢᠲᠤ ᠲᠠᠯ᠎ᠠ | | | ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ ᠠᠴᠠ ᠣᠷᠴᠢᠭᠤᠯᠤᠨ | ᠨᠡᠶᠢᠲᠡᠯᠡᠪᠡ᠃ | | ᠨᠠᠷᠢᠨ ᠠᠭᠤᠯᠭ᠎ᠠ ᠶᠢ ᠨᠢ ᠳᠤᠤᠷᠠᠬᠢ ᠰᠦᠯᠵᠢᠶᠡᠨ ᠤ ᠬᠠᠶ᠋ᠢᠭ ᠢᠶᠠᠷ ᠦᠵᠡᠭᠡᠷᠡᠢ᠄ |