ᠢᠳᠡᠭᠡᠨ ᠤ ᠠᠮᠤᠷ ᠲᠦᠪᠰᠢᠨ ᠤ ᠠᠰᠠᠭᠤᠳᠠᠯ ᠢ ᠢᠯᠡᠴᠢᠯᠡᠨ ᠮᠡᠳᠡᠭᠦᠯᠦᠭᠰᠡᠨ ᠱᠠᠩᠨᠠᠯ
ᠨᠡᠶᠢᠲᠡᠯᠡᠭᠰᠡᠨ ᠴᠠᠭ᠄
2021/10/19
ᠬᠦᠯᠢᠶᠡᠨ ᠰᠢᠢᠳᠪᠦᠷᠢᠯᠡᠬᠦ ᠨᠥᠬᠦᠴᠡᠯ        ︵ᠨᠢᠭᠡ︶ ᠵᠥᠪᠰᠢᠶᠡᠷᠡᠬᠦ ᠨᠥᠬᠦᠴᠡᠯ᠄ 1. ᠭᠤᠶᠤᠴᠢᠯᠠᠭᠰᠠᠨ ᠵᠦᠢᠯ ᠨᠢ ᠲᠤᠰ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠡᠷᠬᠡ ᠲᠤᠰᠢᠶᠠᠯ ᠤᠨ ᠬᠡᠪᠴᠢᠶᠡᠨ ᠳᠤ ᠪᠠᠭᠲᠠᠬᠤ᠃ 2. ᠭᠤᠶᠤᠴᠢᠯᠠᠭᠴᠢ ᠶᠢᠨ ᠲᠤᠰᠢᠶᠠᠭᠰᠠᠨ ᠭᠤᠶᠤᠴᠢᠯᠠᠯ ᠤᠨ ᠮᠠᠲ᠋ᠧᠷᠢᠶᠠᠯ ᠨᠢ ᠬᠠᠤᠯᠢ ᠳᠤ ᠲᠣᠭᠲᠠᠭᠠᠭᠰᠠᠨ ᠱᠠᠭᠠᠷᠳᠠᠯᠭ᠎ᠠ ᠳᠤ ᠨᠡᠶᠢᠴᠡᠨ᠎ᠡ᠃ 3᠂ ᠭᠤᠶᠤᠴᠢᠯᠠᠭᠴᠢ ᠲᠤᠰ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠶᠣᠰᠣᠭᠠᠷ ᠵᠠᠰᠠᠭ ᠵᠠᠬᠢᠷᠭᠠᠨ ᠤ ᠵᠥᠪᠰᠢᠶᠡᠷᠡᠯ ᠢ ᠭᠦᠢᠴᠡᠳᠬᠡᠬᠦ ᠳᠤ᠂ ᠨᠢᠭᠡ ᠤᠳᠠᠭ᠎ᠠ ᠶᠢᠨ ᠴᠢᠨᠠᠷᠲᠠᠢ ᠮᠡᠳᠡᠭᠳᠡᠬᠦ ᠮᠠᠲ᠋ᠧᠷᠢᠶᠠᠯ ᠨᠢ ᠪᠦᠷᠢᠨ ᠭᠦᠢᠴᠡᠳ ᠪᠤᠶᠤ ᠪᠦᠷᠢᠨ ᠭᠦᠢᠴᠡᠳ ᠨᠥᠬᠦᠪᠥᠷᠢᠯᠡᠭᠦᠯᠬᠦ ᠪᠠᠷ ᠱᠠᠭᠠᠷᠳᠠᠭᠰᠠᠨ ᠢ ᠭᠦᠢᠴᠡᠳ ᠬᠠᠩᠭᠠᠭᠰᠠᠨ᠃ ︵ᠬᠤᠶᠠᠷ︶ ᠥᠯᠥ ᠵᠥᠪᠰᠢᠶᠡᠷᠡᠬᠦ ᠪᠠᠶᠢᠳᠠᠯ᠄ 1. ᠭᠤᠶᠤᠴᠢᠯᠠᠭᠰᠠᠨ ᠵᠦᠢᠯ ᠨᠢ ᠬᠠᠤᠯᠢ ᠶᠣᠰᠣᠭᠠᠷ ᠲᠤᠰ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠡᠷᠬᠡ ᠲᠤᠰᠢᠶᠠᠯ ᠤᠨ ᠬᠡᠪᠴᠢᠶᠡᠨ ᠳᠤ ᠬᠠᠷᠢᠶᠠᠯᠠᠭᠳᠠᠬᠤ ᠦᠭᠡᠶ᠃ 2. ᠭᠤᠶᠤᠴᠢᠯᠠᠭᠴᠢ ᠶᠢᠨ ᠳᠡᠪᠰᠢᠭᠦᠯᠦᠭᠰᠡᠨ ᠭᠤᠶᠤᠴᠢᠯᠠᠯ ᠤᠨ ᠮᠠᠲ᠋ᠧᠷᠢᠶᠠᠯ ᠨᠢ ᠬᠤᠳᠠᠯ ᠬᠠᠭᠤᠷᠮᠠᠭ᠃ ︵ᠭᠤᠷᠪᠠ︶ ᠲᠣᠳᠣᠷᠬᠠᠶᠢᠯᠠᠬᠤ ᠴᠢᠬᠤᠯᠠ ᠲᠠᠢ ᠪᠤᠰᠤᠳ ᠪᠠᠶᠢᠳᠠᠯ᠄ ᠬᠢᠨᠠᠨ ᠵᠥᠪᠰᠢᠶᠡᠷᠡᠬᠦ ᠲᠤᠭ᠎ᠠ ᠬᠡᠮᠵᠢᠶᠡᠨ ᠤ ᠬᠢᠵᠠᠭᠠᠷᠯᠠᠯ ᠥᠭᠡᠢ᠃ ᠲᠣᠭᠲᠠᠭᠠᠭᠰᠠᠨ ᠦᠨᠳᠦᠰᠦᠯᠡᠯ       【 ᠬᠠᠤᠯᠢ ᠴᠠᠭᠠᠵᠠ 】 ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠳᠡᠭᠡᠨ ᠤ ᠠᠮᠤᠷ ᠲᠦᠪᠰᠢᠨ ᠤ ᠬᠠᠤᠯᠢ︾ ᠶᠢᠨ ᠵᠠᠭᠤ ᠠᠷᠪᠠᠨ ᠲᠠᠪᠤᠳᠤᠭᠠᠷ ᠵᠤᠷᠪᠤᠰ ᠤᠨ ᠨᠢᠭᠡᠳᠦᠭᠡᠷ ᠵᠦᠢᠯ ᠳᠤ᠂ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠢᠳᠡᠭᠡᠨ ᠤ ᠵᠦᠢᠯ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ᠂ ᠶᠠᠰᠤ ᠴᠢᠨᠠᠷ ᠤᠨ ᠬᠢᠨᠠᠯᠲᠠ ᠵᠡᠷᠭᠡ ᠰᠠᠯᠠᠭ᠎ᠠ ᠮᠥᠴᠢᠷ ᠲᠤᠰ ᠰᠠᠯᠠᠭ᠎ᠠ ᠮᠥᠴᠢᠷ ᠤᠨ ᠢᠶᠠᠨ ᠡᠯᠧᠺᠲᠷᠣᠨ ᠰᠢᠦᠳᠠᠨ ᠤ ᠬᠠᠶ᠋ᠢᠭ ᠪᠤᠶᠤ ᠳ᠋ᠢᠶᠠᠩᠬᠤᠸᠠ ᠶᠢ ᠨᠡᠶᠢᠲᠡᠯᠡᠵᠦ᠂ ᠯᠠᠪᠯᠠᠯᠭ᠎ᠠ᠂ ᠵᠠᠭᠠᠯᠳᠤᠯᠭ᠎ᠠ᠂ ᠢᠯᠡᠴᠢᠯᠡᠯᠲᠡ ᠶᠢ ᠬᠦᠯᠢᠶᠡᠨ ᠠᠪᠬᠤ ᠬᠡᠷᠡᠭᠲᠡᠶ᠃ ᠯᠠᠪᠯᠠᠯᠭ᠎ᠠ᠂ ᠵᠠᠭᠠᠯᠳᠤᠯᠭ᠎ᠠ᠂ ᠢᠯᠡᠴᠢᠯᠡᠨ ᠮᠡᠳᠡᠭᠦᠯᠦᠯᠲᠡ ᠶᠢ ᠣᠯᠤᠭᠰᠠᠨ ᠤ ᠲᠠᠷᠠᠭ᠎ᠠ᠂ ᠲᠤᠰ ᠰᠠᠯᠠᠭ᠎ᠠ ᠮᠥᠴᠢᠷ ᠤᠨ ᠲᠤᠰᠢᠶᠠᠯ ᠬᠠᠷᠢᠭᠤᠴᠠᠯᠭ᠎ᠠ ᠳᠤ ᠲᠣᠭᠠᠴᠠᠭᠳᠠᠬᠤ ᠶᠢ ᠨᠢ ᠬᠦᠯᠢᠶᠡᠨ ᠠᠪᠴᠤ ᠰᠢᠢᠳᠪᠦᠷᠢᠯᠡᠬᠦ ᠶᠢᠨ ᠬᠠᠮᠲᠤ ᠬᠠᠤᠯᠢ ᠪᠠᠷ ᠲᠣᠭᠲᠠᠭᠠᠭᠰᠠᠨ ᠬᠤᠭᠤᠴᠠᠭᠠᠨ ᠤ ᠳᠣᠲᠣᠷ᠎ᠠ ᠴᠠᠭ ᠲᠤᠬᠠᠶ ᠳᠤᠨᠢ ᠬᠠᠷᠢᠭᠤᠯᠲᠠ ᠥᠭᠴᠦ᠂ ᠬᠢᠨᠠᠨ ᠬᠠᠷᠭᠤᠭᠤᠯᠵᠤ᠂ ᠰᠢᠢᠳᠪᠦᠷᠢᠯᠡᠬᠦ ᠬᠡᠷᠡᠭᠲᠡᠶ᠃ ᠲᠤᠰ ᠰᠠᠯᠠᠭ᠎ᠠ ᠮᠥᠴᠢᠷ ᠤᠨ ᠲᠤᠰᠢᠶᠠᠯ ᠬᠠᠷᠢᠭᠤᠴᠠᠯᠭ᠎ᠠ ᠳᠤ ᠬᠠᠷᠢᠶᠠᠯᠠᠭᠳᠠᠬᠤ ᠦᠭᠡᠢ ᠪᠠᠶᠢᠪᠠᠯ᠂ ᠰᠢᠢᠳᠪᠦᠷᠢᠯᠡᠬᠦ ᠡᠷᠬᠡ ᠲᠠᠢ ᠰᠠᠯᠠᠭ᠎ᠠ ᠮᠥᠴᠢᠷ ᠲᠤ ᠰᠢᠯᠵᠢᠭᠦᠯᠦᠨ ᠲᠤᠰᠢᠶᠠᠬᠤ ᠶᠢᠨ ᠬᠠᠮᠲᠤ ᠵᠥᠪᠯᠡᠯᠭᠡ ᠥᠭᠭᠦᠭᠰᠡᠨ᠂ ᠵᠠᠭᠠᠯᠳᠤᠭᠰᠠᠨ᠂ ᠢᠯᠡᠴᠢᠯᠡᠨ ᠮᠡᠳᠡᠭᠦᠯᠦᠭᠴᠢ ᠳᠤ ᠪᠢᠴᠢᠭ ᠢᠶᠠᠷ ᠮᠡᠳᠡᠭᠳᠡᠬᠦ ᠬᠡᠷᠡᠭᠲᠡᠶ᠃ ᠰᠢᠢᠳᠪᠦᠷᠢᠯᠡᠬᠦ ᠡᠷᠬᠡ ᠲᠠᠢ ᠰᠠᠯᠠᠭ᠎ᠠ ᠮᠥᠴᠢᠷ ᠨᠢ ᠬᠠᠤᠯᠢ ᠳᠤ ᠲᠣᠭᠲᠠᠭᠠᠭᠰᠠᠨ ᠬᠤᠭᠤᠴᠠᠭᠠᠨ ᠤ ᠳᠣᠲᠣᠷ᠎ᠠ ᠴᠠᠭ ᠲᠤᠬᠠᠶ ᠳᠤᠨᠢ ᠰᠢᠢᠳᠪᠦᠷᠢᠯᠡᠬᠦ ᠬᠡᠷᠡᠭᠲᠡᠶ᠂ ᠲᠦᠯᠬᠢᠯᠴᠡᠵᠦ ᠪᠣᠯᠬᠤ ᠤᠢᠭᠡᠢ᠃ ᠦᠨᠡᠨ ᠪᠣᠳᠠᠲᠠᠢ ᠪᠣᠯᠬᠤ ᠶᠢ ᠨᠢ ᠪᠠᠶᠢᠴᠠᠭᠠᠨ ᠲᠤᠳᠤᠯᠠᠭᠰᠠᠨ ᠢᠯᠡᠴᠢᠯᠡᠨ ᠮᠡᠳᠡᠭᠦᠯᠦᠯᠲᠡ ᠪᠠᠶᠢᠪᠠᠯ᠂ ᠢᠯᠡᠴᠢᠯᠡᠨ ᠮᠡᠳᠡᠭᠦᠯᠦᠭᠴᠢ ᠶᠢ ᠱᠠᠩᠨᠠᠨ ᠬᠥᠬᠢᠭᠦᠯᠦᠨ᠎ᠡ᠃【 ᠵᠠᠰᠠᠭ ᠵᠠᠬᠢᠷᠭᠠᠨ ᠤ ᠬᠠᠤᠯᠢ ᠲᠣᠭᠲᠠᠭᠠᠯ】 ︽ᠢᠳᠡᠭᠡᠨ ᠵᠡᠷᠭᠡ ᠦᠢᠯᠡᠳᠬᠦᠨ ᠤ ᠠᠶᠤᠯᠭᠦᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠣᠨᠴᠠᠭᠠᠶ ᠲᠣᠭᠲᠠᠭᠠᠯ︾ ︵ᠲᠥᠷᠥ ᠶᠢᠨ ᠶᠠᠪᠤᠳᠠᠯ ᠤᠨ ᠬᠤᠷᠢᠶᠠᠨ ᠤ ᠵᠠᠷᠯᠢᠭ 503 ᠳ᠋ᠤᠭᠠᠷ ᠲᠣᠭᠠᠲᠤ︶ ᠤᠨ ᠠᠷᠪᠠ ᠶᠢᠰᠦᠳᠦᠭᠡᠷ ᠵᠤᠷᠪᠤᠰ ᠤᠨ ᠨᠢᠭᠡᠳᠦᠭᠡᠷ ᠵᠦᠢᠯ ᠳᠤ᠂ ᠶᠠᠮᠠᠷᠪᠠ ᠵᠣᠬᠢᠶᠠᠨ ᠪᠠᠶᠢᠭᠤᠯᠤᠯᠲᠠ ᠪᠤᠶᠤ ᠬᠤᠪᠢ ᠬᠥᠮᠦᠨ ᠲᠤᠰ ᠲᠣᠭᠲᠠᠭᠠᠯ ᠢ ᠵᠥᠷᠢᠴᠡᠭᠰᠡᠨ ᠠᠵᠢᠯᠯᠠᠭ᠎ᠠ ᠶᠢ ᠢᠯᠡᠴᠢᠯᠡᠨ ᠮᠡᠳᠡᠭᠦᠯᠬᠦ ᠡᠷᠬᠡ ᠲᠠᠢ᠃ ᠢᠯᠡᠴᠢᠯᠡᠨ ᠮᠡᠳᠡᠭᠦᠯᠦᠯᠲᠡ ᠶᠢ ᠣᠯᠤᠭᠰᠠᠨ ᠰᠠᠯᠠᠭ᠎ᠠ ᠮᠥᠴᠢᠷ ᠨᠢ ᠢᠯᠡᠴᠢᠯᠡᠨ ᠮᠡᠳᠡᠭᠦᠯᠦᠭᠴᠢ ᠶᠢᠨ ᠨᠢᠭᠤᠴᠠ ᠶᠢ ᠬᠠᠮᠠᠭᠠᠯᠠᠬᠤ ᠬᠡᠷᠡᠭᠲᠡᠶ᠃ ᠢᠯᠡᠴᠢᠯᠡᠨ ᠮᠡᠳᠡᠭᠦᠯᠦᠯᠲᠡ ᠶᠢ ᠪᠠᠶᠢᠴᠠᠭᠠᠭᠠᠳ ᠦᠨᠡᠨ ᠪᠣᠳᠠᠲᠠᠢ ᠪᠠᠶᠢᠪᠠᠯ᠂ ᠢᠯᠡᠴᠢᠯᠡᠨ ᠮᠡᠳᠡᠭᠦᠯᠦᠯᠲᠡ ᠶᠢ ᠬᠦᠯᠢᠶᠡᠨ ᠠᠪᠴᠤ ᠰᠢᠢᠳᠪᠦᠷᠢᠯᠡᠬᠦ ᠰᠠᠯᠠᠭ᠎ᠠ ᠮᠥᠴᠢᠷ ᠠᠴᠠ ᠢᠯᠡᠴᠢᠯᠡᠨ ᠮᠡᠳᠡᠭᠦᠯᠦᠭᠴᠢ ᠶᠢ ᠱᠠᠩᠨᠠᠨ ᠬᠥᠬᠢᠭᠦᠯᠬᠦ ᠬᠡᠷᠡᠭᠲᠡᠶ᠃【ᠳᠦᠷᠢᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ】 ︽ᠢᠳᠡᠭᠡᠨ ᠤ ᠠᠮᠤᠷ ᠲᠦᠪᠰᠢᠨ ᠤ ᠠᠰᠠᠭᠤᠳᠠᠯ ᠢ ᠢᠯᠡᠴᠢᠯᠡᠨ ᠮᠡᠳᠡᠭᠦᠯᠬᠦ ᠶᠢ ᠱᠠᠩᠨᠠᠬᠤ ᠲᠥᠷᠢᠮ ᠢ ᠪᠠᠶᠢᠭᠤᠯᠬᠤ ᠲᠤᠬᠠᠶ ᠵᠢᠯᠣᠭᠤᠳᠬᠤ ᠰᠠᠨᠠᠯ︾ ︵ᠢᠳᠡᠭᠡᠨ ᠤ ᠠᠮᠤᠷ ᠲᠦᠪᠰᠢᠨ ᠤ ᠠᠯᠪᠠᠨ ﹇2011﹈ 25 ᠳ᠋ᠤᠭᠠᠷ ᠲᠣᠭᠠᠲᠤ︶ ᠣᠷᠣᠨ ᠨᠤᠲᠤᠭ ᠤᠨ ᠡᠯ᠎ᠡ ᠱᠠᠲᠤᠨ ᠤ ᠵᠠᠰᠠᠭ ᠤᠨ ᠣᠷᠳᠣᠨ ᠠᠮᠤᠷ ᠲᠦᠪᠰᠢᠨ ᠤ ᠠᠰᠠᠭᠤᠳᠠᠯ ᠢ ᠢᠯᠡᠴᠢᠯᠡᠨ ᠮᠡᠳᠡᠭᠦᠯᠦᠭᠰᠡᠨ ᠢ ᠱᠠᠩᠨᠠᠬᠤ ᠲᠤᠰᠬᠠᠶ ᠪᠡᠯᠡ ᠮᠥᠩᠭᠦ ᠪᠠᠶᠢᠭᠤᠯᠵᠤ᠂ ᠣᠷᠣᠨ ᠨᠤᠲᠤᠭ ᠤᠨ ᠡᠳ᠋ ᠤᠨ ᠵᠠᠰᠠᠭ ᠠᠴᠠ ᠣᠨ ᠢᠶᠠᠷ ᠨᠢᠭᠡᠴᠢᠯᠡᠨ ᠬᠠᠷᠭᠤᠭᠤᠯᠤᠨ ᠰᠠᠯᠭᠠᠵᠤ᠂ ᠲᠤᠰᠠᠭᠠᠷ ᠲᠠᠩᠰᠠ ᠪᠠᠶᠢᠭᠤᠯᠤᠨ᠂ ᠲᠤᠰᠬᠠᠶ ᠵᠣᠭᠤᠰ ᠢ ᠲᠤᠰᠬᠠᠶ ᠵᠦᠢᠯ ᠳᠤ ᠬᠡᠷᠡᠭᠯᠡᠵᠦ᠂ ᠬᠢᠨᠠᠨ ᠪᠤᠳᠤᠬᠤ᠂ ᠬᠢᠨᠠᠨ ᠪᠠᠶᠢᠴᠠᠭᠠᠬᠤ ᠵᠡᠷᠭᠡ ᠰᠠᠯᠠᠭ᠎ᠠ ᠮᠥᠴᠢᠷ ᠤᠨ ᠬᠢᠨᠠᠯᠲᠠ ᠪᠠᠶᠢᠴᠠᠭᠠᠯᠲᠠ ᠶᠢ ᠬᠦᠯᠢᠶᠡᠨ᠎ᠡ᠃ ᠱᠠᠩᠨᠠᠬᠤ ᠪᠠᠷᠢᠮᠵᠢᠶ᠎ᠠ ᠵᠢᠴᠢ ᠬᠤᠯᠪᠣᠭᠳᠠᠯ ᠪᠥᠬᠦᠶ ᠱᠠᠭᠠᠷᠳᠠᠯᠭ᠎ᠠ ᠶᠢ ᠮᠤᠵᠢ ᠶᠢᠨ ᠱᠠᠲᠤᠨ ᠤ ᠵᠠᠰᠠᠭ ᠤᠨ ᠣᠷᠳᠣᠨ ᠠᠴᠠ ᠨᠢᠭᠡᠳᠦᠯᠲᠡᠶ ᠲᠥᠯᠥᠪᠯᠡᠨ ᠵᠢᠯᠣᠭᠤᠳᠴᠤ ᠵᠢᠷᠤᠮᠵᠢᠭᠤᠯᠤᠨ᠎ᠠ᠃ᠰᠦᠢᠳᠬᠡᠯ ᠬᠤᠷᠢᠶᠠᠬᠤ ᠪᠠᠷᠢᠮᠵᠢᠶ᠎ᠠ ᠪᠣᠯᠤᠨ ᠦᠨᠳᠦᠰᠦᠯᠡᠯ        ᠰᠦᠢᠳᠬᠡᠯ ᠬᠤᠷᠢᠶᠠᠬᠤ ᠪᠠᠷᠢᠮᠵᠢᠶ᠎ᠠ ᠪᠠ ᠦᠨᠳᠦᠰᠦᠯᠡᠯ ᠲᠦᠷ ᠪᠠᠶᠢᠬᠤ ᠦᠭᠡᠶ᠃        ᠭᠦᠢᠴᠡᠳᠬᠡᠬᠦ ᠭᠠᠵᠠᠷ᠄ ᠠᠷᠤ ᠬᠤᠷᠴᠢᠨ ᠬᠤᠰᠢᠭᠤᠨ ᠤ ᠵᠢᠶ ᠲᠦᠩ ᠵᠠᠮ ᠤᠨ ᠵᠡᠭᠦᠨ ᠲᠢᠶᠠᠨ ᠶᠤᠸᠠᠨ ᠶᠡᠭᠡ ᠵᠡᠭᠡᠯᠢ ᠶᠢᠨ ᠵᠠᠮ ᠤᠨ ᠬᠤᠶᠢᠲᠤ ᠲᠠᠯ᠎ᠠ 45 ᠳ᠋ᠤᠭᠠᠷ ᠨᠣᠮᠧᠷ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠬᠤᠶᠠᠳᠤᠭᠠᠷ ᠳᠠᠪᠬᠤᠷᠯᠢᠭ ᠤᠨ 20 — 22 ᠳ᠋ᠤᠭᠠᠷ ᠴᠣᠩᠬᠤ        ᠭᠦᠢᠴᠡᠳᠬᠡᠬᠦ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ ᠦᠳᠡ ᠶᠢᠨ ᠡᠮᠦᠨᠡᠬᠢ 8᠄ 30 — 11᠄ 30᠂ ᠦᠳᠡ ᠶᠢᠨ ᠬᠤᠶᠢᠨᠠᠬᠢ 14᠄ 30 — 17᠄ 30 ︵ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠠᠴᠠ ᠭᠠᠳᠠᠨ᠎ᠠ︶        ᠨᠡᠶᠢᠲᠡ ᠶᠢᠨ ᠮᠠᠰᠢᠨ ᠲᠡᠷᠭᠡᠨ ᠤ ᠵᠠᠮ ᠱᠤᠭᠤᠮ᠄ ᠬᠤᠶᠠᠳᠤᠭᠠᠷ ᠵᠠᠮ ᠪᠤᠶᠤ ᠭᠤᠷᠪᠠᠳᠤᠭᠠᠷ ᠵᠠᠮ ᠤᠨ ᠨᠡᠶᠢᠲᠡ ᠶᠢᠨ ᠮᠠᠰᠢᠨ ᠲᠡᠷᠭᠡᠨ ᠳᠤ ᠰᠠᠭᠤᠵᠤ ᠵᠠᠮ ᠬᠠᠷᠢᠯᠴᠠᠭᠠᠨ ᠤ ᠲᠣᠪᠴᠢᠶ᠎ᠠ ᠶᠢᠨ ᠥᠷᠲᠡᠭᠡ ᠳᠤ ᠪᠠᠭᠤᠨ᠎ᠠ᠃        ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ ᠠᠴᠠ ᠣᠷᠴᠢᠭᠤᠯᠤᠨ ᠨᠡᠶᠢᠲᠡᠯᠡᠪᠡ᠃        ᠨᠠᠷᠢᠨ ᠠᠭᠤᠯᠭ᠎ᠠ ᠶᠢ ᠨᠢ ᠳᠤᠤᠷᠠᠬᠢ ᠰᠦᠯᠵᠢᠶᠡᠨ ᠤ ᠬᠠᠶ᠋ᠢᠭ ᠢᠶᠠᠷ ᠦᠵᠡᠭᠡᠷᠡᠢ᠄
 
ᠢᠷᠡᠯᠲᠡ᠄ ᠠᠷᠣ ᠬᠤᠷᠴᠢᠨ ᠬᠤᠰᠢᠭᠤᠨ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号