ᠬᠥᠷᠥᠰᠥ ᠰᠢᠷᠣᠶ ᠶᠢ ᠬᠠᠮᠠᠭᠠᠯᠠᠬᠤ ᠠᠵᠢᠯ ᠤᠨ ᠲᠡᠷᠢᠭᠦᠨ ᠤ ᠪᠠᠶᠢᠭᠤᠯᠭ᠎ᠠ ᠨᠢᠭᠡᠴᠡ ᠪᠣᠯᠤᠨ ᠲᠡᠷᠢᠭᠦᠨ ᠤ ᠬᠤᠪᠢ ᠬᠥᠮᠦᠨ ᠢ ᠱᠠᠩᠨᠠᠬᠤ
ᠨᠡᠶᠢᠲᠡᠯᠡᠭᠰᠡᠨ ᠴᠠᠭ᠄
2021/10/19
ᠬᠦᠯᠢᠶᠡᠨ ᠰᠢᠢᠳᠪᠦᠷᠢᠯᠡᠬᠦ ᠨᠥᠬᠦᠴᠡᠯ        ᠬᠥᠷᠥᠰᠥ ᠰᠢᠷᠣᠶ ᠶᠢ ᠬᠠᠮᠠᠭᠠᠯᠠᠬᠤ ᠠᠵᠢᠯ ᠤᠨ ᠳᠤᠮᠳᠠ ᠢᠯᠡᠳᠲᠡ ᠦᠷ᠎ᠡ ᠪᠦᠲᠦᠮᠵᠢ ᠭᠠᠷᠭᠠᠭᠰᠠᠨ ᠪᠠᠶᠢᠭᠤᠯᠭ᠎ᠠ ᠨᠢᠭᠡᠴᠡ ᠪᠠ ᠬᠤᠪᠢ ᠬᠥᠮᠦᠨ᠃ ᠲᠣᠭᠲᠠᠭᠠᠭᠰᠠᠨ ᠦᠨᠳᠦᠰᠦᠯᠡᠯ       【 ᠬᠠᠤᠯᠢ ᠴᠠᠭᠠᠵᠠ 】 ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠥᠷᠥᠰᠥ ᠰᠢᠷᠣᠶ ᠶᠢ ᠬᠠᠮᠠᠭᠠᠯᠠᠬᠤ ᠬᠠᠤᠯᠢ︾ ᠶᠢᠨ ᠶᠢᠰᠦᠳᠦᠭᠡᠷ ᠵᠤᠷᠪᠤᠰ ᠲᠤ᠂ ᠤᠯᠤᠰ ᠠᠴᠠ ᠨᠡᠶᠢᠭᠡᠮ ᠤᠨ ᠬᠦᠴᠦᠨ ᠤ ᠬᠥᠷᠥᠰᠥ ᠰᠢᠷᠣᠶ ᠶᠢ ᠬᠠᠮᠠᠭᠠᠯᠠᠬᠤ ᠠᠵᠢᠯ ᠳᠤ ᠣᠷᠣᠯᠴᠠᠬᠤ ᠶᠢ ᠵᠣᠷᠢᠭᠵᠢᠭᠤᠯᠤᠨ ᠲᠡᠮᠵᠢᠨ᠎ᠡ᠃ ᠬᠥᠷᠥᠰᠥ ᠰᠢᠷᠣᠶ ᠶᠢ ᠬᠠᠮᠠᠭᠠᠯᠠᠬᠤ ᠠᠵᠢᠯ ᠤᠨ ᠳᠤᠮᠳᠠ ᠢᠯᠡᠳᠲᠡ ᠦᠷ᠎ᠡ ᠪᠦᠲᠦᠮᠵᠢ ᠭᠠᠷᠭᠠᠭᠰᠠᠨ ᠪᠠᠶᠢᠭᠤᠯᠭ᠎ᠠ ᠨᠢᠭᠡᠴᠡ ᠪᠠ ᠬᠤᠪᠢ ᠬᠥᠮᠦᠨ ᠢ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠠᠴᠠ ᠰᠠᠶᠢᠰᠢᠶᠠᠨ ᠬᠥᠬᠢᠭᠦᠯᠦᠨ᠎ᠡ ᠰᠦᠢᠳᠬᠡᠯ ᠬᠤᠷᠢᠶᠠᠬᠤ ᠪᠠᠷᠢᠮᠵᠢᠶ᠎ᠠ ᠪᠣᠯᠤᠨ ᠦᠨᠳᠦᠰᠦᠯᠡᠯ        ᠰᠦᠢᠳᠬᠡᠯ ᠬᠤᠷᠢᠶᠠᠬᠤ ᠪᠠᠷᠢᠮᠵᠢᠶ᠎ᠠ ᠪᠠ ᠦᠨᠳᠦᠰᠦᠯᠡᠯ ᠪᠠᠶᠢᠬᠤ ᠦᠭᠡᠢ᠃        ᠭᠦᠢᠴᠡᠳᠬᠡᠬᠦ ᠭᠠᠵᠠᠷ᠄ ᠠᠷᠤ ᠬᠤᠷᠴᠢᠨ ᠬᠤᠰᠢᠭᠤᠨ ᠤ ᠴᠢᠪᠠᠭ᠎ᠠ ᠪᠠᠯᠭᠠᠰᠤᠨ ᠤ ᠵᠢᠶ ᠲᠦᠩ ᠵᠠᠮ ᠤᠨ ᠵᠡᠭᠦᠨ ᠲᠢᠶᠠᠨ ᠶᠤᠸᠠᠨ ᠶᠡᠭᠡ ᠵᠡᠭᠡᠯᠢ ᠶᠢᠨ ᠵᠠᠮ ᠤᠨ ᠬᠤᠶᠢᠲᠤ ᠲᠠᠯ᠎ᠠ 45 ᠳ᠋ᠤᠭᠠᠷ ᠨᠣᠮᠧᠷ᠂ ᠠᠷᠤ ᠬᠤᠷᠴᠢᠨ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠬᠤᠶᠠᠳᠤᠭᠠᠷ ᠳᠠᠪᠬᠤᠷᠯᠢᠭ ᠤᠨ 47 — 50 ᠳ᠋ᠤᠭᠠᠷ ᠴᠣᠩᠬᠤ        ᠭᠦᠢᠴᠡᠳᠬᠡᠬᠦ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ ᠦᠳᠡ ᠶᠢᠨ ᠡᠮᠦᠨᠡᠬᠢ 8᠄ 30 — 11᠄ 30᠂ ᠦᠳᠡ ᠶᠢᠨ ᠬᠤᠶᠢᠨᠠᠬᠢ 14᠄ 30 — 17᠄ 30 ︵ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠠᠴᠠ ᠭᠠᠳᠠᠨ᠎ᠠ︶        ᠨᠡᠶᠢᠲᠡ ᠶᠢᠨ ᠮᠠᠰᠢᠨ ᠲᠡᠷᠭᠡᠨ ᠤ ᠵᠠᠮ ᠱᠤᠭᠤᠮ᠄ 1 ᠳ᠋ᠦ᠋ᠭᠡᠷ ᠵᠠᠮ ᠤᠨ ᠨᠡᠶᠢᠲᠡ ᠶᠢᠨ ᠮᠠᠰᠢᠨ ᠲᠡᠷᠭᠡᠨ ᠳᠤ ᠰᠠᠭᠤᠵᠤ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠥᠷᠲᠡᠭᠡ ᠳᠤ ᠪᠠᠭᠤᠨ᠎ᠠ︔ 2᠂ 3 ᠳ᠋ᠤᠭᠠᠷ ᠵᠠᠮ ᠤᠨ ᠨᠡᠶᠢᠲᠡ ᠶᠢᠨ ᠮᠠᠰᠢᠨ  ᠲᠡᠷᠭᠡᠨ ᠳᠤ ᠰᠠᠭᠤᠵᠤ ᠵᠠᠮ ᠬᠠᠷᠢᠯᠴᠠᠭᠠᠨ ᠤ ᠲᠣᠪᠴᠢᠶᠠᠨ ᠤ ᠥᠷᠲᠡᠭᠡᠨ ᠳᠤ ᠪᠠᠭᠤᠨ᠎ᠠ᠃        ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ ᠠᠴᠠ ᠣᠷᠴᠢᠭᠤᠯᠤᠨ ᠨᠡᠶᠢᠲᠡᠯᠡᠪᠡ᠃        ᠨᠠᠷᠢᠨ ᠠᠭᠤᠯᠭ᠎ᠠ ᠶᠢ ᠨᠢ ᠳᠤᠤᠷᠠᠬᠢ ᠰᠦᠯᠵᠢᠶᠡᠨ ᠤ ᠬᠠᠶ᠋ᠢᠭ ᠢᠶᠠᠷ ᠦᠵᠡᠭᠡᠷᠡᠢ᠄
 
ᠢᠷᠡᠯᠲᠡ᠄ ᠠᠷᠣ ᠬᠤᠷᠴᠢᠨ ᠬᠤᠰᠢᠭᠤᠨ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号