ᠬᠦᠯᠢᠶᠡᠨ ᠰᠢᠢᠳᠪᠦᠷᠢᠯᠡᠬᠦ ᠨᠥᠬᠦᠴᠡᠯ | ︵ᠨᠢᠭᠡ︶ ᠵᠥᠪᠰᠢᠶᠡᠷᠡᠬᠦ ᠨᠥᠬᠦᠴᠡᠯ᠄ 1᠂ ᠡᠷᠦᠬᠡ ᠠᠮᠠ ᠶᠢᠨ ᠲᠠᠩᠰᠠ ᠨᠢ ᠠᠷᠤ ᠬᠤᠷᠴᠢᠨ | ᠬᠤᠰᠢᠭᠤᠨ ᠳᠤ ᠪᠠᠶᠢᠬᠤ᠃ 2. ᠬᠤᠲᠠ ᠶᠢᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢ | ᠭᠤᠶᠤᠴᠢᠯᠠᠬᠤ ᠳᠤ᠂ ᠬᠠᠮᠲᠤ ᠠᠮᠢᠳᠤᠷᠠᠵᠤ ᠪᠠᠶᠢᠭ᠎ᠠ ᠬᠡᠷ ᠪᠦᠯᠢ ᠶᠢᠨ ᠪᠦᠷᠢᠯᠳᠦᠬᠦᠨ ᠤ ᠬᠥᠮᠥᠨ ᠪᠦᠷᠢ ᠶᠢᠨ | ᠰᠠᠷ᠎ᠠ ᠶᠢᠨ ᠳᠤᠮᠳᠠᠴᠢ ᠣᠷᠣᠯᠭ᠎ᠠ ᠨᠢ ᠲᠤᠬᠠᠶ ᠶᠢᠨ ᠭᠠᠵᠠᠷ ᠤᠨ ᠬᠤᠲᠠ ᠶᠢᠨ ᠨᠠᠭᠠᠳᠤ ᠵᠠᠬ᠎ᠠ ᠶᠢᠨ ᠠᠮᠢᠳᠤᠷᠠᠯ ᠤᠨ | ᠪᠠᠲᠤᠯᠠᠭ᠎ᠠ ᠶᠢᠨ ᠪᠠᠷᠢᠮᠵᠢᠶ᠎ᠠ ᠠᠴᠠ ᠳᠣᠣᠷ᠎ᠠ ᠪᠠᠶᠢᠬᠤ᠃ 3. ᠬᠥᠳᠡᠭᠡ ᠲᠣᠰᠬᠤᠨ ᠤ ᠨᠠᠭᠠᠳᠤ ᠵᠠᠬ᠎ᠠ ᠶᠢᠨ | ᠠᠮᠢᠳᠤᠷᠠᠯ ᠤᠨ ᠪᠠᠲᠤᠯᠠᠭ᠎ᠠ ᠶᠢ ᠭᠤᠶᠤᠴᠢᠯᠠᠬᠤ ᠳᠤ᠂ ᠬᠠᠮᠲᠤ ᠠᠮᠢᠳᠤᠷᠠᠵᠤ ᠪᠠᠶᠢᠭ᠎ᠠ ᠬᠡᠷ ᠪᠦᠯᠢ ᠶᠢᠨ | ᠪᠦᠷᠢᠯᠳᠦᠬᠦᠨ ᠤ ᠬᠥᠮᠥᠨ ᠪᠦᠷᠢ ᠶᠢᠨ ᠵᠢᠯ ᠤᠨ ᠳᠤᠮᠳᠠᠴᠢ ᠣᠷᠣᠯᠭ᠎ᠠ ᠨᠢ ᠲᠤᠬᠠᠶ ᠶᠢᠨ ᠭᠠᠵᠠᠷ ᠤᠨ ᠬᠥᠳᠡᠭᠡ | ᠲᠣᠰᠬᠤᠨ ᠤ ᠨᠠᠭᠠᠳᠤ ᠵᠠᠬ᠎ᠠ ᠶᠢᠨ ᠪᠠᠷᠢᠮᠵᠢᠶ᠎ᠠ ᠠᠴᠠ ᠳᠣᠣᠷ᠎ᠠ ᠪᠠᠶᠢᠬᠤ᠃ | ︵ᠬᠤᠶᠠᠷ︶ ᠥᠯᠥ ᠵᠥᠪᠰᠢᠶᠡᠷᠡᠬᠦ ᠪᠠᠶᠢᠳᠠᠯ᠄ 1᠂ ᠭᠤᠶᠤᠴᠢᠯᠠᠭᠰᠠᠨ ᠵᠦᠢᠯ ᠨᠢ ᠲᠤᠰ ᠵᠠᠰᠠᠭ | ᠵᠠᠬᠢᠷᠭᠠᠨ ᠤ ᠪᠠᠶᠢᠭᠤᠯᠭ᠎ᠠ ᠶᠢᠨ ᠬᠠᠤᠯᠢ ᠶᠣᠰᠣᠨ ᠤ ᠡᠷᠬᠡ ᠲᠤᠰᠢᠶᠠᠯ ᠤᠨ ᠬᠡᠪᠴᠢᠶᠡᠨ ᠳᠤ ᠬᠠᠷᠢᠶᠠᠯᠠᠭᠳᠠᠬᠤ ᠦᠭᠡᠶ᠃ | 2᠂ ᠭᠤᠶᠤᠴᠢᠯᠠᠭᠴᠢ ᠶᠢᠨ ᠳᠡᠪᠰᠢᠭᠦᠯᠦᠭᠰᠡᠨ ᠭᠤᠶᠤᠴᠢᠯᠠᠯ ᠤᠨ ᠮᠠᠲ᠋ᠧᠷᠢᠶᠠᠯ ᠨᠢ ᠦᠨᠡᠨ ᠪᠣᠳᠠᠲᠠᠢ ᠪᠢᠰᠢ᠃ 3. ︽ | ᠠᠷᠤ ᠬᠤᠷᠴᠢᠨ ᠬᠤᠰᠢᠭᠤᠨ ᠤ ᠮᠠᠯᠵᠢᠬᠤ ᠲᠠᠷᠢᠶᠠᠯᠠᠬᠤ ᠣᠷᠣᠨ ᠤ ᠨᠠᠭᠠᠳᠤ ᠵᠠᠬ᠎ᠠ ᠶᠢᠨ ᠠᠮᠢᠳᠤᠷᠠᠯ ᠤᠨ | ᠪᠠᠲᠤᠯᠠᠭ᠎ᠠ ᠶᠢ ᠨᠠᠷᠢᠯᠢᠭ ᠣᠨᠣᠴᠠᠲᠠᠶ ᠪᠠᠷ ᠮᠠᠭᠠᠳᠯᠠᠨ ᠲᠣᠭᠲᠠᠭᠠᠬᠤ ᠰᠠᠨᠠᠯ︾ ᠢ ᠦᠨᠳᠦᠰᠦᠯᠡᠨ᠂ ᠨᠥᠬᠦᠴᠡᠯ ᠳᠤ | ᠨᠡᠶᠢᠴᠡᠬᠦ ᠥᠬᠡᠶ ᠬᠡᠷ ᠪᠦᠯᠢ ᠶᠢ ᠮᠠᠭᠠᠳᠯᠠᠨ ᠲᠣᠭᠲᠠᠭᠠᠬᠤ ᠥᠬᠡᠶ᠂ ᠠᠮᠢᠳᠤᠷᠠᠯ ᠤᠨ ᠨᠠᠭᠠᠳᠤ ᠵᠠᠬ᠎ᠠ ᠶᠢᠨ | ᠪᠠᠲᠤᠯᠠᠭ᠎ᠠ ᠶᠢᠨ ᠪᠠᠯᠠ ᠮᠥᠩᠭᠦ ᠣᠯᠭᠤᠬᠤ ᠦᠭᠡᠢ᠃ | ︵ᠭᠤᠷᠪᠠ︶ ᠲᠣᠳᠣᠷᠬᠠᠶᠢᠯᠠᠬᠤ ᠴᠢᠬᠤᠯᠠ ᠲᠠᠢ ᠪᠤᠰᠤᠳ ᠪᠠᠶᠢᠳᠠᠯ᠄ ᠬᠢᠨᠠᠨ ᠵᠥᠪᠰᠢᠶᠡᠷᠡᠬᠦ ᠲᠤᠭ᠎ᠠ | ᠬᠡᠮᠵᠢᠶᠡᠨ ᠤ ᠬᠢᠵᠠᠭᠠᠷᠯᠠᠯ ᠥᠭᠡᠢ᠃ | | ᠲᠣᠭᠲᠠᠭᠠᠭᠰᠠᠨ ᠦᠨᠳᠦᠰᠦᠯᠡᠯ | 【 ᠵᠠᠰᠠᠭ ᠵᠠᠬᠢᠷᠭᠠᠨ ᠤ ᠬᠠᠤᠯᠢ ᠲᠣᠭᠲᠠᠭᠠᠯ 】 ︽ᠨᠡᠶᠢᠭᠡᠮ ᠤᠨ ᠠᠪᠤᠷᠠᠨ ᠲᠤᠰᠠᠯᠠᠬᠤ ᠲᠦᠷ | ᠬᠡᠷᠡᠭᠵᠢᠭᠦᠯᠬᠦ ᠠᠷᠭ᠎ᠠ︾ ︵ᠲᠥᠷᠥ ᠶᠢᠨ ᠶᠠᠪᠤᠳᠠᠯ ᠤᠨ ᠬᠤᠷᠢᠶᠠᠨ ᠤ ᠵᠠᠷᠯᠢᠭ 649 ᠳ᠋ᠦ᠋ᠭᠡᠷ ᠲᠣᠭᠠᠲᠤ︶ ᠶᠢᠨ | ᠶᠢᠰᠦᠳᠦᠭᠡᠷ ᠵᠤᠷᠪᠤᠰ ᠲᠤ᠂ ᠤᠯᠤᠰ ᠠᠴᠠ ᠬᠠᠮᠲᠤ ᠠᠮᠢᠳᠤᠷᠠᠵᠤ ᠪᠠᠶᠢᠭ᠎ᠠ ᠬᠡᠷ ᠪᠦᠯᠢ ᠶᠢᠨ ᠪᠦᠷᠢᠯᠳᠦᠬᠦᠨ ᠤ ᠬᠥᠮᠦᠨ | ᠪᠦᠷᠢ ᠶᠢᠨ ᠳᠤᠮᠳᠠᠴᠢ ᠣᠷᠣᠯᠭ᠎ᠠ ᠨᠢ ᠲᠤᠬᠠᠶ ᠶᠢᠨ ᠭᠠᠵᠠᠷ ᠤᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ | ᠪᠠᠷᠢᠮᠵᠢᠶ᠎ᠠ ᠠᠴᠠ ᠳᠣᠤᠷ᠎ᠠ ᠮᠥᠷᠲᠡᠭᠡᠨ ᠲᠤᠬᠠᠶ ᠶᠢᠨ ᠭᠠᠵᠠᠷ ᠤᠨ ᠨᠠᠭᠠᠳᠤ ᠵᠠᠬ᠎ᠠ ᠶᠢᠨ ᠠᠮᠢᠳᠤᠷᠠᠯ ᠤᠨ | ᠪᠠᠲᠤᠯᠠᠭ᠎ᠠ ᠶᠢᠨ ᠬᠡᠷ ᠪᠦᠯᠢ ᠶᠢᠨ ᠡᠳ᠋ ᠬᠥᠷᠥᠩᠭᠡ ᠶᠢᠨ ᠪᠠᠶᠢᠳᠠᠯ ᠤᠨ ᠲᠣᠭᠲᠠᠭᠠᠯ ᠳᠤ ᠨᠡᠶᠢᠴᠡᠬᠦ ᠬᠡᠷ ᠪᠦᠯᠢ ᠳᠤ | ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠣᠯᠭᠤᠨ᠎ᠠ᠃ ᠠᠷᠪᠠᠨ ᠨᠢᠭᠡᠳᠦᠭᠡᠷ ᠵᠤᠷᠪᠤᠰ ᠲᠤ᠂ ᠰᠢᠶᠠᠨ ᠤ | ᠱᠠᠲᠤᠨ ᠤ ᠠᠷᠠᠳ ᠤᠨ ᠵᠠᠰᠠᠭ ᠤᠨ ᠣᠷᠳᠣᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠬᠢᠨᠠᠨ ᠪᠠᠶᠢᠴᠠᠭᠠᠭᠠᠳ | ᠨᠥᠬᠦᠴᠡᠯ ᠳᠤ ᠨᠡᠶᠢᠴᠡᠭᠰᠡᠨ ᠭᠤᠶᠤᠴᠢᠯᠠᠯ ᠢ ᠵᠥᠪᠰᠢᠶᠡᠷᠡᠬᠦ ᠶᠢᠨ ᠬᠠᠮᠲᠤ ᠭᠤᠶᠤᠴᠢᠯᠠᠭᠴᠢ ᠶᠢᠨ ᠪᠠᠶᠢᠭ᠎ᠠ ᠭᠠᠴᠠᠭ᠎ᠠ᠂ | ᠨᠡᠶᠢᠭᠡᠮ ᠲᠣᠭᠤᠷᠢᠭ ᠲᠤ ᠢᠯᠡ ᠨᠡᠶᠢᠲᠡᠯᠡᠨ᠎ᠡ᠃ ᠨᠥᠬᠦᠴᠡᠯ ᠳᠤ ᠨᠡᠶᠢᠴᠡᠬᠦ ᠦᠭᠡᠢ ᠭᠤᠶᠤᠴᠢᠯᠠᠯ ᠢ ᠵᠥᠪᠰᠢᠶᠡᠷᠡᠬᠦ | ᠦᠭᠡᠢ ᠪᠥᠭᠡᠳ ᠭᠤᠶᠤᠴᠢᠯᠠᠭᠴᠢ ᠳᠤ ᠤᠴᠢᠷ ᠰᠢᠯᠲᠠᠭᠠᠨ ᠢ ᠪᠢᠴᠢᠭ ᠤᠨ ᠬᠡᠯᠪᠡᠷᠢ ᠪᠠᠷ ᠲᠣᠳᠣᠷᠬᠠᠶᠢᠯᠠᠨ᠎ᠠ᠃ ᠠᠷᠪᠠᠨ | ᠬᠤᠶᠠᠳᠤᠭᠠᠷ ᠵᠤᠷᠪᠤᠰ ᠲᠤ᠂ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠤᠯᠬᠤ ᠶᠢ ᠵᠥᠪᠰᠢᠶᠡᠷᠡᠭᠰᠡᠨ ᠭᠡᠷ | ᠪᠦᠯᠢ ᠳᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠠᠷᠠᠳ ᠤᠨ ᠶᠠᠪᠤᠳᠠᠯ ᠤᠨ ᠰᠠᠯᠠᠭ᠎ᠠ | ᠮᠥᠴᠢᠷ ᠠᠴᠠ ᠬᠠᠮᠲᠤ ᠠᠮᠢᠳᠤᠷᠠᠵᠤ ᠪᠠᠶᠢᠭ᠎ᠠ ᠭᠡᠷ ᠪᠦᠯᠢ ᠶᠢᠨ ᠪᠦᠷᠢᠯᠳᠦᠬᠦᠨ ᠤ ᠬᠥᠮᠦᠨ ᠪᠦᠷᠢ ᠶᠢᠨ ᠳᠤᠮᠳᠠᠴᠢ | ᠣᠷᠣᠯᠭ᠎ᠠ ᠨᠢ ᠲᠤᠬᠠᠶ ᠶᠢᠨ ᠭᠠᠵᠠᠷ ᠤᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠠᠴᠠ | ᠳᠣᠣᠷ᠎ᠠ ᠪᠠᠶᠢᠬᠤ ᠵᠥᠷᠢᠶ᠎ᠡ ᠶᠢ ᠦᠨᠳᠦᠰᠦᠯᠡᠨ ᠰᠠᠷ᠎ᠠ ᠪᠣᠯᠭᠠᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ | ᠮᠦᠡᠭᠭᠦ ᠣᠯᠭᠤᠨ᠎ᠠ᠃ | | ᠰᠦᠢᠳᠬᠡᠯ ᠬᠤᠷᠢᠶᠠᠬᠤ ᠪᠠᠷᠢᠮᠵᠢᠶ᠎ᠠ ᠪᠣᠯᠤᠨ ᠦᠨᠳᠦᠰᠦᠯᠡᠯ | ᠰᠦᠢᠳᠬᠡᠯ ᠬᠤᠷᠢᠶᠠᠬᠤ ᠪᠠᠷᠢᠮᠵᠢᠶ᠎ᠠ ᠪᠠ ᠦᠨᠳᠦᠰᠦᠯᠡᠯ ᠲᠦᠷ ᠪᠠᠶᠢᠬᠤ ᠦᠭᠡᠢ᠃ | | ᠭᠦᠢᠴᠡᠳᠬᠡᠬᠦ ᠭᠠᠵᠠᠷ᠄ ᠠᠷᠤ ᠬᠤᠷᠴᠢᠨ ᠬᠤᠰᠢᠭᠤᠨ ᠤ ᠲᠢᠶᠠᠨ ᠶᠤᠸᠠᠨ ᠶᠡᠭᠡ ᠵᠡᠭᠡᠯᠢ ᠶᠢᠨ ᠬᠤᠶᠢᠲᠤ | ᠲᠠᠯ᠎ᠠ ᠶᠢᠨ 45 ᠳ᠋ᠤᠭᠠᠷ ᠨᠤᠮᠧᠷ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠬᠤᠶᠠᠳᠤᠭᠠᠷ | ᠳᠠᠪᠬᠤᠷᠯᠢᠭ ᠤᠨ 18 ᠳ᠋ᠤᠭᠠᠷ ᠴᠣᠩᠬᠤ | | ᠭᠦᠢᠴᠡᠳᠬᠡᠬᠦ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ ᠦᠳᠡ ᠶᠢᠨ ᠡᠮᠦᠨᠡᠬᠢ 8᠄ | 30— 11᠄ 30᠂ ᠦᠳᠡ ᠶᠢᠨ ᠬᠤᠶᠢᠨᠠᠬᠢ 14᠄ 30 — 17᠄ 30 ︵ᠬᠠᠤᠯᠢ ᠪᠠᠷ ᠲᠣᠭᠲᠠᠭᠠᠭᠰᠠᠨ | ᠪᠠᠶᠠᠷ ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠠᠴᠠ ᠭᠠᠳᠠᠨ᠎ᠠ︶ | | ᠨᠡᠶᠢᠲᠡ ᠶᠢᠨ ᠮᠠᠰᠢᠨ ᠲᠡᠷᠭᠡᠨ ᠤ ᠵᠠᠮ ᠱᠤᠭᠤᠮ᠄ ᠴᠢᠪᠠᠭ᠎ᠠ ᠪᠠᠯᠭᠠᠰᠤᠨ ᠤ 2᠂ 3 ᠳ᠋ᠤᠭᠠᠷ ᠵᠠᠮ ᠤᠨ | ᠨᠡᠶᠢᠲᠡ ᠶᠢᠨ ᠮᠠᠰᠢᠨ ᠲᠡᠷᠭᠡᠨ ᠳᠤ ᠰᠠᠭᠤᠵᠤ ᠵᠠᠮ ᠬᠠᠷᠢᠯᠴᠠᠭᠠᠨ ᠤ ᠲᠣᠪᠴᠢᠶ᠎ᠠ ᠶᠢᠨ ᠥᠷᠲᠡᠭᠡᠨ ᠳᠤ ᠪᠠᠭᠤᠨ᠎ᠠ᠂ | 1ᠳ᠋ᠤᠭᠡᠷ ᠵᠠᠮ ᠤᠨ ᠨᠡᠶᠢᠲᠡ ᠶᠢᠨ ᠮᠠᠰᠢᠨ ᠲᠡᠷᠭᠡᠨ ᠳᠤ ᠰᠠᠭᠤᠵᠤ ᠬᠤᠲᠠ ᠶᠢᠨ ᠪᠥᠲᠥᠭᠡᠨ | ᠪᠠᠶᠢᠭᠤᠯᠤᠯᠲᠠ ᠶᠢᠨ ᠲᠣᠪᠴᠢᠶ᠎ᠠ ᠶᠢᠨ ᠥᠷᠲᠡᠭᠡᠨ ᠳᠤ ᠪᠠᠭᠤᠨ᠎ᠠ᠂ ᠵᠡᠭᠦᠨᠰᠢ 100 ᠮᠧᠲᠷ ᠤᠨ ᠵᠠᠮ ᠤᠨ ᠬᠤᠶᠢᠲᠤ | ᠲᠠᠯ᠎ᠠ | | | ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ ᠠᠴᠠ ᠣᠷᠴᠢᠭᠤᠯᠤᠨ | ᠨᠡᠶᠢᠲᠡᠯᠡᠪᠡ᠃ | | ᠨᠠᠷᠢᠨ ᠠᠭᠤᠯᠭ᠎ᠠ ᠶᠢ ᠨᠢ ᠳᠤᠤᠷᠠᠬᠢ ᠰᠦᠯᠵᠢᠶᠡᠨ ᠤ ᠬᠠᠶ᠋ᠢᠭ ᠢᠶᠠᠷ ᠦᠵᠡᠭᠡᠷᠡᠢ᠄ |