ᠪᠠᠷᠠᠭᠤᠨ ᠬᠡᠰᠡᠭ ᠤᠨ ᠭᠠᠵᠠᠷ ᠣᠷᠣᠨ ᠤ ᠴᠥᠭᠡᠨ ᠲᠥᠷᠥᠵᠦ ᠲᠦᠷᠭᠡᠨ ᠪᠠᠶᠠᠵᠢᠬᠤ ᠢᠨᠵᠧᠨᠧᠷᠢᠩ
ᠨᠡᠶᠢᠲᠡᠯᠡᠭᠰᠡᠨ ᠴᠠᠭ᠄
2021/10/18
ᠬᠦᠯᠢᠶᠡᠨ ᠰᠢᠢᠳᠪᠦᠷᠢᠯᠷᠡᠬᠦ ᠨᠥᠬᠦᠴᠡᠯ        1. ᠡᠷ᠎ᠡ ᠡᠮ᠎ᠡ ᠬᠤᠶᠠᠭᠤᠯᠠ ᠪᠠᠨ ᠴᠥᠮ ᠲᠠᠷᠢᠶᠠᠯᠠᠩ ᠮᠠᠯ ᠠᠵᠤ ᠠᠬᠤᠶ ᠶᠢᠨ ᠡᠷᠦᠬᠡ ᠠᠮᠠ ᠪᠣᠯᠬᠤ ᠪᠤᠶᠤ ᠮᠠᠯᠴᠢᠨ ᠲᠠᠷᠢᠶᠠᠴᠢᠨ ᠢᠶᠠᠷ ᠵᠠᠭᠠᠭᠯᠠᠨ ᠲᠣᠭᠲᠠᠭᠠᠭᠰᠠᠨ ᠮᠥᠷᠲᠡᠭᠡᠨ ᠡᠷᠦᠬᠡ ᠠᠮᠠ ᠶᠢᠨ ᠳᠡᠩᠰᠡᠯᠡᠯᠲᠡ ᠨᠢ ᠣᠲᠣ ᠶᠢᠨ ᠬᠡᠷᠡᠭᠵᠢᠭᠦᠯᠵᠦ ᠪᠠᠶᠢᠭ᠎ᠠ ᠭᠤᠷᠪᠠᠨ ᠬᠡᠤᠬᠡᠳ ᠠᠪᠬᠤ ᠶᠢ ᠨᠡᠶᠢᠳᠡᠮ ᠵᠥᠪᠰᠢᠶᠡᠷᠡᠵᠦ ᠪᠠᠶᠢᠭ᠎ᠠ ᠭᠠᠵᠠᠷ ᠣᠷᠣᠨ ᠳᠤ ᠪᠠᠶᠢᠬᠤ᠃ 2. ᠡᠷ᠎ᠡ ᠡᠮ᠎ᠡ ᠶᠢᠨ ᠨᠢᠭᠡ ᠡᠲᠡᠭᠡᠳ ᠪᠤᠶᠤ ᠬᠤᠶᠠᠷ ᠡᠲᠡᠭᠡᠳ ᠢᠶᠠᠷ ᠢᠶᠠᠨ ᠮᠣᠩᠭᠤᠯ ᠦᠨᠳᠦᠰᠦᠲᠡᠨ᠃ 3. ᠡᠮᠡᠭᠲᠡᠶ ᠡᠲᠡᠭᠡᠳ ᠨᠢ ᠪᠦᠬᠦᠯᠢ 49 ᠨᠠᠰᠤᠨ ᠤ ᠳᠣᠲᠣᠷ᠎ᠠ ᠪᠠᠶᠢᠬᠤ᠃ 4. ᠡᠷ᠎ᠡ ᠡᠮ᠎ᠡ ᠬᠤᠶᠠᠭᠤᠯᠠ ᠪᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠮᠦᠨ ᠠᠮᠠ ᠬᠢᠭᠡᠳ ᠲᠥᠯᠥᠪᠯᠡᠭᠡᠲᠦ ᠦᠷᠡᠵᠢᠯ ᠤᠨ ᠲᠦᠷᠢᠮ︾ ᠤᠨ ᠬᠡᠤᠬᠡᠳ ᠠᠪᠬᠤ ᠲᠤᠭ᠎ᠠ ᠬᠡᠮᠵᠢᠶ᠎ᠡ ᠶᠢᠨ ᠲᠣᠭᠲᠠᠭᠠᠯ ᠶᠣᠰᠣᠭᠠᠷ ᠬᠡᠤᠬᠡᠳ ᠠᠪᠴᠤ᠂ ᠣᠲᠣ ᠪᠠᠶᠢᠭ᠎ᠠ ᠬᠤᠶᠠᠷ ᠬᠡᠤᠬᠡᠳ ᠨᠢ ᠴᠥᠮ ᠥᠬᠢᠨ ᠪᠣᠯᠤᠨ᠎ᠠ᠃ 5. ᠭᠤᠷᠪᠠᠳᠤᠭᠠᠷ ᠬᠡᠦᠬᠡᠳ ᠠᠪᠬᠤ ᠪᠠᠨ ᠰᠠᠶᠢᠨ ᠳᠤᠷ᠎ᠠ ᠠᠴᠠ ᠪᠠᠨ ᠵᠣᠭᠰᠣᠭᠰᠠᠨ᠃ 6. ᠨᠢᠭᠡᠨᠲᠡ ᠦᠷᠡᠵᠢᠯ ᠢ ᠬᠤᠷᠢᠭᠯᠠᠬᠤ ᠮᠡᠰᠡ ᠵᠠᠰᠠᠯ ᠬᠢᠭᠰᠡᠨ᠃ ᠤᠷᠤᠬ ᠰᠠᠯᠤᠭᠰᠠᠨ᠂ ᠬᠠᠨᠢ ᠨᠦᠬᠦᠷ ᠢᠶᠠᠨ ᠠᠯᠳᠠᠭᠠᠳ ᠤᠳᠦ ᠬᠠᠨᠢ ᠨᠦᠬᠦᠷ ᠤᠢᠭᠡᠢ ᠪᠣᠯᠤᠭᠰᠠᠨ ᠪᠠᠶᠢᠪᠠᠯ᠂ ᠢᠨᠵᠧᠨᠧᠷᠢᠩ ᠶᠢ ᠬᠡᠷᠡᠭᠵᠢᠭᠦᠯᠬᠦ ᠬᠡᠪᠴᠢᠶᠡᠨ ᠳᠤ ᠣᠷᠣᠭᠤᠯᠬᠤ ᠤᠢᠭᠡᠢ᠃ᠲᠣᠭᠲᠠᠭᠠᠭᠰᠠᠨ ᠦᠨᠳᠦᠰᠦᠯᠡᠯ       【︽ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ】 ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠮᠦᠨ ᠠᠮᠠ ᠬᠢᠭᠡᠳ ᠲᠥᠯᠥᠪᠯᠡᠭᠡᠲᠦ ᠦᠷᠡᠵᠢᠯ ᠤᠨ ᠲᠦᠷᠢᠮ︾ ︵2016 ᠣᠨ ᠤ ᠵᠠᠰᠠᠪᠤᠷᠢ ᠣᠷᠣᠭᠤᠯᠤᠭᠰᠠᠨ ᠳᠡᠪᠲᠡᠷ︶ ᠤᠨ ᠭᠤᠴᠢᠨ ᠨᠠᠶᠢᠮᠠᠳᠤᠭᠠᠷ ᠵᠤᠷᠪᠤᠰ ᠲᠤ᠂ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠦᠨᠳᠦᠰᠦᠨ ᠨᠠᠰᠤᠵᠢᠯ ᠤᠨ ᠳᠠᠭᠠᠳᠬᠠᠯ᠂ ᠦᠨᠳᠦᠰᠦᠨ ᠡᠮᠴᠢᠯᠡᠭᠡᠨ ᠤ ᠳᠠᠭᠠᠳᠬᠠᠯ᠂ ᠦᠷᠡᠵᠢᠯ ᠤᠨ ᠳᠠᠭᠠᠳᠬᠠᠯ ᠪᠠ ᠨᠡᠶᠢᠭᠡᠮ ᠤᠨ ᠠᠰᠠᠷᠠᠮᠵᠢ ᠵᠡᠷᠭᠡ ᠨᠡᠶᠢᠭᠡᠮ ᠤᠨ ᠪᠠᠲᠤᠯᠠᠭ᠎ᠠ ᠶᠢᠨ ᠲᠦᠷᠢᠮ ᠢ ᠪᠠᠶᠢᠭᠤᠯᠤᠨ ᠪᠦᠷᠢᠨᠰᠢᠬᠦᠯᠬᠦ ᠬᠡᠷᠡᠭᠲᠡᠶ᠃ ᠲᠠᠷᠢᠶᠠᠯᠠᠬᠤ ᠮᠠᠯᠵᠢᠬᠤ ᠣᠷᠣᠨ ᠳᠤ ᠵᠠᠰᠠᠭ ᠤᠨ ᠣᠷᠳᠣᠨ ᠠᠴᠠ ᠬᠥᠲᠥᠯᠥᠨ ᠵᠢᠯᠣᠭᠤᠳᠬᠤ᠂ ᠲᠠᠷᠢᠶᠠᠴᠢᠨ ᠮᠠᠯᠴᠢᠳ ᠰᠠᠶᠢᠨ ᠳᠤᠷ᠎ᠠ ᠠᠴᠠ ᠪᠠᠨ ᠪᠠᠶᠢᠬᠤ ᠵᠠᠷᠴᠢᠮ ᠢ ᠦᠨᠳᠦᠰᠦᠯᠡᠨ᠂ ᠤᠯᠠᠨ ᠵᠦᠢᠯ ᠤᠨ ᠬᠡᠯᠪᠡᠷᠢ ᠮᠠᠶ᠋ᠢᠭ ᠪᠥᠬᠦᠢ ᠨᠠᠰᠤᠵᠢᠯ ᠤᠨ ᠠᠰᠠᠷᠠᠮᠵᠢ ᠶᠢᠨ ᠪᠠᠲᠤᠯᠠᠭ᠎ᠠ ᠶᠢᠨ ᠠᠷᠭ᠎ᠠ ᠶᠢ ᠬᠡᠷᠡᠭᠵᠢᠭᠦᠯᠵᠦ᠂ ᠲᠥᠯᠥᠪᠯᠡᠭᠡ ᠲᠠᠢ ᠪᠠᠷ ᠬᠡᠦᠬᠡᠳ ᠠᠪᠬᠤ ᠶᠢ ᠠᠬᠢᠭᠤᠯᠵᠤ ᠪᠣᠯᠤᠨ᠎ᠠ᠃ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠠᠴᠠ ᠮᠠᠯᠵᠢᠬᠤ ᠲᠠᠷᠢᠶᠠᠯᠠᠬᠤ ᠣᠷᠣᠨ ᠤ ᠲᠥᠯᠥᠪᠯᠡᠭᠡᠲᠦ ᠦᠷᠡᠵᠢᠯ ᠢ ᠬᠡᠷᠡᠭᠵᠢᠭᠦᠯᠵᠦ ᠪᠠᠶᠢᠭ᠎ᠠ ᠬᠡᠷ ᠪᠦᠯᠢ ᠳᠤ ᠪᠠᠯᠠ ᠮᠥᠩᠭᠦ᠂ ᠮᠡᠷᠭᠡᠵᠢᠯ᠂ ᠪᠣᠯᠪᠠᠰᠤᠷᠠᠭᠤᠯᠤᠯ ᠵᠡᠷᠭᠡ ᠲᠠᠯ᠎ᠠ ᠶᠢᠨ ᠳᠡᠮᠵᠢᠯᠭᠡ ᠪᠠ ᠬᠠᠷᠠᠭᠠᠯᠵᠠᠯ ᠦᠵᠡᠭᠦᠯᠦᠨ᠎ᠡ᠃ ᠲᠠᠷᠢᠶᠠᠯᠠᠬᠤ ᠮᠠᠯᠵᠢᠬᠤ ᠣᠷᠣᠨ ᠤ ᠭᠠᠭᠴᠠ ᠬᠡᠦᠬᠡᠳ ᠲᠠᠢ ᠡᠷᠥᠭᠡ᠂ ᠬᠤᠣᠰ ᠥᠬᠢᠨ ᠲᠠᠢ ᠡᠷᠥᠭᠡ ᠶᠢᠨ ᠭᠡᠷ ᠪᠦᠯᠢ ᠶᠢᠨ ᠭᠠᠵᠠᠷ ᠰᠢᠷᠣᠶ ᠬᠢᠭᠡᠳ ᠬᠠᠳᠤᠯᠠᠩ ᠪᠡᠯᠴᠢᠭᠡᠷ ᠢ ᠳᠠᠭᠠᠭᠠᠴᠢᠯᠠᠬᠤ᠂ ᠣᠷᠣᠨ ᠰᠠᠭᠤᠴᠠ ᠶᠢᠨ ᠰᠠᠭᠤᠷᠢ ᠭᠠᠵᠠᠷ ᠢ ᠬᠤᠪᠢᠶᠠᠷᠢᠯᠠᠬᠤ᠂ ᠠᠵᠢᠯ ᠣᠯᠭᠤᠬᠤ ᠪᠣᠯᠪᠠᠰᠤᠷᠠᠭᠤᠯᠤᠯ᠂ ᠬᠤᠷᠰᠢᠭᠰᠠᠨ ᠡᠮᠨᠡᠯᠭᠡ ᠂ ᠤᠰᠤ ᠵᠣᠷᠯᠣᠩ ᠢ ᠥᠭᠡᠷᠡᠴᠢᠯᠡᠬᠦ᠂ ᠨᠠᠮᠤᠭ ᠤᠨ ᠬᠡᠢ ᠶᠢ ᠬᠡᠷᠡᠭᠯᠡᠬᠦ᠂ ᠰᠢᠨ᠎ᠡ ᠮᠡᠷᠭᠡᠵᠢᠯ ᠳᠡᠯᠭᠡᠷᠡᠭᠦᠯᠬᠦ᠂ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ᠂ ᠠᠷᠠᠳ ᠢ ᠨᠡᠭᠦᠯᠭᠡᠬᠦ᠂ ᠨᠤᠷᠠᠬᠤ ᠠᠶᠤᠯᠲᠠᠶ ᠬᠠᠭᠤᠴᠢᠨ ᠭᠡᠷ ᠪᠠᠶᠢᠰᠢᠩ ᠢ ᠰᠢᠨᠡᠳᠬᠡᠨ ᠵᠠᠰᠠᠬᠤ ᠪᠠ ᠨᠡᠶᠢᠭᠡᠮ ᠤᠨ ᠲᠡᠳᠬᠦᠮᠵᠢ ᠦᠵᠡᠭᠦᠯᠬᠦ ᠵᠡᠷᠭᠡ ᠡᠯ᠎ᠡ ᠲᠠᠯ᠎ᠠ ᠪᠠᠷ ᠬᠠᠷᠠᠭᠠᠯᠵᠠᠯ ᠦᠵᠡᠭᠦᠯᠬᠦ ᠬᠡᠷᠡᠭᠲᠡᠶ᠃ 2.【 ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ】 ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠥᠯᠥᠪᠯᠡᠭᠡᠲᠦ ᠦᠷᠡᠵᠢᠯ ᠤᠨ ︿ᠴᠥᠭᠡᠨ ᠲᠥᠷᠥᠵᠦ ᠲᠦᠷᠭᠡᠨ ᠪᠠᠶᠠᠵᠢᠬᠤ﹀ ᠢᠨᠵᠧᠨᠧᠷᠢᠩ ᠤᠨ ᠲᠤᠰᠬᠠᠶ ᠵᠦᠢᠯ ᠤᠨ ᠪᠠᠯᠠ ᠮᠥᠩᠭᠦ ᠶᠢᠨ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ ᠶᠢ ᠬᠡᠷᠡᠭᠵᠢᠭᠦᠯᠬᠦ ᠨᠠᠷᠢᠨ ᠲᠦᠷᠢᠮ﹀ ᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠨ ᠬᠥᠮᠦᠨ ᠠᠮᠠ ᠪᠠ ᠲᠥᠯᠥᠪᠯᠡᠭᠡᠲᠦ ᠦᠷᠡᠵᠢᠯ ᠤᠨ ᠠᠵᠢᠯ ᠤᠨ ᠵᠥᠪᠯᠡᠯ ᠤᠨ ᠮᠡᠳᠡᠭᠳᠡᠯ︾ ︵ᠪᠢᠴᠢᠭ ᠤᠨ ᠳ᠋ᠤᠭᠠᠷ᠄ ᠥᠪᠥᠷ ᠡᠳ᠋ ᠤᠨ ᠵᠠᠰᠠᠭ ᠰᠤᠷᠭᠠᠨ ᠬᠥᠮᠦᠵᠢᠯ ︹ 2011 ︺ 809 ᠳ᠋ᠦᠭᠡᠷ ᠲᠣᠭᠠᠲᠤ᠂ ᠨᠡᠶᠢᠲᠡᠯᠡᠭᠰᠡᠨ ᠰᠠᠯᠠᠭ᠎ᠠ ᠮᠥᠴᠢᠷ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠪᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠮᠦᠨ ᠠᠮᠠ ᠬᠢᠭᠡᠳ ᠲᠥᠯᠥᠪᠯᠡᠭᠡᠲᠦ ᠦᠷᠡᠵᠢᠯ ᠤᠨ ᠠᠵᠢᠯ ᠤᠨ ᠵᠥᠪᠯᠡᠯ᠂ ᠨᠡᠶᠢᠲᠡᠯᠡᠭᠰᠡᠨ ᠴᠠᠭ᠄ 2011 ᠣᠨ ᠤ 7 ᠳ᠋ᠤᠭᠠᠷ ᠰᠠᠷ᠎ᠠ ᠶᠢᠨ 4 ᠤ ᠡᠳᠦᠷ᠂ 2011 ᠣᠨ ᠤ 7 ᠳ᠋ᠤᠭᠠᠷ ᠰᠠᠷ᠎ᠠ ᠶᠢᠨ 30 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ︶ ᠵᠢᠷᠭᠤᠳᠤᠭᠠᠷ ᠵᠤᠷᠪᠤᠰ ᠲᠤ᠂ ᠲᠤᠰᠬᠠᠶ ᠵᠦᠢᠯ ᠤᠨ ᠪᠠᠯᠠ ᠮᠥᠩᠭᠦ ᠶᠢᠨ ᠱᠠᠩᠨᠠᠯ ᠢ ᠬᠡᠷᠡᠭᠵᠢᠭᠦᠯᠬᠦ ᠬᠡᠪᠴᠢᠶ᠎ᠡ ᠪᠣᠯ᠄ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠲᠣᠭᠲᠠᠭᠠᠯ ᠶᠣᠰᠣᠭᠠᠷ᠂ ᠣᠲᠣ ᠶᠢᠨ ᠬᠡᠷᠡᠭᠵᠢᠭᠦᠯᠵᠦ ᠪᠠᠶᠢᠭ᠎ᠠ ᠭᠤᠷᠪᠠᠨ ᠬᠡᠤᠬᠡᠳ ᠠᠪᠬᠤ ᠶᠢ ᠨᠡᠶᠢᠳᠡᠮ ᠵᠥᠪᠰᠢᠶᠡᠷᠡᠵᠦ ᠪᠠᠶᠢᠭ᠎ᠠ ᠭᠠᠵᠠᠷ ᠣᠷᠣᠨ ᠪᠣᠯᠤᠨ᠎ᠠ᠃ ᠲᠤᠰᠬᠠᠶ ᠵᠦᠢᠯ ᠤᠨ ᠪᠠᠯᠠ ᠮᠥᠩᠭᠦ ᠪᠠᠷ ᠱᠠᠩᠨᠠᠬᠤ ᠡᠲᠡᠭᠡᠳ ᠨᠢ ᠳᠣᠤᠷᠠᠬᠢ ᠨᠥᠬᠦᠴᠡᠯ ᠢ ᠵᠡᠷᠭᠡᠪᠡᠷ ᠪᠦᠷᠢᠯᠳᠦᠭᠦᠯᠦᠭᠰᠡᠨ ᠪᠠᠶᠢᠬᠤ ᠬᠡᠷᠡᠭᠲᠡᠶ᠄ ︵ᠨᠢᠭᠡ︶ ᠡᠷ᠎ᠡ ᠡᠮ᠎ᠡ ᠬᠤᠶᠠᠭᠤᠯᠠ ᠪᠠᠨ ᠴᠥᠮ ᠲᠠᠷᠢᠶᠠᠯᠠᠩ ᠮᠠᠯ ᠠᠵᠤ ᠠᠬᠤᠶ ᠶᠢᠨ ᠡᠷᠦᠬᠡ ᠠᠮᠠ ᠪᠣᠯᠬᠤ ᠪᠤᠶᠤ ᠮᠠᠯᠴᠢᠨ ᠲᠠᠷᠢᠶᠠᠴᠢᠨ ᠢᠶᠠᠷ ᠵᠠᠭᠠᠭᠯᠠᠨ ᠲᠣᠭᠲᠠᠭᠠᠭᠰᠠᠨ ᠮᠥᠷᠲᠡᠭᠡᠨ ᠡᠷᠦᠬᠡ ᠠᠮᠠ ᠶᠢᠨ ᠳᠡᠩᠰᠡᠯᠡᠯᠲᠡ ᠨᠢ ᠣᠲᠣ ᠶᠢᠨ ᠬᠡᠷᠡᠭᠵᠢᠭᠦᠯᠵᠦ ᠪᠠᠶᠢᠭ᠎ᠠ ᠭᠤᠷᠪᠠᠨ ᠬᠡᠤᠬᠡᠳ ᠠᠪᠬᠤ ᠶᠢ ᠵᠥᠪᠰᠢᠶᠡᠷᠡᠭᠰᠡᠨ ᠭᠠᠵᠠᠷ ᠣᠷᠣᠨ ᠳᠤ ᠪᠠᠶᠢᠬᠤ ᠬᠡᠷᠡᠭᠲᠡᠶ᠃ ︵ᠬᠤᠶᠠᠷ︶ ᠡᠷ᠎ᠡ ᠡᠮ᠎ᠡ ᠶᠢᠨ ᠨᠢᠭᠡ ᠡᠲᠡᠭᠡᠳ ᠪᠤᠶᠤ ᠬᠤᠶᠠᠷ ᠡᠲᠡᠭᠡᠳ ᠢᠶᠠᠷ ᠢᠶᠠᠨ ᠮᠣᠩᠭᠤᠯ ᠦᠨᠳᠦᠰᠦᠲᠡᠨ᠃ ︵ᠭᠤᠷᠪᠠ︶ ᠡᠮᠡᠭᠲᠡᠶ ᠡᠲᠡᠭᠡᠳ ᠨᠢ ᠪᠦᠬᠦᠯᠢ 49 ᠨᠠᠰᠤᠨ ᠤ ᠳᠣᠲᠣᠷ᠎ᠠ ᠪᠠᠶᠢᠬᠤ᠃ ︵ᠳᠥᠷᠪᠡ︶ ᠡᠷ᠎ᠡ ᠡᠮ᠎ᠡ ᠬᠤᠶᠠᠭᠤᠯᠠ ᠪᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠮᠦᠨ ᠠᠮᠠ ᠬᠢᠭᠡᠳ ᠲᠥᠯᠥᠪᠯᠡᠭᠡᠲᠦ ᠦᠷᠡᠵᠢᠯ ᠤᠨ ᠲᠦᠷᠢᠮ︾ ᠤᠨ ᠬᠡᠤᠬᠡᠳ ᠠᠪᠬᠤ ᠲᠤᠭ᠎ᠠ ᠬᠡᠮᠵᠢᠶ᠎ᠡ ᠶᠢᠨ ᠲᠣᠭᠲᠠᠭᠠᠯ ᠶᠣᠰᠣᠭᠠᠷ ᠬᠡᠤᠬᠡᠳ ᠠᠪᠴᠤ᠂ ᠣᠲᠣ ᠶᠢᠨ ᠪᠠᠶᠢᠭ᠎ᠠ ᠬᠤᠶᠠᠷ ᠬᠡᠤᠬᠡᠳ ᠨᠢ ᠴᠥᠮ ᠥᠬᠢᠨ ᠪᠣᠯᠤᠨ᠎ᠠ᠃ ︵ᠲᠠᠪᠤ︶ ᠭᠤᠷᠪᠠᠳᠤᠭᠠᠷ ᠬᠡᠦᠬᠡᠳ ᠠᠪᠬᠤ ᠪᠠᠨ ᠰᠠᠶᠢᠨ ᠳᠤᠷ᠎ᠠ ᠠᠴᠠ ᠪᠠᠨ ᠵᠣᠭᠰᠣᠭᠰᠠᠨ ᠮᠥᠷᠲᠡᠭᠡᠨ ᠨᠢᠭᠡᠨᠲᠡ ᠤᠷᠳᠤ ᠬᠤᠭᠤᠴᠠᠭᠠᠨ ᠤ ᠬᠦᠴᠦᠨ ᠪᠦᠬᠦᠢ ᠦᠷᠡᠵᠢᠬᠦ ᠶᠢ ᠬᠢᠵᠠᠭᠠᠷᠯᠠᠬᠤ ᠠᠷᠭ᠎ᠠ ᠬᠡᠮᠵᠢᠶ᠎ᠡ ᠠᠪᠤᠭᠰᠠᠨ᠃ ᠳᠣᠯᠣᠳᠤᠭᠠᠷ ᠵᠤᠷᠪᠤᠰ ᠲᠤ᠂ ᠱᠠᠩᠨᠠᠬᠤ ᠪᠠᠷᠢᠮᠵᠢᠶ᠎ᠠ᠄ ᠰᠠᠶᠢᠨ ᠳᠤᠷ᠎ᠠ ᠠᠴᠠ ᠪᠠᠨ ᠣᠷᠣᠯᠴᠠᠬᠤ ᠪᠠᠷ ᠭᠤᠶᠤᠴᠢᠯᠠᠭᠰᠠᠨ ᠮᠥᠷᠲᠡᠭᠡᠨ ᠨᠥᠬᠦᠴᠡᠯ ᠳᠤ ᠨᠡᠶᠢᠴᠡᠭᠰᠡᠨ ᠡᠷ᠎ᠡ ᠡᠮ᠎ᠡ ᠨᠢᠭᠡᠪᠦᠷᠢ ᠳᠤ ᠡᠷᠦᠬᠡ ᠪᠦᠷᠢ ᠳᠤ 3000 ᠲᠥᠭᠦᠷᠢᠭ ᠠᠴᠠ ᠳᠣᠤᠷ᠎ᠠ ᠥᠬᠡᠶ ᠪᠠᠷᠢᠮᠵᠢᠶ᠎ᠠ ᠪᠠᠷ ᠨᠢᠭᠡ ᠤᠳᠠᠭ᠎ᠠ ᠶᠢᠨ ᠴᠢᠨᠠᠷᠲᠠᠶ ᠱᠠᠩᠨᠠᠯ ᠣᠯᠭᠤᠨ᠎ᠠ᠃ ᠶᠢᠰᠦᠳᠦᠭᠡᠷ ᠵᠤᠷᠪᠤᠰ ᠲᠤ᠂ ᠱᠠᠩᠨᠠᠯ ᠤᠨ ᠮᠥᠩᠭᠦ ᠶᠢ ᠨᠢᠭᠡᠨᠲᠡ ᠠᠪᠤᠭᠰᠠᠨ ᠡᠷ᠎ᠡ ᠡᠮ᠎ᠡ ᠬᠤᠶᠠᠭᠤᠯᠠ ᠲᠠᠬᠢᠭᠠᠳ ᠭᠤᠷᠪᠠᠳᠠᠬᠢ ᠬᠡᠦᠬᠡᠳ ᠠᠪᠤᠭᠰᠠᠨ ᠪᠠᠶᠢᠪᠠᠯ᠂ ᠱᠠᠩᠨᠠᠯ ᠤᠨ ᠮᠥᠩᠭᠦ ᠶᠢ ᠲᠤᠭ᠎ᠠ ᠶᠣᠰᠣᠭᠠᠷ ᠨᠢ ᠪᠤᠴᠠᠭᠠᠵᠤ ᠥᠭᠬᠦ ᠬᠡᠷᠡᠭᠲᠡᠶ᠃ᠰᠦᠢᠳᠬᠡᠯ ᠬᠤᠷᠢᠶᠠᠬᠤ ᠪᠠᠷᠢᠮᠵᠢᠶ᠎ᠠ ᠪᠣᠯᠤᠨ ᠦᠨᠳᠦᠰᠦᠯᠡᠯ        ᠰᠦᠢᠳᠬᠡᠯ ᠬᠤᠷᠢᠶᠠᠬᠤ ᠪᠠᠷᠢᠮᠵᠢᠶ᠎ᠠ ᠪᠠ ᠦᠨᠳᠦᠰᠦᠯᠡᠯ ᠪᠠᠶᠢᠬᠤ ᠦᠭᠡᠢ᠃        ᠭᠦᠢᠴᠡᠳᠬᠡᠬᠦ ᠭᠠᠵᠠᠷ᠄ ᠠᠷᠤ ᠬᠤᠷᠴᠢᠨ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠬᠤᠶᠠᠳᠤᠭᠠᠷ ᠳᠠᠪᠬᠤᠷᠭ᠎ᠠ ᠶᠢᠨ 46 — 50 ᠳ᠋ᠤᠭᠠᠷ ᠶᠡᠷᠦᠩᠬᠡᠶᠢᠯᠡᠭᠰᠡᠨ ᠭᠥᠯᠢᠶᠡᠨ ᠠᠪᠴᠤ ᠰᠢᠢᠳᠪᠦᠷᠢᠯᠡᠬᠦ ᠴᠣᠩᠬᠤ        ᠭᠦᠢᠴᠡᠳᠬᠡᠬᠦ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ ᠦᠳᠡ ᠶᠢᠨ ᠡᠮᠦᠨᠡᠬᠢ 8᠄ 30 — 11᠄ 30᠂ ᠦᠳᠡ ᠶᠢᠨ ᠬᠤᠶᠢᠨᠠᠬᠢ 2᠄ 30 — 5᠄ 30 ︵ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠠᠴᠠ ᠭᠠᠳᠠᠨ᠎ᠠ︶        ᠨᠡᠶᠢᠲᠡ ᠶᠢᠨ ᠮᠠᠰᠢᠨ ᠲᠡᠷᠭᠡᠨ ᠤ ᠵᠠᠮ ᠱᠤᠭᠤᠮ᠄ ᠴᠢᠪᠠᠭ᠎ᠠ ᠪᠠᠯᠭᠠᠰᠤᠨ ᠤ 2᠂ 3 ᠳ᠋ᠤᠭᠠᠷ ᠵᠠᠮ ᠤᠨ ᠨᠡᠶᠢᠲᠡ ᠶᠢᠨ ᠮᠠᠰᠢᠨ ᠲᠡᠷᠭᠡᠨ ᠳᠤ ᠰᠠᠭᠤᠵᠤ ᠵᠠᠮ ᠬᠠᠷᠢᠯᠴᠠᠭᠠᠨ ᠤ ᠲᠣᠪᠴᠢᠶ᠎ᠠ ᠶᠢᠨ ᠥᠷᠲᠡᠭᠡᠨ ᠳᠤ ᠪᠠᠭᠤᠨ᠎ᠠ᠂ 1 ᠳ᠋ᠦ᠋ᠭᠡᠷ ᠵᠠᠮ ᠤᠨ ᠨᠡᠶᠢᠲᠡ ᠶᠢᠨ ᠮᠠᠰᠢᠨ ᠲᠡᠷᠭᠡᠨ ᠳᠤ ᠰᠠᠭᠤᠵᠤ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠥᠷᠲᠡᠭᠡᠨ ᠳᠤ ᠪᠠᠭᠤᠨ᠎ᠠ᠂ ᠵᠡᠭᠦᠨᠰᠢ 100 ᠮᠧᠲᠷ ᠤᠨ ᠵᠠᠮ ᠤᠨ ᠬᠤᠶᠢᠲᠤ ᠲᠠᠯ᠎ᠠ        ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ ᠠᠴᠠ ᠣᠷᠴᠢᠭᠤᠯᠤᠨ ᠨᠡᠶᠢᠲᠡᠯᠡᠪᠡ᠃        ᠨᠠᠷᠢᠨ ᠠᠭᠤᠯᠭ᠎ᠠ ᠶᠢ ᠨᠢ ᠳᠤᠤᠷᠠᠬᠢ ᠰᠦᠯᠵᠢᠶᠡᠨ ᠤ ᠬᠠᠶ᠋ᠢᠭ ᠢᠶᠠᠷ ᠦᠵᠡᠭᠡᠷᠡᠢ᠄
 
ᠢᠷᠡᠯᠲᠡ᠄ ᠠᠷᠤ ᠬᠣᠷᠴᠢᠨ ᠬᠤᠰᠢᠭᠤᠨ ᠵᠠᠰᠠᠭ ᠤᠨ ᠣᠷᠳᠣᠨ ᠤ ᠮᠣᠩᠭᠣᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号