ᠬᠦᠯᠢᠶᠡᠨ ᠰᠢᠢᠳᠪᠦᠷᠢᠯᠡᠬᠦ ᠨᠥᠬᠦᠴᠡᠯ | ︵ᠨᠢᠭᠡ︶ ᠵᠥᠪᠰᠢᠶᠡᠷᠡᠬᠦ ᠨᠥᠬᠦᠴᠡᠯ᠄ ᠣᠨᠴᠠᠭᠠᠶ ᠲᠡᠳᠬᠦᠨ ᠳᠡᠮᠵᠢᠬᠦ ᠡᠲᠡᠭᠡᠳ ᠨᠢ ᠳᠣᠣᠷᠠᠬᠢ | ᠨᠥᠬᠦᠴᠡᠯ ᠢ ᠬᠠᠮᠲᠤ ᠳᠤᠨᠢ ᠪᠦᠷᠢᠯᠳᠦᠭᠦᠯᠦᠭᠰᠡᠨ ᠪᠠᠶᠢᠬᠤ ᠬᠡᠷᠡᠭᠲᠡᠶ᠄ 1. 1933 ᠣᠨ ᠤ 1 ᠰᠠᠷ᠎ᠠ ᠶᠢᠨ 1 ᠤ | ᠡᠳᠦᠷ ᠠᠴᠠ ᠬᠤᠶᠢᠨ᠎ᠠ ᠲᠦᠷᠦᠭᠰᠡᠨ᠃ 2. ᠡᠮᠡᠭᠲᠡᠶ ᠡᠲᠡᠭᠡᠳ ᠨᠢ ᠪᠦᠬᠦᠯᠢ 49 ᠨᠠᠰᠤ ᠬᠦᠷᠦᠭᠰᠡᠨ᠃ 3. ᠨᠢᠭᠡ | ᠯᠡ ᠬᠡᠦᠬᠡᠳ ᠠᠪᠬᠤ ᠪᠤᠶᠤ ᠬᠠᠤᠯᠢ ᠶᠣᠰᠣᠭᠠᠷ ᠨᠢᠭᠡ ᠬᠡᠦᠬᠡᠳ ᠡᠷᠭᠦᠨ ᠲᠡᠵᠢᠭᠡᠭᠰᠡᠨ᠃ 4. ᠣᠳᠣ ᠠᠮᠢᠳᠤ | ᠦᠯᠡᠳᠡᠭᠰᠡᠨ ᠦᠷ᠎ᠡ ᠬᠡᠦᠬᠡᠳ ᠦᠭᠡᠢ ᠪᠤᠶᠤ ᠦᠷ᠎ᠡ ᠶᠢᠨ ᠭᠠᠭᠴᠠ ᠬᠡᠦᠬᠡᠳ ᠢ ᠵᠡᠮᠳᠡᠭ ᠭᠡᠵᠦ ᠬᠠᠤᠯᠢ ᠶᠣᠰᠣᠭᠠᠷ | ᠬᠢᠨᠠᠨ ᠲᠣᠭᠲᠠᠭᠠᠭᠰᠠᠨ ︵ᠰᠢᠷᠬ᠎ᠠ᠂ ᠡᠪᠡᠳᠴᠢᠨ ᠵᠡᠮᠳᠡᠭ ᠤᠨ ᠳᠡᠰ ᠨᠢ ᠭᠤᠷᠪᠠᠳᠤᠭᠠᠷ ᠳᠡᠰ ᠠᠴᠠ ᠳᠡᠭᠡᠭᠰᠢ︶᠃ ︵ | ᠬᠤᠶᠠᠷ︶ ᠦᠯᠦ ᠵᠥᠪᠰᠢᠶᠡᠷᠡᠬᠦ ᠨᠥᠬᠦᠴᠡᠯ᠄ 1. ᠭᠤᠶᠤᠴᠢᠯᠠᠭᠴᠢ ᠨᠢ ᠵᠥᠪᠰᠢᠶᠡᠷᠡᠬᠦ ᠨᠥᠬᠦᠴᠡᠯ ᠳᠤ ᠨᠡᠶᠢᠴᠡᠬᠦ | ᠦᠭᠡᠢ ᠪᠠᠶᠢᠬᠤ᠃ 2. ᠭᠤᠶᠤᠴᠢᠯᠠᠭᠴᠢ ᠶᠢᠨ ᠳᠡᠪᠰᠢᠭᠦᠯᠦᠭᠰᠡᠨ ᠭᠤᠶᠤᠴᠢᠯᠠᠯ ᠤᠨ ᠮᠠᠲ᠋ᠧᠷᠢᠶᠠᠯ ᠨᠢ ᠬᠤᠳᠠᠯ | ᠬᠠᠭᠤᠷᠮᠠᠭ᠃ ︵ᠭᠤᠷᠪᠠ︶ ᠲᠣᠳᠣᠷᠬᠠᠶᠢᠯᠠᠬᠤ ᠴᠢᠬᠤᠯᠠᠲᠠᠶ ᠪᠤᠰᠤᠳ ᠪᠠᠶᠢᠳᠠᠯ᠄ ᠬᠢᠨᠠᠨ ᠵᠥᠪᠰᠢᠶᠡᠷᠡᠬᠦ ᠲᠤᠭ᠎ᠠ | ᠬᠡᠮᠵᠢᠶᠡᠨ ᠤ ᠬᠢᠵᠠᠭᠠᠷᠯᠠᠯ ᠪᠠᠶᠢᠬᠤ ᠦᠭᠡᠢ᠃ | | | ᠲᠣᠭᠲᠠᠭᠠᠭᠰᠠᠨ ᠦᠨᠳᠦᠰᠦᠯᠡᠯ | 【 ᠬᠠᠤᠯᠢ ᠴᠠᠭᠠᠵᠠ 】 ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠥᠮᠦᠨ ᠠᠮᠠ | ᠬᠢᠭᠡᠳ ᠲᠥᠯᠥᠪᠯᠡᠭᠡ ᠲᠠᠢ ᠪᠠᠷ ᠬᠡᠦᠬᠡᠳ ᠠᠪᠬᠤ ᠬᠠᠤᠯᠢ︾ ᠶᠢᠨ ᠬᠤᠷᠢᠨ ᠳᠣᠯᠣᠳᠤᠭᠠᠷ ᠵᠤᠷᠪᠤᠰ ᠲᠤ᠂ | ᠤᠯᠤᠰ ᠠᠴᠠ ᠡᠷ᠎ᠡ ᠡᠮ᠎ᠡ ᠬᠤᠶᠠᠭᠤᠯᠠ ᠨᠢᠭᠡ ᠯᠡ ᠬᠡᠦᠬᠡᠳ ᠠᠪᠬᠤ ᠶᠢ ᠰᠠᠨᠠᠭᠠᠴᠢᠯᠠᠵᠤ ᠪᠠᠶᠢᠭᠰᠠᠨ | ᠬᠤᠭᠤᠴᠠᠭᠠᠨ ᠳᠤ ᠰᠠᠶᠢᠨ ᠳᠤᠷ᠎ᠠ ᠠᠴᠠ ᠪᠠᠨ ᠨᠠᠰᠤᠨ ᠲᠤᠷᠰᠢ ᠨᠢᠭᠡ ᠯᠡ ᠬᠡᠦᠬᠡᠳ ᠠᠪᠤᠭᠰᠠᠨ ᠡᠷ᠎ᠡ ᠡᠮ᠎ᠡ ᠳᠤ | ᠤᠯᠤᠰ ᠠᠴᠠ ︽ᠭᠠᠭᠴᠠ ᠬᠡᠦᠬᠡᠳ ᠤᠨ ᠡᠴᠢᠭᠡ ᠡᠬᠡ ᠶᠢᠨ ᠢᠷᠠᠭᠤ ᠠᠯᠳᠠᠷ ᠤᠨ ᠦᠨᠡᠮᠯᠡᠯ︾ ᠣᠯᠭᠤᠨ᠎ᠠ᠃ ︽ | ᠭᠠᠭᠴᠠ ᠬᠡᠦᠬᠡᠳ ᠤᠨ ᠡᠴᠢᠭᠡ ᠡᠬᠡ ᠶᠢᠨ ᠢᠷᠠᠭᠤ ᠠᠯᠳᠠᠷ ᠤᠨ ᠦᠨᠡᠮᠯᠡᠯ︾ ᠣᠯᠤᠭᠰᠠᠨ ᠡᠷ᠎ᠡ ᠡᠮ᠎ᠡ ᠳᠤ | ᠤᠯᠤᠰ ᠤᠨ ᠪᠠ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠬᠤᠯᠪᠣᠭᠳᠠᠯ ᠪᠦᠬᠦᠢ | ᠲᠣᠭᠲᠠᠭᠠᠯ ᠶᠣᠰᠣᠭᠠᠷ ᠭᠠᠭᠴᠠ ᠬᠡᠦᠬᠡᠳ ᠤᠨ ᠡᠴᠢᠭᠡ ᠡᠬᠡ ᠶᠢᠨ ᠱᠠᠩᠨᠠᠯ ᠬᠥᠬᠢᠭᠦᠯᠦᠯ ᠢ ᠬᠦᠷᠲᠡᠭᠡᠨ᠎ᠡ᠃ ᠬᠠᠤᠯᠢ | ᠴᠠᠭᠠᠵᠠ᠂ ᠬᠠᠤᠯᠢ ᠲᠣᠭᠲᠠᠭᠠᠯ ᠪᠤᠶᠤ ᠲᠦᠷᠢᠮ ᠲᠣᠭᠲᠠᠭᠠᠯ ᠳᠤ ︽ᠭᠠᠭᠴᠠ ᠬᠡᠦᠬᠡᠳ ᠤᠨ ᠡᠴᠢᠭᠡ ᠡᠭᠡ ᠶᠢᠨ | ᠢᠷᠠᠭᠤ ᠠᠯᠳᠠᠷ ᠤᠨ ᠦᠨᠡᠮᠯᠡᠯ︾ ᠣᠯᠤᠭᠰᠠᠨ ᠡᠷ᠎ᠡ ᠡᠮ᠎ᠡ ᠶᠢ ᠱᠠᠩᠨᠠᠨ ᠬᠥᠬᠢᠭᠦᠯᠬᠦ ᠠᠷᠭ᠎ᠠ ᠬᠡᠮᠵᠢᠶ᠎ᠡ ᠶᠢ ᠲᠡᠭᠦᠨ ᠤ | ᠪᠠᠶᠢᠭ᠎ᠠ ᠪᠠᠶᠢᠭᠤᠯᠭ᠎ᠠ ᠨᠢᠭᠡᠴᠢ ᠠᠴᠠ ᠨᠢ ᠨᠠᠶᠢᠳᠠᠪᠤᠷᠢᠵᠢᠭᠤᠯᠬᠤ ᠪᠠᠷ ᠲᠣᠭᠲᠠᠭᠠᠭᠰᠠᠨ ᠪᠠᠶᠢᠪᠠᠯ᠂ ᠬᠤᠯᠪᠣᠭᠳᠠᠯ ᠪᠦᠬᠦᠢ | ᠪᠠᠶᠢᠭᠤᠯᠭ᠎ᠠ ᠨᠢᠭᠡᠴᠢ ᠠᠴᠠ ᠨᠠᠶᠢᠳᠠᠪᠤᠷᠢᠵᠢᠭᠤᠯᠬᠤ ᠬᠡᠷᠡᠭᠲᠡᠶ᠃ ︽ᠭᠠᠭᠴᠠ ᠬᠡᠦᠬᠡᠳ ᠤᠨ ᠡᠴᠢᠭᠡ ᠡᠭᠡ ᠶᠢᠨ ᠢᠷᠠᠭᠤ | ᠠᠯᠳᠠᠷ ᠤᠨ ᠦᠨᠡᠮᠯᠡᠯ︾ ᠣᠯᠤᠭᠰᠠᠨ ᠡᠷ᠎ᠡ ᠡᠮ᠎ᠡ ᠶᠢᠨ ᠭᠠᠭᠴᠠ ᠬᠡᠦᠬᠡᠳ ᠨᠢ ᠰᠠᠨᠠᠭᠠᠨ ᠳᠤ ᠤᠢᠭᠡᠢ ᠪᠠᠷ | ᠰᠢᠷᠬᠠᠲᠤᠵᠤ ᠵᠡᠮᠳᠡᠭ ᠪᠣᠯᠤᠭᠰᠠᠨ᠂ ᠤᠢᠬᠦᠭᠰᠡᠠ ᠪᠠᠶᠢᠪᠠᠯ᠂ ᠲᠣᠭᠲᠠᠭᠠᠯ ᠶᠣᠰᠣᠭᠠᠷ ᠲᠡᠳᠬᠦᠮᠵᠢ ᠣᠯᠤᠨ᠎ᠠ᠃ | ᠤᠯᠤᠰ ᠠᠴᠠ ᠡᠷ᠎ᠡ ᠡᠮ᠎ᠡ ᠬᠤᠶᠠᠭᠤᠯᠠ ᠨᠢᠭᠡ ᠯᠡ ᠬᠡᠦᠬᠡᠳ ᠠᠪᠬᠤ ᠶᠢ ᠰᠠᠨᠠᠭᠠᠴᠢᠯᠠᠵᠤ ᠪᠠᠶᠢᠭᠰᠠᠨ | ᠬᠤᠭᠤᠴᠠᠭᠠᠨ ᠳᠤ᠂ ᠲᠣᠭᠲᠠᠭᠠᠯ ᠶᠣᠰᠣᠭᠠᠷ ᠲᠥᠯᠥᠪᠯᠡᠭᠡ ᠲᠠᠢ ᠪᠠᠷ ᠬᠡᠦᠬᠡᠳ ᠠᠪᠤᠭᠰᠠᠨ ᠭᠡᠷ ᠪᠦᠯᠢ ᠶᠢᠨ | ᠨᠠᠰᠤᠲᠠᠶᠢᠴᠤᠳ ᠱᠠᠩᠨᠠᠯ ᠲᠡᠳᠬᠦᠮᠵᠢ ᠶᠢ ᠬᠦᠷᠳᠡᠬᠦ ᠶᠣᠰᠣᠲᠠᠢ ᠪᠠᠶᠢᠪᠠᠯ᠂ ᠬᠤᠯᠪᠣᠭᠳᠠᠯ ᠪᠦᠬᠦᠢ ᠱᠠᠩᠨᠠᠯ | ᠲᠡᠳᠬᠦᠮᠵᠢ ᠶᠢ ᠦᠷᠭᠦᠯᠵᠢᠯᠡᠨ ᠬᠦᠷᠳᠡᠨ᠎ᠠ᠃ | | ᠰᠦᠢᠳᠬᠡᠯ ᠬᠤᠷᠢᠶᠠᠬᠤ ᠪᠠᠷᠢᠮᠵᠢᠶ᠎ᠠ ᠪᠣᠯᠤᠨ ᠦᠨᠳᠦᠰᠦᠯᠡᠯ | ᠰᠦᠢᠳᠬᠡᠯ ᠬᠤᠷᠢᠶᠠᠬᠤ ᠪᠠᠷᠢᠮᠵᠢᠶ᠎ᠠ ᠪᠠ ᠦᠨᠳᠦᠰᠦᠯᠡᠯ ᠲᠦᠷ ᠪᠠᠶᠢᠬᠤ ᠦᠭᠡᠢ᠃ | | ᠭᠦᠢᠴᠡᠳᠬᠡᠬᠦ ᠭᠠᠵᠠᠷ᠄ ᠠᠷᠤ ᠬᠤᠷᠴᠢᠨ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠲᠥᠪ ᠤᠨ ᠬᠤᠶᠠᠳᠤᠭᠠᠷ ᠳᠠᠪᠬᠤᠷᠭ᠎ᠠ ᠶᠢᠨ 46 — 50 ᠳ᠋ᠤᠭᠠᠷ ᠶᠡᠷᠦᠩᠬᠡᠶᠢᠯᠡᠭᠰᠡᠨ ᠭᠥᠯᠢᠶᠡᠨ ᠠᠪᠴᠤ | ᠰᠢᠢᠳᠪᠦᠷᠢᠯᠡᠬᠦ ᠴᠣᠩᠬᠤ | | ᠭᠦᠢᠴᠡᠳᠬᠡᠬᠦ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ ᠦᠳᠡ ᠶᠢᠨ ᠡᠮᠦᠨᠡᠬᠢ 8᠄ 30 | — 11᠄ 30᠂ ᠦᠳᠡ ᠶᠢᠨ ᠬᠤᠶᠢᠨᠠᠬᠢ 2᠄ 30 — 5᠄ 30 ︵ᠬᠠᠤᠯᠢ ᠪᠠᠷ ᠲᠣᠭᠲᠠᠭᠠᠭᠰᠠᠨ ᠪᠠᠶᠠᠷ | ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠠᠴᠠ ᠭᠠᠳᠠᠨ᠎ᠠ︶ | | ᠨᠡᠶᠢᠲᠡ ᠶᠢᠨ ᠮᠠᠰᠢᠨ ᠲᠡᠷᠭᠡᠨ ᠤ ᠵᠠᠮ ᠱᠤᠭᠤᠮ᠄ ᠴᠢᠪᠠᠭ᠎ᠠ ᠪᠠᠯᠭᠠᠰᠤᠨ ᠤ 2᠂ 3 ᠳ᠋ᠤᠭᠠᠷ ᠵᠠᠮ ᠤᠨ | ᠨᠡᠶᠢᠲᠡ ᠶᠢᠨ ᠮᠠᠰᠢᠨ ᠲᠡᠷᠭᠡᠨ ᠳᠤ ᠰᠠᠭᠤᠵᠤ ᠵᠠᠮ ᠬᠠᠷᠢᠯᠴᠠᠭᠠᠨ ᠤ ᠲᠣᠪᠴᠢᠶ᠎ᠠ ᠶᠢᠨ ᠥᠷᠲᠡᠭᠡᠨ ᠳᠤ ᠪᠠᠭᠤᠨ᠎ᠠ᠂ 1 | ᠳ᠋ᠦ᠋ᠭᠡᠷ ᠵᠠᠮ ᠤᠨ ᠨᠡᠶᠢᠲᠡ ᠶᠢᠨ ᠮᠠᠰᠢᠨ ᠲᠡᠷᠭᠡᠨ ᠳᠤ ᠰᠠᠭᠤᠵᠤ ᠬᠤᠲᠠ ᠶᠢᠨ ᠪᠥᠲᠥᠭᠡᠨ ᠪᠠᠶᠢᠭᠤᠯᠤᠯᠲᠠ ᠶᠢᠨ | ᠲᠣᠪᠴᠢᠶ᠎ᠠ ᠶᠢᠨ ᠥᠷᠲᠡᠭᠡᠨ ᠳᠤ ᠪᠠᠭᠤᠨ᠎ᠠ᠂ ᠵᠡᠭᠦᠨᠰᠢ 100 ᠮᠧᠲᠷ ᠤᠨ ᠵᠠᠮ ᠤᠨ ᠬᠤᠶᠢᠲᠤ ᠲᠠᠯ᠎ᠠ | | | ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ ᠠᠴᠠ ᠣᠷᠴᠢᠭᠤᠯᠤᠨ | ᠨᠡᠶᠢᠲᠡᠯᠡᠪᠡ᠃ | | ᠨᠠᠷᠢᠨ ᠠᠭᠤᠯᠭ᠎ᠠ ᠶᠢ ᠨᠢ ᠳᠤᠤᠷᠠᠬᠢ ᠰᠦᠯᠵᠢᠶᠡᠨ ᠤ ᠬᠠᠶ᠋ᠢᠭ ᠢᠶᠠᠷ ᠦᠵᠡᠭᠡᠷᠡᠢ᠄ |